ᠸᠠᠩ ᠸᠧᠢ ᠵᠦᠩ ᠪᠦᠦ ᠭᠠᠩ ᠪᠡᠭᠡᠵᠢᠩ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ ᠵᠢᠨ ᠱᠦᠵᠢ ᠾᠧ ᠭᠤᠸᠠᠩ ᠼᠠᠢ ᠲᠠᠢ ᠠᠭᠤᠯᠵᠠᠪᠠ
2026-07-26 11:18:46
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠪᠡᠭᠡᠵᠢᠩ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ ᠵᠢᠨ ᠱᠦᠵᠢ ᠾᠧ ᠭᠤᠸᠠᠩ ᠼᠠᠢ᠎ᠲᠠᠢ ᠠᠭᠤᠯᠵᠠᠪᠠ᠃


QQ20260726-112004.png


7 ᠰᠠᠷ᠎ᠠ᠎ᠶᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠪᠡᠭᠡᠵᠢᠩ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ ᠵᠢᠨ ᠱᠦᠵᠢ ᠾᠧ ᠭᠤᠸᠠᠩ ᠼᠠᠢ᠎ᠲᠠᠢ ᠠᠭᠤᠯᠵᠠᠪᠠ

ᠲᠤᠰ ᠰᠤᠨᠢᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ 


ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ ᠡᠴᠡ ᠾᠧ ᠭᠤᠸᠠᠩ ᠼᠠᠢ ᠨᠠᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠪᠡᠭᠡᠵᠢᠩ ᠶᠡᠬᠡ ᠰᠤᠷᠭᠠᠭᠤᠯᠢ᠎ᠶᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠣᠷᠣᠨ ᠳᠠᠶᠠᠭᠠᠷ ᠵᠢᠡᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠣᠯᠤᠨ ᠨᠠᠮ᠎ᠤᠨ ᠪᠠᠶ᠋ᠢᠭᠤᠯᠤᠯᠲᠠ᠎ᠶᠢᠨ ᠡᠯ᠎ᠡ ᠵᠦᠢᠯ ᠤ᠋ᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠤᠭᠴᠠᠵᠢᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠵᠦ᠍ ᠪᠠᠶ᠋ᠢᠨ᠎ᠠ᠃ ᠥᠪᠥᠷ ᠮᠣᠩᠭᠣᠯ ᠪᠣᠯᠤᠨ ᠪᠡᠭᠡᠵᠢᠩ ᠶᠡᠬᠡ ᠰᠤᠷᠭᠠᠭᠤᠯᠢ ᠬᠤᠪᠢ ᠪᠠᠷᠢᠯᠳᠤᠯᠭ᠎ᠠ ᠭᠦᠨ ᠵᠤᠵᠠᠭᠠᠨ᠂ ᠬᠠᠷᠢᠯᠴᠠᠭ᠎ᠠ ᠶᠠᠪᠤᠯᠴᠠᠭ᠎ᠠ ᠨᠢᠭᠲᠠ᠂ ᠬᠠᠮᠲᠤᠷᠠᠯᠴᠠᠭ᠎ᠠ᠎ᠥᠷᠭᠡᠨ ᠳᠡᠯᠭᠡᠷ ᠪᠠᠶ᠋ᠢᠵᠤ᠂ ᠤᠢ᠌ᠷ᠎ᠠ᠎ᠶᠢᠨ ᠵᠢᠯ᠎ᠡᠴᠡ ᠬᠣᠶᠠᠷ ᠲᠠᠯ᠎ᠠ᠎ᠪᠠᠷ᠎ᠢᠶᠠᠨ ᠤᠯᠤᠯᠴᠠᠭ᠎ᠠ ᠵᠣᠯᠭᠠᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠡᠯ᠎ᠡ ᠬᠦᠷᠢᠶᠡᠨ᠎ᠦ ᠬᠠᠮᠲᠤᠷᠠᠯᠴᠠᠭ᠎ᠠ ᠎ᠳᠤ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠪᠡᠭᠡᠵᠢᠩ ᠶᠡᠬᠡ ᠰᠤᠷᠭᠠᠭᠤᠯᠢ᠎ᠶᠢᠨ᠎ᠬᠢᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠂ ᠰᠢᠨᠵᠢᠯᠡᠭᠡᠨ᠎ᠦ ᠰᠠᠯᠠᠭ᠎ᠠ᠎ᠶᠢᠨ ᠪᠠᠶ᠋ᠢᠭᠤᠯᠤᠯᠲᠠ᠂ ᠪᠠᠭᠰᠢ᠎ᠶᠢᠨ ᠬᠥᠮᠦᠵᠢᠯ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ᠎ᠳᠦ ᠮᠠᠨ᠎ᠤ ᠣᠷᠣᠨ᠎ᠯᠤᠭ᠎ᠠ᠎ᠶᠢᠨ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠥᠪᠥᠷ ᠮᠣᠩᠭᠣᠯ᠎ᠤ᠋ᠨ ᠴᠢᠨᠠᠷ ᠰᠠᠶ᠋ᠢᠲᠠᠶ ᠬᠥᠭᠵᠢᠯᠲᠡ ᠳ᠋ᠤ ᠨᠡᠩ ᠰᠠᠢᠨ ᠬᠦᠴᠦᠨ ᠤᠯᠭᠤᠬᠤ ᠵᠢ ᠬᠦᠰᠡᠵᠦ᠍ ᠪᠠᠶ᠋ᠢᠨ᠎ᠠ᠃ ᠪᠡᠭᠡᠵᠢᠩ ᠶᠡᠬᠡ ᠰᠤᠷᠭᠠᠭᠤᠯᠢ᠎ᠶᠢᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠷᠦᠩᠬᠡᠶ᠋ᠢᠯᠡᠭᠰᠡᠨ ᠪᠣᠳᠠᠲᠤ᠌ ᠬᠦᠴᠦᠨ ᠴᠢᠩᠭ᠎ᠠ᠂ ᠥᠪᠥᠷ ᠮᠣᠩᠭᠣᠯ᠎ᠤᠨ ᠬᠡᠷᠡᠭᠯᠡᠭᠡᠨ᠎ᠦ ᠠᠬᠤᠢ ᠪᠠᠶ᠋ᠢᠳᠠᠯ ᠪᠠᠶᠠᠯᠢᠭ᠂ ᠬᠣᠶᠠᠷ ᠲᠠᠯ᠎ᠠ᠎ᠪᠠᠷ᠎ᠢᠶᠠᠨ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠶ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢ ᠠᠬᠤᠶ ᠣᠷᠴᠢᠨ ᠲᠣᠭᠣᠷᠢᠨ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠮᠡᠷᠭᠡᠵᠢᠯ᠎ᠦᠨ ᠲᠠᠯ᠎ᠠ᠎ᠪᠠᠷ ᠬᠠᠮᠲᠤᠷᠠᠨ ᠪᠣᠭᠣᠮᠲᠠ ᠰᠢᠪᠲᠤᠯᠬᠤ ᠠᠵᠢᠯ ᠥᠷᠨᠢᠭᠦᠯᠵᠦ᠍᠂ ᠰᠢᠨ᠎ᠡ᠎ᠶᠢ ᠡᠭᠦᠳᠬᠦ᠌ ᠬᠠᠮᠲᠤᠷᠠᠯᠴᠠᠭᠠᠨ᠎ᠤ ᠲᠠᠪᠴᠠᠩ᠎ᠢ ᠪᠠᠶ᠋ᠢᠭᠤᠯᠵᠤ᠂ ᠨᠠᠩ ᠣᠯᠠᠨ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠪᠣᠳᠠᠲᠠᠶ᠋ᠢᠵᠢᠭᠤᠯᠤᠨ ᠤᠨᠳᠤᠤᠰᠢᠭᠤᠯᠬᠤ᠎ᠶᠢ ᠠᠬᠢᠭᠤᠯᠬᠤ᠎ᠶᠢ ᠬᠦᠰᠡᠵᠦ᠍ ᠪᠠᠶ᠋ᠢᠨ᠎ᠠ᠃ ᠪᠢᠳᠡ ᠦᠢᠯᠡᠴᠢᠯᠡᠭᠡᠨ᠎ᠦ ᠪᠠᠲᠤᠯᠠᠭ᠎ᠠ᠎ᠶᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠬᠢᠵᠦ᠍᠂ ᠪᠡᠭᠡᠵᠢᠩ ᠶᠡᠬᠡ ᠰᠤᠷᠭᠠᠭᠤᠯᠢ᠎ᠶᠢᠨ ᠪᠠᠭᠰᠢ ᠰᠤᠷᠤᠭᠴᠢᠳ᠎ᠢ ᠪᠠᠭᠲᠠᠭᠠᠭᠰᠠᠨ ᠡᠯ᠎ᠡ ᠲᠥᠷᠥᠯ᠎ᠦᠨ ᠴᠢᠳᠠᠪᠤᠷᠢᠲᠠᠨ᠎ᠤ ᠥᠪᠥᠷ ᠮᠣᠩᠭᠣᠯ᠎ᠳᠤ ᠢᠷᠡᠵᠦ᠍ ᠰᠢᠨ᠎ᠡ᠎ᠶᠢ ᠡᠭᠦᠳᠦᠨ ᠦᠢᠯᠡᠰ ᠪᠤᠰᠬᠠᠬᠤ᠎ᠳᠤ ᠲᠡᠷᠢᠭᠦᠨ ᠵᠡᠷᠭᠡ ᠵᠢᠨ ᠣᠷᠴᠢᠨ ᠨᠥᠬᠥᠴᠡᠯ᠎ᠢ ᠪᠣᠶ ᠪᠣᠯᠭᠠᠵᠤ ᠦᠭᠭᠦᠨ᠎ᠠ ᠭᠡᠪᠡ᠃

ᠾᠧ ᠭᠤᠸᠠᠩ ᠼᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠪᠡᠭᠡᠵᠢᠩ ᠶᠡᠬᠡ ᠰᠤᠷᠭᠠᠭᠤᠯᠢ᠎ᠶᠢ ᠬᠠᠯᠠᠮᠵᠢᠯᠠᠨ ᠳᠡᠮᠵᠢᠭᠰᠡᠨ᠎ᠳᠦ ᠲᠠᠯᠠᠷᠬᠠᠬᠤ᠎ᠶᠢᠨ ᠬᠠᠮᠲᠤ᠌ ᠰᠤᠷᠭᠠᠭᠤᠯᠢ᠎ᠶᠢᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠣᠷᠣᠨ ᠪᠠᠶ᠋ᠢᠷᠢ᠎ᠶᠢᠨ ᠳᠠᠪᠠᠭᠤᠯᠢᠭ ᠥᠪᠡᠷᠮᠢᠴᠡ᠂ ᠡᠬᠢ ᠪᠠᠶᠠᠯᠢᠭ᠎ᠤᠨ ᠳᠠᠪᠠᠭᠤᠯᠢᠭ ᠲᠣᠪᠣᠶ᠋ᠢᠮ᠎ᠠ᠂ ᠠᠵᠤ ᠦᠢᠯᠡᠰ᠎ᠦᠨ ᠰᠠᠭᠤᠷᠢ ᠪᠠᠲᠤ᠌᠂ ᠠᠮᠢ ᠠᠬᠤᠶ᠎ᠶᠢᠨ ᠪᠠᠶ᠋ᠢᠷᠢ ᠰᠠᠭᠤᠷᠢ ᠴᠢᠬᠤᠯᠠ ᠪᠠᠶ᠋ᠢᠵᠤ᠂ ᠣᠶ᠋ᠢᠷ᠎ᠠ᠎ᠶᠢᠨ ᠵᠢᠯ᠎ᠡᠴᠡ ᠨᠠᠭᠠᠰᠢ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠬᠠᠨᠳᠤᠰᠢ ᠤᠯᠠᠮ᠎ᠡᠴᠡ ᠤᠯᠠᠮ ᠰᠠᠶ᠋ᠢᠵᠢᠷᠠᠵᠤ ᠪᠠᠶ᠋ᠢᠨ᠎ᠠ᠃ ᠪᠡᠭᠡᠵᠢᠩ ᠶᠡᠬᠡ ᠰᠤᠷᠭᠠᠭᠤᠯᠢ ᠥᠪᠥᠷ ᠮᠣᠩᠭᠣᠯ᠎ᠯᠤᠭ᠎ᠠ᠎ᠶᠢᠨ ᠬᠠᠮᠲᠤᠷᠠᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠣᠲᠣ᠎ᠶᠢᠨ ᠪᠠᠶ᠋ᠢᠭ᠎ᠠ ᠬᠠᠮᠲᠤᠷᠠᠯᠴᠠᠭᠠᠨ᠎ᠤ ᠰᠠᠭᠤᠷᠢᠨ ᠳᠡᠭᠡᠷ᠎ᠡ᠂ ᠴᠢᠳᠠᠪᠤᠷᠢᠲᠠᠨ᠂ ᠰᠢᠨᠵᠢᠯᠡᠬᠦ᠌ ᠤᠬᠠᠭᠠᠨ᠎ᠤ ᠰᠤᠳᠤᠯᠭᠠᠨ ᠵᠡᠷᠭᠡ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠡᠭᠡᠵᠢᠩ ᠶᠡᠬᠡ ᠰᠤᠷᠭᠠᠭᠤᠯᠢ᠎ᠶᠢᠨ ᠴᠢᠳᠠᠪᠤᠷᠢ ᠪᠠᠨ ᠪᠠᠳᠠᠷᠠᠭᠤᠯᠵᠤ᠂ ᠰᠤᠷᠭᠠᠨ ᠬᠥᠮᠦᠵᠢᠯ᠎ᠢ ᠭᠦᠨᠵᠡᠭᠡᠢᠷᠡᠭᠦᠯᠬᠦ᠂ ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠬᠤ᠂ ᠠᠮᠢ ᠠᠬᠤᠶ᠎ᠶᠢᠨ ᠵᠠᠰᠠᠯᠲᠠ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ᠎ᠳᠡᠬᠢ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠨᠠᠩ ᠣᠯᠠᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠳᠤ ᠪᠣᠳᠠᠲᠠᠶ᠋ᠢᠵᠢᠭᠤᠯᠤᠨ ᠤᠨᠳᠤᠤᠰᠢᠭᠤᠯᠬᠤ᠎ᠶᠢ ᠠᠬᠢᠭᠤᠯᠵᠤ᠂ ᠨᠠᠩ ᠣᠯᠠᠨ ᠰᠢᠯᠢᠳᠡᠭ ᠰᠤᠷᠤᠭᠴᠢᠳ ᠥᠪᠡᠷᠲᠡᠭᠡᠨ ᠵᠠᠰᠠᠬᠤ ᠣᠷᠣᠨ᠎ᠳᠤ ᠢᠷᠡᠵᠤ ᠰᠢᠨ᠎ᠡ᠎ᠶᠢ ᠡᠭᠦᠳᠦᠨ ᠦᠢᠯᠡᠰ ᠪᠤᠰᠬᠠᠬᠤ᠎ᠶᠢ ᠵᠣᠷᠢᠭᠵᠢᠭᠤᠯᠵᠤ᠂ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂  《ᠨᠢᠭᠡ ᠪᠡᠬᠢᠯᠡᠯᠲᠡ》 ᠵᠢ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠰᠦᠨ ᠵᠢᠶᠦ᠋ᠨ ᠴᠢᠩ᠂ ᠪᠡᠭᠡᠵᠢᠩ ᠶᠡᠬᠡ ᠰᠤᠷᠭᠠᠭᠤᠯᠢ᠎ᠶᠢᠨ ᠪᠠᠶ᠋ᠢᠩᠭᠤ᠎ᠶᠢᠨ ᠳᠡᠳ᠋ ᠵᠠᠬᠢᠷᠤᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠵᠠᠩ ᠵᠢᠨ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠪᠡᠭᠡᠵᠢᠩ ᠶᠡᠬᠡ ᠰᠤᠷᠭᠠᠭᠤᠯᠢ᠎ᠶᠢᠨ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠵᠢᠨ ᡁᠢ ᠵᠢᠶᠦ᠋ᠨ ᠣᠷᠣᠯᠴᠠᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号