ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠲᠡᠷᠢᠶᠠᠯᠡᠨᠭ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ ᠬᠠᠮᠲᠤᠷᠠᠯᠴᠠᠭ᠎ᠠ ᠵᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠵᠥᠪᠯᠡᠯᠴᠡᠭᠡᠷ᠎ᠲᠦ᠍ ᠭᠠᠷ᠎ᠤᠨ ᠦᠰᠦᠭ ᠵᠢᠷᠤᠪᠠ
2026-07-26 11:32:23
ᠵᠣᠬᠢᠶᠠᠭ᠍ᠴᠢ᠄
​ ᠬᠠᠨ ᠰᠢᠤᠸᠠᠢ ᠷᠦ᠋
ᠣᠩᠱᠢᠭ᠍ᠰᠠᠨ ᠣᠳᠠᠭ᠎ᠠ᠄
★★★☆☆

ᠴᠢ᠊ ᠪᠠᠲᠤ᠌  ᠬᠤᠸᠠᠩ ᠰᠠᠨ ᠸᠸᠨ ᠣᠷᠣᠯᠴᠠᠪᠠ


7 ᠰᠠᠷ᠎ᠠ᠎ᠶᠢᠨ 24 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠲᠡᠷᠢᠶᠠᠯᠡᠨᠭ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ ᠬᠠᠮᠲᠤᠷᠠᠯᠴᠠᠭ᠎ᠠ ᠵᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠵᠥᠪᠯᠡᠯᠴᠡᠭᠡᠷ᠎ᠲᠦ᠍ ᠭᠠᠷ᠎ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ᠌᠂ ᠳᠤᠮᠳᠠᠳᠤ ᠤᠯᠤᠰ᠎ᠤᠨ ᠲᠡᠷᠢᠶᠠᠯᠡᠨᠭ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠬᠤᠸᠠᠩ ᠰᠠᠨ ᠸᠸᠨ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ᠃

ᠬᠣᠶᠠᠷ ᠲᠠᠯ᠎ᠠ᠎ᠪᠠᠷ᠎ᠢᠶᠠᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ᠎ᠤᠨ ᠲᠡᠷᠢᠶᠠᠯᠡᠨᠭ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ ᠪᠠᠶ᠋ᠢᠭᠤᠯᠤᠭᠳᠠᠭᠰᠠᠨ 60 ᠵᠢᠯ᠎ᠦᠨ ᠤᠢ᠎ᠳᠤ ᠢᠯᠡᠭᠡᠭᠰᠡᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠨ᠎ᠡ ᠪᠠᠶ᠋ᠢᠳᠠᠯ ᠰᠢᠨ᠎ᠡ ᠡᠭᠦᠷᠭᠡ᠎ᠲᠠᠢ ᠨᠢᠭᠳᠠ ᠤᠶᠠᠯᠳᠤᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠬᠦᠷᠢᠶᠡᠨ᠎ᠦ ᠪᠠᠶ᠋ᠢᠯᠳᠤᠬᠤ ᠪᠤᠳᠤᠯᠭ᠎ᠠ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ᠎ᠢ ᠨᠢᠭᠡᠳᠦᠯᠲᠡᠢ ᠲᠥᠯᠥᠪᠵᠢᠭᠦᠯᠵᠦ᠍᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠭᠡᠨ ᠪᠠᠶ᠋ᠢᠭᠤᠯᠬᠤ᠂ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠥᠨᠳᠥᠷᠯᠢᠭ᠎ᠢ ᠴᠣᠭᠴᠠᠯᠠᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠂ ᠠᠮᠢ ᠠᠬᠤᠢ᠎ᠶᠢᠨ ᠠᠮᠤᠷ ᠲᠦᠪᠰᠢᠨ᠂ ᠠᠵᠤ ᠦᠢᠯᠡᠰ᠎ᠦᠨ ᠠᠮᠤᠷ ᠲᠦᠪᠰᠢᠨ᠎ᠢ ᠪᠠᠲᠤᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号