ᠲᠦᠷᠦᠭᠦᠬᠡᠨ᠂ ᠪᠥᠬᠥ ᠣᠷᠣᠨ᠎ᠤ ᠳᠤᠮᠳᠠᠳᠤ ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠳᠤ ᠴᠤᠭᠴᠠᠯᠠᠵᠤ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠨ ᠬᠥᠮᠥᠨ ᠢ᠋ ᠬᠥᠮᠥᠵᠢᠭᠦᠯᠬᠦ 《ᠰᠤᠷᠭᠠᠨ ᠬᠥᠮᠦᠵᠢᠯ ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢ ᠠᠬᠢᠭᠤᠯᠬᠤ ᠰᠤᠳᠤᠯᠤᠨ ᠶᠠᠷᠢᠯᠴᠠᠬᠤ ᠠᠵᠢᠯᠯᠠᠭ᠎ᠠ ᠪᠤᠭᠤᠲᠤ ᠬᠣᠲᠠ᠎ᠳᠤ ᠶᠠᠪᠤᠭᠳᠠᠪᠠ ᠃
ᠠᠵᠢᠯᠯᠠᠭ᠎ᠠ᠎ᠶᠢᠨ ᠬᠤᠭᠤᠴᠠᠭᠠᠨ᠎ᠳᠤ᠂ ᠪᠤᠭᠤᠲᠤ ᠬᠣᠲᠠ ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠬᠣᠲᠠ ᠶᠢᠨ ᠡᠮᠡᠭᠲᠡᠢᠴᠦᠳ ᠦᠨ ᠬᠣᠯᠪᠣᠭ᠎ᠠ᠂ ᠳ᠋ᠦᠩ ᠾᠧ ᠲᠣᠭᠣᠷᠢᠭ᠋ ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠬᠥᠨᠳᠡᠯᠡᠨ ᠲᠣᠭᠣᠷᠢᠭ᠋᠎ᠤᠨ ᠨᠥᠬᠥᠷᠯᠡᠯ ᠶᠡᠬᠡ ᠵᠡᠭᠡᠯᠢ᠎ᠶᠢᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠡᠷᠭᠡ ᠨᠢᠭᠡᠴᠢ᠎ᠡᠴᠡ ᠬᠠᠮᠵᠢᠯᠴᠠᠨ ᠬᠥᠮᠥᠨ ᠢ᠋ ᠬᠥᠮᠥᠵᠢᠭᠦᠯᠬᠦ ᠠᠵᠢᠯ ᠤᠨ ᠳᠤᠮᠳᠠᠬᠢ ᠬᠠᠢᠨ ᠰᠦᠪᠡᠭᠴᠢᠯᠡᠯᠲᠡ ᠪᠠ ᠦᠢᠯᠡᠳᠦᠯᠭᠡ᠎ᠶᠢ ᠲᠠᠨᠢᠯᠴᠠᠭᠤᠯᠪᠠ᠃ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠴᠢᠩᠱᠠᠨ ᠲᠣᠭᠣᠷᠢᠭ᠋᠎ᠤᠨ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠵᠢᠭᠠᠬᠤ ᠵᠢ ᠰᠤᠳᠤᠯᠬᠤ ᠲᠥᠪ᠂ ᠰᠢᠶᠠᠨ ᠹᠧᠩ ᠳ᠋ᠣᠣ ᠪᠠᠭ᠎ᠠ ᠰᠤᠷᠭᠠᠭᠤᠯᠢ᠂ ᠪᠧᠢ ᠵᠢᠶᠠ ᠨᠡᠢᠭᠡᠮ ᠲᠣᠭᠣᠷᠢᠭ᠋ᠵᠡᠷᠬᠡ ᠪᠡᠷ ᠬᠦᠷᠴᠦ᠂ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ ᠵᠢᠨ ᠬᠠᠮᠳᠤ ᠪᠤᠭᠤᠲᠤ ᠬᠤᠳᠠ᠎ᠶᠢᠨ ᠶᠡᠷᠡᠨ ᠭᠤᠷᠪᠠᠳᠤᠭᠠᠷ ᠳᠤᠮᠳᠠᠳᠤ ᠰᠤᠷᠭᠠᠭᠤᠯᠢ᠎ᠶᠢᠨ《1+N ᠢᠵᠢᠯᠢ ᠲᠥᠪ᠎ᠲᠦ ᠲᠣᠭᠣᠷᠢᠭ᠋》 ᠤ᠋ᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠵᠠᠭᠪᠤᠷ ᠵᠢᠴᠢ 《339》 ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠰᠢᠰᠲ᠋ᠧᠮ᠎ᠤᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠲᠣᠭᠣᠷᠢᠨ ᠦᠵᠡᠪᠡ᠃ ᠡᠭᠦᠨ᠎ᠡᠴᠡ ᠭᠠᠳᠠᠨ᠎ᠠ᠂ ᠠᠢᠮᠠᠭ ᠬᠣᠲᠠ᠂ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢᠨ ᠨᠢᠭᠡᠴᠢ ᠪᠠ ᠰᠤᠷᠭᠠᠭᠤᠯᠢ (ᠬᠡᠦᠬᠡᠳ᠎ᠤᠨ ᠴᠡᠴᠡᠷᠯᠢᠭ) ᠵᠢᠨ ᠲᠥᠯᠥᠭᠡᠯᠡᠭᠴᠢ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢᠨ ᠠᠵᠢᠯ᠎ᠤᠨ ᠦᠷ᠎ᠡ ᠪᠦᠲᠦᠮᠵᠢ᠎ᠶᠢᠨ ᠲᠠᠯ᠎ᠠ᠎ᠪᠠᠷ ᠨᠡᠢᠲᠡᠯᠢᠭ ᠲᠤᠷᠰᠢᠯᠭ᠎ᠠ᠎ᠪᠠᠨ ᠰᠣᠯᠢᠯᠴᠠᠵᠤ᠂ ᠱᠠᠨᠳᠦ᠋ᠩ ᠮᠤᠵᠢ᠎ᠶᠢᠨ ᠲᠠᠢᠱᠠᠨ ᠰᠤᠷᠭᠠᠨ ᠬᠥᠮᠦᠵᠢᠯ᠎ᠦᠨ ᠰᠢᠨ᠎ᠡ᠎ᠶᠢ ᠡᠭᠦᠳᠬᠦ ᠰᠤᠳᠤᠯᠭᠠᠨ᠎ᠤ ᠬᠦᠷᠢᠶᠡᠯᠡᠩ ᠵᠢᠴᠢ ᠨᠡᠢᠰᠯᠡᠯ ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠳ ᠡᠴᠡ 《ᠰᠤᠷᠭᠠᠨ ᠬᠥᠮᠦᠵᠢᠯ ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢᠨ ᠭᠣᠣᠯ ᠯᠣᠭᠢᠭ᠋ ᠪᠠ ᠵᠠᠩᠭᠢᠯᠠᠭ᠎ᠠ᠎ᠶᠢᠨ ᠠᠷᠭ᠎ᠠ ᠵᠠᠮ᠎ᠤᠨ ᠲᠣᠭᠣᠷᠢᠨ᠎ᠳᠤ ᠲᠤᠰᠬᠠᠢ ᠰᠡᠳᠦᠪ᠎ᠢᠶᠡᠷ ᠬᠤᠪᠢᠶᠠᠯᠴᠠᠪᠠ᠃
《ᠰᠤᠷᠭᠠᠨ ᠬᠥᠮᠦᠵᠢᠯ ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢ ᠠᠬᠢᠭᠤᠯᠬᠤ ᠪᠣᠯ ᠰᠠᠭᠤᠷᠢ ᠰᠤᠷᠭᠠᠨ ᠬᠥᠮᠦᠵᠢᠯ ᠦᠨ ᠰᠠᠭᠤᠷᠢ ᠴᠡᠭ ᠢ ᠪᠠᠲᠤᠳᠬᠠᠬᠤ᠂ ᠶᠣᠰᠣ᠌ ᠰᠤᠷᠲᠠᠬᠤᠨ ᠵᠢᠡᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠢᠳᠠᠪᠤᠷᠢᠵᠢᠭᠤᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠤᠭᠴᠠᠯᠠᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠠᠶ᠋ᠢᠭᠤᠯᠬᠤ᠎ᠶᠢᠨ ᠴᠢᠬᠤᠯᠠ ᠠᠴᠢᠶᠠᠯᠠᠪᠤᠷᠢ ᠮᠥᠨ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ 103 ᠬᠣᠰᠢᠭᠤ ᠰᠢᠶᠠᠨ(ᠬᠣᠲᠠ᠂ ᠲᠣᠭᠣᠷᠢᠭ᠋) ᠤ᠋ 《 ᠰᠤᠷᠭᠠᠨ ᠬᠥᠮᠦᠵᠢᠯ ᠦᠨ ᠬᠣᠯᠪᠣᠭᠠᠲᠤ ᠴᠣᠭᠴᠠ 》 ᠵᠢ 100% ᠪᠠᠷ ᠵᠣᠬᠢᠶᠠᠨ ᠪᠠᠢᠭᠤᠯᠵᠤ ᠠᠵᠢᠯᠯᠠᠭᠤᠯᠬᠤ᠎ᠶᠢ ᠠᠬᠢᠭᠤᠯᠪᠠ᠃