ᠯᠢ ᠬᠣᠩ ᠵᠦᠩ ᠥᠪᠥᠷ ᠮᠣᠩᠭᠣᠯ᠎ᠳᠤ ᠪᠠᠶ᠋ᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭᠰᠠᠨ ᠨᠢ — ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠥᠬᠥ᠌ ᠲᠠᠯ᠎ᠠ᠎ᠪᠠᠷ ᠪᠦᠲᠦᠮᠵᠢᠲᠡᠶ ᠬᠡᠷᠡᠭᠵᠢᠭᠦᠯᠬᠦ᠌᠎ᠶᠢ ᠠᠬᠢᠭᠤᠯᠬᠤ ᠭᠡᠷᠡᠭᠳᠠᠢ
2026-07-26 11:12:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠭᠡᠰᠢᠭᠦᠨ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠳᠡᠳ᠋ ᠬᠣᠷᠢᠶᠠᠨ ᠳᠠᠷᠤᠭ᠎ᠠ ᠯᠢ ᠬᠣᠩ ᠵᠥᠩ 7 ᠰᠠᠷ᠎ᠠ᠎ᠶᠢᠨ 22 ᠡᠴᠡ 25᠎ᠤ᠋ ᠡᠳᠦᠷ ᠪᠣᠯᠲᠠᠯ᠎ᠠ ᠥᠪᠥᠷ ᠮᠣᠩᠭᠣᠯ᠎ᠳᠤ ᠪᠠᠶ᠋ᠢᠴᠠᠭᠠᠨ ᠰᠤᠳᠤᠯᠪᠠ᠃ ᠲᠡᠷᠡ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠬᠰᠡᠨ》 ᠤ᠋ ᠰᠢᠢᠳᠪᠦᠷᠢᠯᠡᠭᠴᠢ ᠴᠢᠨᠠᠷᠲᠠᠶ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠥᠬᠥ᠌ ᠲᠠᠯ᠎ᠠ᠎ᠪᠠᠷ ᠪᠦᠲᠦᠮᠵᠢᠲᠡᠶ ᠬᠡᠷᠡᠭᠵᠢᠭᠦᠯᠬᠦ᠌᠎ᠶᠢ ᠠᠬᠢᠭᠤᠯᠵᠤ᠂ ᠬᠠᠤᠯᠢ ᠪᠡᠷ ᠵᠠᠰᠠᠬᠤ ᠵᠠᠮ ᠳᠡᠭᠡᠷ᠎ᠡ ᠦᠨᠳᠦᠰᠦᠲᠡᠨ᠎ᠦ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠪᠠᠲᠤᠯᠠᠬᠤ ᠬᠡᠷᠡᠭᠲᠡᠶ ᠭᠡᠵᠦ᠍ ᠴᠢᠬᠤᠯᠠᠴᠢᠯᠠᠪᠠ᠃

ᠯᠢ ᠬᠣᠩ ᠵᠥᠩ ᠬᠥᠯᠥᠨ ᠪᠣᠶ᠋ᠢᠷ ᠬᠣᠲᠠ᠂ ᠬᠢᠩᠭᠠᠨ ᠠᠶ᠋ᠢᠮᠠᠭ ᠵᠡᠷᠭᠡ ᠭᠠᠵᠠᠷ᠎ᠲᠤ᠌ ᠬᠦᠷᠴᠦ᠍᠂ ᠨᠡᠶ᠋ᠢᠭᠡᠮ ᠲᠣᠭᠣᠷᠢᠭ᠂ ᠭᠠᠴᠠᠭ᠎ᠠ᠂ ᠠᠵᠤ ᠠᠬᠤᠶ᠋ᠢᠯᠠᠯ ᠪᠠ ᠬᠢᠯᠢ᠎ᠬᠢᠵᠠᠭᠠᠷ ᠤᠷᠤᠨ ᠬᠢᠯᠢ ᠵᠢᠨ ᠪᠣᠭᠣᠮᠲᠠ᠎ᠳᠤ ᠭᠦᠨᠵᠡᠭᠡᠶ᠋ᠢᠷᠡᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠪᠠ ᠦᠨᠳᠦᠰᠦᠨ ᠱᠠᠲᠤᠨ᠎ᠤ ᠵᠠᠰᠠᠯᠲᠠ᠂ ᠮᠠᠯᠴᠢᠨ ᠲᠠᠷᠢᠶᠠᠴᠢᠳ᠎ᠤᠨ ᠦᠢᠯᠡᠳᠪᠤᠷᠢᠯᠡᠯ ᠠᠮᠢᠳᠤᠷᠠᠯ ᠵᠢᠴᠢ ᠤᠨᠴᠠᠯᠢᠬᠳᠤ ᠳᠠᠪᠠᠭᠤᠯᠢᠭᠳᠤ ᠠᠵᠤ ᠦᠢᠯᠡᠰ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠌᠂ ᠬᠢᠯᠢ᠎ᠶᠢᠨ ᠠᠷᠠᠯᠵᠢᠶ᠎ᠠ ᠠᠵᠤ ᠠᠬᠤᠶ ᠵᠡᠷᠭᠡ ᠪᠠᠶ᠋ᠢᠳᠠᠯ᠎ᠢ ᠪᠠᠶ᠋ᠢᠴᠠᠭᠠᠨ ᠰᠤᠳᠤᠯᠵᠤ᠂ ᠬᠥᠯᠥᠨ ᠨᠠᠭᠤᠷ᠂ ᠮᠡᠷᠭᠡᠯ ᠭᠤᠤᠯ᠎ᠤᠨ ᠠᠮᠢ ᠠᠬᠤᠶ᠎ᠶᠢᠨ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠲᠤᠬᠠᠶ᠎ᠶᠢᠨ ᠭᠠᠵᠠᠷ᠎ᠲᠤᠨᠢ ᠰᠢᠨᠵᠢᠯᠡᠨ ᠪᠠᠶ᠋ᠢᠴᠠᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠤᠯᠤᠰ᠎ᠢᠶᠠᠨ ᠬᠠᠶ᠋ᠢᠷᠠᠯᠠᠬᠤ ᠦᠵᠡᠯ᠎ᠦᠨ ᠬᠥᠮᠦᠵᠢᠯ᠎ᠦᠨ ᠠᠵᠢᠯ᠎ᠤᠨ ᠠᠬᠢᠴᠠ᠎ᠶᠢ ᠣᠶ᠋ᠢᠯᠠᠭᠠᠪᠠ᠃ ᠲᠡᠷᠡ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ᠎ᠪᠠᠷ ᠦᠨᠳᠦᠰᠦᠯᠡᠯ ᠪᠣᠯᠭᠠᠵᠤ᠂ ᠠᠵᠤ ᠠᠬᠤᠢ᠂ ᠤᠯᠤᠰ ᠲᠦᠷᠦ᠍᠂ ᠰᠣᠶᠣᠯ᠂ ᠨᠡᠶ᠋ᠢᠭᠡᠮ ᠪᠣᠯᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠴᠣᠭᠴᠠᠯᠠᠬᠤ ᠬᠡᠷᠡᠭᠲᠡᠢ᠃ ᠦᠨᠳᠦᠰᠦᠲᠡᠨ᠎ᠨᠦᠭᠦᠳ᠎ᠦᠨ ᠪᠦᠬᠦ᠌ ᠲᠠᠯ᠎ᠠ᠎ᠪᠠᠷ ᠬᠠᠷᠢᠯᠴᠠᠨ ᠠᠭᠤᠰᠤᠯᠴᠠᠬᠤ ᠪᠠ ᠥᠷᠭᠡᠨ ᠲᠡᠯᠭᠡᠷ  ᠬᠠᠷᠢᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠥᠮᠦᠨ ᠪᠠᠶ᠋ᠢᠭᠠᠯᠢ ᠡᠶ᠎ᠡ ᠵᠣᠬᠢᠴᠠᠩᠭᠤᠢ᠎ᠪᠠᠷ ᠬᠠᠮᠲᠤ᠌ ᠣᠷᠣᠰᠢᠬᠤ ᠠᠮᠢ ᠠᠬᠤᠢ᠎ᠶᠢᠨ ᠭᠡᠷ ᠣᠷᠣᠨ᠎ᠢ ᠬᠠᠮᠲᠤ᠎ᠪᠠᠷ ᠰᠠᠬᠢᠨ ᠬᠠᠮᠠᠭᠠᠯᠠᠵᠤ᠂ ᠦᠨᠳᠦᠰᠦᠲᠡᠨ ᠨᠤᠭᠦᠳ᠎ᠦᠨ ᠬᠠᠮᠲᠤ᠎ᠪᠠᠷ ᠴᠡᠴᠡᠭᠯᠡᠨ ᠬᠥᠭᠵᠢᠬᠦ᠌᠎ᠶᠢ ᠪᠡᠶᠡᠯᠡᠭᠦᠯᠬᠦ ᠬᠡᠷᠡᠭᠲᠡᠢ᠃ ᠬᠠᠤᠯᠢ ᠴᠠᠭᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ᠌ ᠤᠬᠠᠭᠤᠯᠭ᠎ᠠ᠎ᠶᠢᠨ ᠠᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠣᠭᠣᠳᠴᠤ᠌ ᠪᠠᠶ᠋ᠢᠭᠠᠳ ᠵᠢᠷᠭᠠᠯ ᠵᠣᠪᠠᠯᠠᠩ᠎ᠢᠶᠠᠨ ᠬᠠᠮᠲᠤᠳᠬᠠᠬᠤ᠂ ᠠᠯᠳᠠᠷ ᠭᠤᠳᠤᠮᠰᠢᠭ᠎ᠢᠶᠠᠨ ᠬᠠᠮᠲᠤᠳᠬᠠᠬᠤ᠂ ᠦᠬᠦᠵᠦ᠍ ᠰᠡᠭᠡᠬᠦ᠌᠎ᠪᠡᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ᠎ᠶᠢᠨ ᠴᠣᠭᠴᠠ᠎ᠶᠢᠨ ᠣᠶ᠋ᠢᠯᠠᠭᠠᠭᠳᠠᠬᠤᠨ᠎ᠢ ᠪᠠᠲᠤ᠌ ᠪᠣᠶ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠎ᠶᠢ ᠤᠬᠠᠮᠰᠠᠷ᠎ᠡᠴᠡ᠎ᠪᠠᠨ ᠬᠠᠮᠲᠤ᠎ᠶᠢᠨ ᠡᠭᠦᠷᠭᠡ ᠪᠣᠯᠭᠠᠬᠤ ᠬᠡᠷᠡᠭᠲᠡᠶ᠃ ᠬᠠᠤᠯᠢ ᠴᠠᠭᠠᠵᠠ᠎ᠶᠢ ᠲᠤᠭᠤᠰᠢᠯᠠᠭᠤᠯᠤᠨ ᠬᠡᠷᠡᠭᠵᠢᠭᠦᠯᠬᠦ᠌᠎ᠶᠢ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢᠨ ᠰᠢᠰᠲ᠋ᠧᠮ ᠪᠣᠯᠤᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠴᠢᠬᠤᠯᠠ ᠭᠠᠷᠳᠡᠴᠡ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠴᠢ ᠠᠯᠪᠠᠨ ᠲᠤᠰᠢᠶᠠᠯᠲᠠᠨ᠎ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠶᠢ ᠠᠬᠢᠭᠤᠯᠵᠤ᠂ ᠠᠷᠠᠳ ᠢᠷᠭᠡᠨ᠂ ᠨᠡᠶ᠋ᠢᠭᠡᠮ᠎ᠦᠨ ᠪᠦᠯᠬᠦᠮ᠂ ᠠᠵᠤ ᠠᠬᠤᠶ᠋ᠢᠯᠠᠯ ᠠᠵᠢᠯ ᠦᠢᠯᠡᠰ᠎ᠦᠨ ᠵᠣᠬᠢᠶᠠᠨ ᠪᠠᠶ᠋ᠢᠭᠤᠯᠤᠯᠲᠠ᠎ᠶᠢᠨ ᠬᠠᠤᠯᠢ᠎ᠪᠠᠷ ᠲᠣᠭᠲᠠᠭᠠᠭᠰᠠᠨ ᠡᠭᠦᠷᠭᠡ᠎ᠪᠡᠨ ᠨᠠᠷᠢᠨ ᠬᠢᠨᠠᠮᠠᠭᠠᠢ ᠭᠦᠢᠴᠡᠳᠬᠡᠬᠦ᠌᠎ᠶᠢ ᠠᠬᠢᠭᠤᠯᠵᠤ᠂ ᠬᠠᠤᠯᠢ᠎ᠪᠠᠷ ᠵᠠᠰᠠᠬᠤ᠎ᠶᠢᠨ ᠦᠨᠳᠦᠰᠦ᠎ᠶᠢ ᠪᠡᠬᠢᠵᠢᠭᠦᠯᠬᠦ᠌᠂ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠠᠯᠤᠰ ᠬᠡᠳᠤ᠎ᠳᠦ ᠠᠰᠢᠭᠲᠠᠢ ᠪᠠᠶ᠋ᠢᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃

1947 ᠣᠨ᠎ᠤ 4 ᠰᠠᠷ᠎ᠠ᠎ᠡᠴᠡ 5 ᠰᠠᠷ᠎ᠠ ᠪᠣᠯᠲᠠᠯ᠎ᠠ ᠤᠯᠠᠭᠠᠨᠬᠣᠲᠠ᠎ᠳᠤ ᠬᠤᠷᠠᠯᠳᠤᠭᠤᠯᠤᠭᠰᠠᠨ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭᠴᠢᠳ᠎ᠦᠨ ᠬᠤᠷᠠᠯ᠎ᠲᠡᠭᠡᠷ᠎ᠠ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠤᠭᠰᠠᠨ ᠠᠩᠬᠠᠳᠠᠭᠴᠢ ᠮᠤᠵᠢ᠎ᠶᠢᠨ ᠱᠠᠲᠤᠨ᠎ᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠢ ᠪᠠᠶ᠋ᠢᠭᠤᠯᠪᠠ᠃ ᠯᠢ ᠬᠣᠩ ᠵᠦᠩ ᠬᠤᠷᠠᠯ ᠬᠤᠷᠠᠯᠳᠤᠭᠤᠯᠤᠭᠰᠠᠨ 《5·1》 ᠬᠤᠷᠠᠯ᠎ᠤᠨ ᠭᠠᠵᠠᠷ᠎ᠲᠤ᠌ ᠬᠦᠷᠴᠦ᠍ ᠪᠠᠶ᠋ᠢᠴᠠᠭᠠᠨ ᠰᠤᠳᠤᠯᠪᠠ᠃ ᠲᠡᠷᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ᠎ᠶᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ᠎ᠶᠢᠨ ᠲᠡᠦᠬᠡ᠂ ᠳᠤᠮᠳᠠᠳᠤ᠎ᠶᠢᠨ ᠦᠨᠳᠦᠰᠦᠲᠡᠨ᠎ᠦ ᠬᠥᠭᠵᠢᠯᠲᠡ᠎ᠶᠢᠨ ᠲᠡᠦᠬᠡ᠎ᠶᠢᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠡᠷᠡᠰ ᠭᠤᠶ᠋ᠢᠪᠢᠰᠢ ᠦᠭᠡᠢ᠎ᠪᠡᠷ ᠨᠠᠮ᠎ᠤᠨ ᠦᠭᠡ᠎ᠶᠢ ᠰᠣᠨᠣᠰᠴᠤ᠌ ᠨᠠᠮ᠎ᠢᠶᠠᠨ ᠲᠠᠭᠠᠬᠤ᠎ᠶᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠦᠨᠳᠦᠰᠦᠲᠡᠨ᠎ᠦ ᠠᠰᠠᠭᠤᠳᠠᠯ᠎ᠢ ᠰᠢ᠌ᠳᠪᠦᠷᠢᠯᠡᠬᠦ᠌ ᠵᠥᠪ ᠵᠠᠮ᠎ᠢᠶᠠᠷ ᠵᠠᠮᠨᠠᠬᠤ ᠢᠲᠡᠭᠡᠯ ᠵᠣᠷᠢᠭ ᠪᠠ ᠡᠷᠡᠰ ᠵᠤᠷᠢᠭ᠎ᠢᠶᠠᠨ ᠨᠡᠮᠡᠭᠳᠡᠭᠦᠯᠵᠦ᠍᠂ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠠᠬᠢᠭᠤᠯᠬᠤ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠬᠤ ᠬᠡᠷᠡᠭᠲᠡᠢ ᠭᠡᠵᠦ᠍ ᠴᠢᠬᠤᠯᠠᠴᠢᠯᠠᠪᠠ᠃

ᠰᠢᠨᠬᠤᠸᠠ ᠬᠣᠷᠢᠶ᠎ᠠ ᠵᠢᠨ ᠬᠥᠬᠡᠬᠣᠲᠠ᠎ᠶᠢᠨ 7 ᠰᠠᠷ᠎ᠠ᠎ᠶᠢᠨ 25 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号