ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠵᠢᠣᠳᠣᠣ᠂ ᠲᠠᠢᠺᠢᠨᠳᠤᠤ᠂ ᠪᠤᠺᠰ᠎ᠤᠨ ᠲᠡᠮᠡᠴᠡᠭᠡᠨ᠎ᠦ ᠲᠥᠷᠥᠯ ᠵᠦᠢᠯ᠎ᠦᠨ ᠤᠷᠤᠯᠳᠤᠭᠠᠨ᠎ᠤ ᠬᠤᠭᠤᠴᠠᠭᠠᠨ᠎ᠳᠤ ᠤᠷᠤᠯᠳᠤᠭᠠᠨ᠎ᠤ ᠠᠷᠢᠭᠤᠨ ᠴᠡᠪᠡᠷ᠎ᠦᠨ ᠬᠤᠷᠢᠭ᠎ᠠ ᠱᠤᠭᠤᠮ᠎ᠢ ᠪᠠᠲᠤ ᠰᠠᠬᠢᠬᠤ᠎ᠶᠢᠨ ᠲᠥᠯᠥᠭᠡ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠡᠷᠦᠭᠦᠯᠬᠦ ᠡᠮ᠎ᠢ ᠡᠰᠡᠷᠭᠦᠴᠡᠬᠦ ᠲᠥᠪ᠎ᠦᠨ ᠬᠢᠨ ᠪᠤᠭᠤᠲᠤ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠬᠣᠣᠷ ᠴᠠᠭᠠᠵᠠᠯᠠᠬᠤ ᠰᠠᠯᠪᠤᠷᠢ ᠠᠩᠭᠢ᠎ᠲᠠᠢ ᠬᠠᠮᠲᠤᠷᠠᠨ᠂ ᠤᠷᠤᠯᠳᠤᠭᠠᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ 《ᠬᠥᠭᠡᠷᠦᠭᠦᠯᠬᠦ ᠡᠮ᠎ᠢ ᠡᠰᠡᠷᠬᠦᠴᠡᠬᠦ᠂ ᠬᠣᠣᠷᠲᠤ ᠡᠳ᠋᠎ᠢ ᠴᠠᠭᠠᠵᠠᠯᠠᠬᠤ᠂ ᠡᠮ ᠲᠡᠨᠭᠢ ᠳᠤᠷ᠎ᠠ᠎ᠪᠠᠷ ᠦᠯᠦ ᠬᠡᠷᠡᠭᠯᠡᠬᠦ》 ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ ᠬᠥᠭᠡᠷᠦᠭᠦᠯᠬᠦ ᠡᠮ᠎ᠢ ᠡᠰᠡᠷᠭᠦᠴᠡᠬᠦ ᠤᠬᠠᠭᠤᠯᠭ᠎ᠠ᠎ᠶᠢᠨ ᠰᠠᠮᠪᠠᠷ᠎ᠠ ᠭᠠᠷᠭᠠᠵᠤ᠂ ᠬᠣᠣᠷᠲᠤ ᠡᠳ᠋᠎ᠦᠨ ᠵᠠᠭᠪᠤᠷ ᠪᠣᠯᠣᠨ ᠪᠠᠢᠩᠭᠤ ᠲᠣᠬᠢᠶᠠᠯᠳᠤᠳᠠᠭ ᠬᠠᠤᠯᠢ ᠴᠠᠭᠠᠵᠠ᠎ᠠᠴᠠ ᠵᠥᠷᠢᠴᠡᠭᠰᠡᠨ ᠡᠮ᠎ᠦᠨ ᠵᠠᠭᠪᠤᠷ᠎ᠢ ᠳᠡᠯᠭᠡᠨ ᠦᠵᠡᠭᠦᠯᠵᠦ᠂ ᠲᠠᠮᠢᠷᠴᠢᠨ᠂ ᠳᠠᠰᠬᠠᠯᠵᠢᠭᠤᠯᠤᠭ᠍ᠴᠢ᠎ᠳᠦ ᠤᠬᠠᠭᠤᠯᠭ᠎ᠠ ᠬᠥᠮᠦᠵᠢᠯᠬᠦᠷᠳᠡᠭᠡᠪᠡ᠃
ᠤᠬᠠᠭᠤᠯᠤᠨ ᠲᠠᠢᠯᠪᠤᠷᠢᠯᠠᠯᠳᠠ ᠨᠢ ᠳᠤᠮᠳᠠᠳᠤ᠎ᠶᠢᠨ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠲᠠᠢ ᠨᠢᠭ᠍ᠲᠠ ᠤᠶᠠᠯᠳᠤᠭᠤᠯᠤᠨ᠂ ᠬᠣᠣᠷᠲᠤ ᠡᠳ᠋ ᠪᠣᠯᠣᠨ ᠬᠥᠭᠡᠷᠦᠭᠦᠯᠬᠦ ᠡᠮ᠎ᠦᠨ ᠲᠥᠷᠥᠯ ᠵᠦᠢᠯ ᠵᠢᠴᠢ ᠬᠣᠣᠷ ᠬᠥᠨᠥᠭᠡᠯ᠎ᠢ ᠰᠢᠰᠲᠧᠮ᠎ᠲᠠᠢ ᠲᠠᠢᠯᠪᠤᠷᠢᠯᠠᠵᠤ᠂ ᠮᠢᠨᠴᠦᠭᠦᠷᠡᠭᠦᠯᠬᠦ ᠪᠠ ᠮᠡᠳᠡᠷᠡᠯ᠎ᠦᠨ ᠲᠥᠷᠥᠯ᠎ᠦᠨ ᠡᠮ ᠲᠡᠨᠭᠢ ᠳᠤᠷ᠎ᠠ᠎ᠪᠠᠷ᠎ᠢᠶᠠᠨ ᠬᠡᠷᠡᠭᠯᠡᠭᠰᠡᠨ ᠵᠢᠴᠢ ᠬᠥᠭᠡᠷᠦᠭᠦᠯᠬᠦ ᠡᠮ᠎ᠦᠨ ᠲᠤᠬᠠᠢ ᠲᠣᠭᠲᠠᠭᠠᠯ᠎ᠢ ᠵᠥᠷᠢᠴᠡᠭᠰᠡᠨᠭᠡᠷᠡᠭᠤᠨ ᠲᠦᠭᠰᠢᠭᠦᠷᠢ᠎ᠶᠢ ᠭᠦᠨᠵᠡᠭᠡᠢ ᠵᠠᠳᠠᠯᠤᠭᠰᠠᠨ᠎ᠤ ᠬᠠᠮᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠭᠣᠣᠯᠳᠠᠯᠭ᠎ᠠ᠎ᠲᠠᠢ ᠲᠠᠢᠯᠪᠤᠷᠢᠯᠠᠪᠠ᠃ ᠲᠤᠬᠠᠢ᠎ᠶᠢᠨ ᠲᠠᠯᠠᠪᠤᠷ᠎ᠲᠤ ᠪᠠᠰᠠ ᠱᠠᠩᠨᠠᠯ᠎ᠳᠤ ᠠᠰᠠᠭᠤᠯᠲᠠ ᠬᠠᠷᠢᠭᠤᠯᠲᠠ ᠮᠡᠳᠦ ᠵᠢᠨ ᠬᠠᠷᠢᠯᠴᠠᠨ ᠦᠢᠯᠡᠳᠦᠯᠴᠡᠬᠦ ᠭᠣᠭᠴᠣᠭ᠎ᠠ ᠭᠠᠷᠭᠠᠵᠤ᠂ ᠬᠣᠣᠷ ᠴᠠᠭᠠᠵᠠᠯᠠᠬᠤ ᠪᠠ ᠬᠥᠭᠡᠷᠦᠭᠦᠯᠬᠦ ᠡᠮ ᠲᠡᠨᠭ ᠢ ᠡᠰᠡᠷᠭᠦᠴᠡᠬᠦ ᠮᠡᠳᠡᠯᠭᠡ᠎ᠵᠢ ᠴᠢᠨᠠᠭᠰᠢᠳᠠ ᠤᠬᠠᠭᠤᠯᠵᠠᠢ᠃
ᠲᠣᠰ ᠤᠳᠠᠭᠠᠨ᠎ᠤ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ ᠨᠢ ᠬᠥᠭᠡᠷᠦᠭᠦᠯᠬᠦ ᠡᠮ᠎ᠢ ᠡᠰᠡᠷᠭᠦᠴᠡᠬᠦ ᠰᠤᠷᠭᠠᠨ ᠬᠥᠮᠦᠵᠢᠯ ᠬᠢᠭᠡᠳ ᠬᠣᠣᠷ ᠴᠠᠭᠠᠵᠠᠯᠠᠬᠤ ᠤᠬᠠᠭᠤᠯᠭ᠎ᠠ᠎ᠶᠢ ᠦᠨᠡᠨ ᠬᠦ᠌ ᠭᠦᠨᠵᠡᠭᠡᠢ ᠠᠭᠤᠰᠤᠯᠴᠠᠭᠤᠯᠵᠤ᠂ ᠥᠷᠭᠡᠨ ᠣᠯᠠᠨ ᠪᠡᠶ᠎ᠡ᠎ᠶᠢᠨ ᠲᠠᠮᠢᠷ᠎ᠤᠨ ᠠᠵᠢᠯᠲᠠᠨ ᠵᠢᠴᠢ ᠤᠷᠤᠯᠳᠤᠭᠠᠨ᠎ᠳᠤ ᠣᠷᠣᠯᠴᠠᠭᠰᠠᠳ᠎ᠤᠨ ᠬᠥᠭᠡᠷᠦᠭᠦᠯᠬᠦ ᠡᠮ᠎ᠢ ᠲᠡᠪᠴᠢᠬᠦ᠂ ᠡᠷᠡᠰ ᠪᠠᠲᠤ ᠢᠲᠡᠭᠡᠯ ᠵᠣᠷᠢᠭ᠋᠎ᠢᠶᠠᠷ ᠬᠣᠣᠷᠲᠤ ᠡᠳ᠋᠎ᠢ ᠡᠰᠡᠷᠭᠦᠴᠡᠬᠦ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠵᠤ᠂ 《ᠠᠷᠢᠭᠤᠨ ᠴᠡᠪᠡᠷ ᠠᠯᠲᠠᠨ ᠮᠧᠳᠠᠯ ᠣᠯᠬᠤ》 ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠭᠦᠨ ᠬᠠᠳᠠᠩᠰᠢᠭᠤᠯᠪᠠ᠃