ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠣᠶᠤᠨᠴᠢᠯᠠᠭ᠍ᠰᠠᠨ ᠪᠣᠭᠣᠮᠲᠠ ᠥᠩᠭᠡᠷᠡᠬᠦᠯᠬᠦ ᠰᠢᠨ᠎ᠠ ᠵᠠᠭ᠍ᠪᠤᠷ — ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠬᠦᠭᠵᠢᠯᠳᠡ ᠳ᠋ᠤ 《ᠬᠤᠷᠳᠤᠴᠠ》 ᠨᠡᠮᠡᠵᠦ 《ᠵᠢᠬᠦᠷ》 ᠤᠷᠭᠤᠭᠤᠯᠪᠠ
2026-07-27 09:33:34
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠣᠶᠤᠨᠴᠢᠯᠠᠭ᠍ᠰᠠᠨ ᠪᠣᠭᠣᠮᠲᠠ ᠥᠩᠭᠡᠷᠡᠬᠦᠯᠬᠦ ᠰᠢᠨ᠎ᠠ ᠵᠠᠭ᠍ᠪᠤᠷ ᠨᠢ ᠬᠢᠯᠢ ᠵᠢᠨ ᠪᠤᠭᠤᠮᠳᠠ ᠵᠢᠨ ᠭᠠᠳᠠᠭᠠᠳᠤ ᠠᠷᠠᠯᠵᠢᠶᠠᠨ ᠤ᠋ 《ᠬᠤᠷᠳᠤᠴᠡ》 ᠵᠢ ᠲᠦᠷᠭᠡᠳᠭᠡᠭᠰᠡᠨ ᠪᠤᠯ ᠡᠬᠦᠨ ᠳ᠋ᠤ ᠵᠤᠬᠢᠴᠠᠭᠤᠯᠤᠭᠰᠠᠨ ᠱᠢᠨ᠎ᠡ ᠡᠵᠡᠩᠨᠡᠯᠲᠡ ᠵᠢᠨ ᠬᠡᠯᠪᠡᠷᠢ ᠪᠠᠢᠳᠠᠯ ᠤ᠋ᠨ ᠥᠷᠨᠢᠭᠦᠨ ᠬᠥᠭ᠌ᠵᠢᠯᠲᠡ ᠨᠢ ᠭᠠᠳᠠᠭᠠᠳᠤ ᠠᠷᠠᠯᠵᠢᠶᠠᠨ ᠤ᠋ ᠬᠥᠭ᠌ᠵᠢᠯᠲᠡ ᠳ᠋ᠤ 《ᠡᠨᠧᠷᠭᠢ》 ᠣᠯᠭᠣᠪᠠ᠃ ᠮᠠᠨᠵᠤᠤᠷ ᠤ᠋ᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ ᠳ᠋ᠤ 《TIR + ᠭᠠᠢᠯᠢ ᠪᠠᠲᠤᠯᠠᠬᠤ》 ᠲᠤᠬᠠᠢᠯᠠᠭ᠍ᠰᠠᠨ ᠠᠵᠢᠯ ᠨᠢ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠣᠷᠣᠨ ᠤ᠋ ᠬᠥᠮᠥᠷᠭᠡᠯᠡᠨ ᠬᠠᠳᠠᠭᠠᠯᠠᠬᠤ᠂ ᠡᠷᠭᠢᠯᠳᠦᠭᠦᠯᠦᠨ ᠱᠢᠯᠵᠢᠭᠦᠯᠬᠦ᠌ ᠵᠡᠷᠭᠡ ᠲᠥᠷᠥ ᠵᠢᠨ ᠪᠣᠳᠣᠯᠭ᠎ᠠ ᠵᠢᠨ ᠳᠠᠪᠠᠭᠤᠯᠢᠭ ᠢ᠋ TIR ᠲᠡᠭᠡᠭᠡᠪᠦᠷᠢ ᠵᠢᠨ ᠪᠥᠬᠥ᠌ ᠶᠠᠪᠤᠴᠠ ᠵᠢᠨ ᠥᠨᠳᠥᠷ ᠪᠦᠲᠦᠮᠵᠢᠲᠡᠶ ᠪᠡᠷ ᠪᠣᠭᠣᠮᠲᠠ ᠥᠩᠭᠡᠷᠡᠬᠦᠯᠬᠦ ᠣᠨᠴᠠᠯᠢᠭ ᠲᠠᠶ ᠣᠷᠭᠠᠨᠢᠭ ᠵᠢᠡᠷ ᠤᠶᠠᠯᠳᠤᠭᠤᠯᠵᠤ᠂ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠣᠷᠣᠨ ᠤ᠋ ᠡᠳ᠋ ᠪᠠᠷᠠᠭ᠎ᠠ ᠵᠢ ᠧᠦ᠋ᠷᠣᠫᠠ ᠠᠽᠢᠶ᠎ᠠ ᠳ᠋ᠤ ᠱᠢᠭᠤᠳ ᠬᠦᠷᠭᠡᠬᠦ᠌ ᠬᠢᠯᠢ ᠠᠯᠤᠰᠯᠠᠭ᠍ᠰᠠᠨ ᠡᠳ᠋ ᠪᠠᠷᠠᠭᠠᠨ ᠤ᠋ ᠭᠦᠶ᠋ᠯᠭᠡᠭᠡ ᠵᠢᠨ ᠱᠢᠨ᠎ᠡ ᠵᠠᠮ ᠢ᠋ ᠨᠡᠪᠲᠡᠷᠡᠭᠦᠯᠪᠡ᠃

ᠵᠤᠨ ᠤ᠋ ᠬᠠᠯᠠᠭᠤᠨ ᠨᠠᠷᠠ ᠵᠤᠯᠠᠢ ᠲᠡᠭᠡᠷ᠎ᠠ ᠡᠴᠡ ᠲᠦᠭᠡᠨᠡᠵᠤ᠂ ᠭᠤᠪᠢ ᠨᠤᠳᠤᠭ ᠡᠴᠡ ᠬᠠᠯᠠᠭᠤᠨ ᠠᠭᠤᠷ ᠰᠠᠪᠰᠠᠯᠠᠨ᠎ᠠ᠃ ᠳᠤᠮᠳᠠᠳᠤ ᠮᠣᠩᠭᠣᠯ ᠤ᠋ᠨ ᠪᠠᠷᠠᠭᠠᠨ ᠤ᠋ ᠲᠡᠭᠡᠭᠡᠪᠦᠷᠢ ᠵᠢᠨ ᠬᠡᠮᠵᠢᠶ᠎ᠡ ᠪᠡᠷ ᠬᠠᠮᠤᠭ ᠤ᠋ᠨ ᠶᠡᠬᠡ ᠬᠢᠯᠢ ᠵᠢᠨ ᠪᠣᠭᠣᠮᠲᠠ ᠪᠣᠯᠬᠤ ᠭᠠᠭ᠍ᠴᠠᠮᠤᠳᠤ ᠬᠢᠯᠢ ᠵᠢᠨ ᠪᠣᠭᠣᠮᠲᠠ ᠵᠢᠨ 6 ᠺᠢᠯᠣᠮᠧᠲ᠋ᠷ ᠣᠷᠳᠣ ᠲᠤᠰᠭᠠᠶ ᠬᠡᠷᠡᠭ᠌ᠯᠡᠭᠡᠨ ᠤ᠋ ᠪᠠᠷᠠᠭᠠᠨ ᠤ᠋ ᠲᠡᠭᠡᠭᠡᠪᠦᠷᠢ ᠵᠢᠨ ᠵᠠᠮ ᠳᠡᠭᠡᠷ᠎ᠡ ᠬᠢᠯᠢ ᠠᠯᠤᠰᠯᠠᠭ᠍ᠰᠠᠨAGV ᠲᠡᠭᠡᠭᠡᠪᠦᠷᠢ ᠵᠢᠨ ᠲᠡᠷᠭᠡ ᠨᠤᠭᠦᠳ ᠶᠠᠭᠠᠷᠠᠯᠳᠠᠢ ᠠᠵᠢᠯᠯᠠᠨ᠎ᠠ᠃ 《ᠬᠢᠯᠢ ᠠᠯᠤᠰᠯᠠᠭ᠍ᠰᠠᠨ AGV ᠲᠡᠭᠡᠭᠡᠪᠦᠷᠢ ᠵᠢᠨ ᠲᠡᠷᠭᠡ ᠮᠤᠡᠭᠭᠤᠯ ᠤᠯᠤᠰ ᠤ᠋ᠨ ᠬᠢᠯᠢ ᠵᠢᠨ ᠪᠤᠭᠤᠮᠳᠠ ᠡᠴᠡ ᠮᠤᠷᠳᠠᠮᠠᠬᠴᠠ ᠡᠯᠸᠺᠲ᠋ᠷᠤᠨ ᠲᠡᠷᠭᠡᠨ ᠫᠠᠢᠰᠠ᠂ ᠴᠢᠡᠭᠭᠡᠯᠢᠭ ᠤ᠋ᠨ ᠨᠤᠮᠸᠷ ᠪᠠ ᠪᠠᠷᠠᠭᠠᠨ ᠤ᠋ ᠬᠦᠨᠳᠤ ᠵᠢᠨ ᠬᠡᠮᠵᠢᠶ᠎ᠠ ᠵᠡᠷᠭᠡ ᠡᠯᠸᠺᠲ᠋ᠷᠤᠨ ᠲᠤᠭ᠎ᠠ  ᠪᠠᠷᠢᠮᠳᠠ ᠪᠡᠨ ᠪᠢᠳᠡᠨ ᠳ᠋ᠤ ᠠᠦ᠋ᠲ᠋ᠤ᠋ ᠪᠡᠷ ᠲᠠᠷᠤᠢᠬᠠᠨ ᠲᠠᠮᠵᠢᠭᠤᠯᠴᠢᠬᠠᠳᠠᠭ ᠪᠤᠯᠬᠤᠷ ᠪᠤᠭᠤᠮᠳᠠ ᠪᠡᠷ ᠦᠡᠭᠭᠡᠷᠡᠬᠦᠯᠬᠦ ᠳ᠋ᠤ ᠡᠳᠡᠭᠡᠷ ᠮᠡᠳᠡᠬᠡ ᠵᠠᠡᠭᠭᠢ ᠵᠢ ᠰᠢᠭᠤᠳ ᠮᠠᠰᠢᠨ ᠵᠢᠡᠷ ᠪᠠᠢᠴᠠᠭᠠᠨ ᠰᠢᠯᠭᠠᠵᠤ᠂ ᠠᠰᠠᠭᠤᠳᠠᠯ ᠦᠬᠡᠢ ᠪᠤᠯ 30 ᠰᠸᠺᠦ᠋ᠨ᠋ᠳ᠋ ᠤ᠋ᠨ ᠲᠤᠳᠤᠷ᠎ᠠ ᠪᠤᠭᠤᠮᠳᠠ ᠪᠡᠷ ᠦᠡᠭᠭᠡᠷᠡᠬᠦᠯᠴᠢᠬᠡᠨ᠎ᠠ᠃ ᠡᠨᠡ ᠨᠢ ᠨᠢᠭᠡ ᠯᠡ ᠤᠳᠠᠭ᠎ᠠ ᠳ᠋ᠤ ᠴᠤᠬᠯᠠᠭᠤᠯᠬᠤ᠂ ᠨᠢᠭᠡ ᠯᠡ ᠤᠳᠠᠭ᠎ᠠ ᠳ᠋ᠤ ᠭᠤᠶᠤᠴᠢᠯᠠᠨ ᠮᠡᠳᠡᠬᠦᠯᠬᠦ᠂ ᠨᠢᠭᠡ ᠯᠡ ᠤᠳᠠᠭ᠎ᠠ ᠳ᠋ᠤ ᠲᠠᠯᠪᠢᠨ ᠶᠠᠪᠤᠭᠤᠯᠬᠤ ᠵᠢ ᠪᠡᠶᠡᠯᠡᠬᠦᠯᠦᠭᠰᠡᠨ ᠵᠢᠡᠷ ᠴᠠᠭ ᠲᠦ᠍ ᠮᠠᠰᠢ ᠠᠷᠪᠢᠳᠠᠢ ᠪᠤᠯᠵᠠᠢ》 ᠬᠡᠵᠤ ᠤᠷᠠᠳ ᠪᠤᠭᠤᠮᠳᠠ ᠵᠢᠨ ᠬᠢᠨᠠᠨ ᠬᠠᠮᠢᠶᠠᠷᠤᠯᠳᠠ ᠵᠢᠨ ᠨᠢᠭᠡᠳᠤᠭᠡᠷ ᠰᠠᠯᠠᠭ᠎ᠠ ᠵᠢᠨ ᠲᠡᠳ᠋ ᠲᠠᠷᠤᠭ᠎ᠠ ᠶᠠᠡᠭ ᠰᠢᠶᠠᠨ ᠸᠸᠨ ᠲᠠᠨᠢᠯᠴᠠᠭᠤᠯᠤᠨ᠎ᠠ᠃

2022 ᠣᠨ ᠤ᠋ 7 ᠰᠠᠷ᠎ᠠ ᠵᠢᠨ 16 ᠤ᠋ ᠡᠳᠦᠷ ᠬᠢᠯᠢ ᠠᠯᠤᠰᠯᠠᠭ᠍ᠰᠠᠨAGV ᠲᠡᠭᠡᠭᠡᠪᠦᠷᠢ ᠵᠢᠨ ᠲᠡᠷᠭᠡ ᠵᠢ ᠨᠡᠪᠲᠡᠷᠡᠭᠦᠯᠦᠭ᠌ᠰᠡᠨ ᠡᠴᠡ ᠨᠠᠭᠠᠰᠢ᠂ ᠬᠥᠬᠡᠬᠣᠲᠠ ᠪᠣᠭᠣᠮᠲᠠ ᠵᠢᠨ ᠬᠠᠷᠢᠶᠠᠨ ᠳ᠋ᠡᠬᠢ ᠤᠷᠠᠳ ᠪᠣᠭᠣᠮᠲᠠ ᠨᠢ ᠮᠣᠩᠭᠣᠯ ᠤᠯᠤᠰ ᠤ᠋ᠨ ᠲᠠᠯ᠎ᠠ ᠵᠢᠨ ᠪᠣᠭᠣᠮᠲᠠ᠂ ᠬᠢᠯᠢ ᠵᠢᠨ ᠪᠠᠢᠴᠠᠭᠠᠯᠲᠠ᠂ ᠡᠵᠡᠩᠨᠡᠯᠲᠡ ᠵᠢᠨ ᠠᠵᠤ ᠠᠬᠤᠢᠯᠠᠯ ᠪᠣᠯᠤᠨ ᠬᠢᠨᠠᠯᠲᠠ ᠬᠠᠮᠢᠶᠠᠷᠤᠯᠲᠠ ᠵᠢᠨ ᠲᠠᠯᠠᠪᠤᠷ ᠭᠠᠵᠠᠷ ᠲᠠᠶ ᠬᠠᠮᠵᠢᠯᠴᠠᠨ᠂ ᠬᠠᠲᠠᠭᠤ ᠵᠥᠭᠡᠯᠡᠨ ᠲᠣᠨᠣᠭ ᠤ᠋ᠨ ᠪᠠᠢᠭᠤᠯᠤᠯᠲᠠ ᠵᠢ ᠲᠠᠰᠤᠷᠠᠯᠲᠠ ᠥᠬᠡᠶ ᠪᠡᠬᠢᠵᠢᠭᠦᠯᠵᠦ᠍᠂ ᠣᠶᠤᠨᠴᠢᠯᠠᠭ᠍ᠰᠠᠨ ᠪᠣᠭᠣᠮᠲᠠ ᠥᠩᠭᠡᠷᠡᠬᠦᠯᠬᠦ ᠵᠠᠭ᠍ᠪᠤᠷ ᠢ᠋ ᠱᠢᠯᠢᠳᠡᠭ᠌ᠵᠢᠭᠦᠯᠤᠨ᠂ 《ᠪᠡᠶ᠎ᠡ ᠪᠡᠨ ᠳᠠᠭᠠᠭᠠᠵᠤ ᠭᠤᠶᠤᠴᠢᠯᠠᠨ ᠮᠡᠳᠡᠭᠦᠯᠬᠦ᠌᠂ ᠠᠦ᠋ᠲ᠋ᠣ᠋ ᠪᠠᠷ ᠪᠣᠭᠣᠮᠲᠠ ᠥᠩᠭᠡᠷᠡᠬᠦᠯᠬᠦ᠂ ᠰᠠᠭᠠᠳ ᠦᠬᠡᠢ ᠪᠣᠭᠣᠮᠲᠠ ᠥᠩᠭᠡᠷᠡᠬᠦᠯᠬᠦ》 ᠵᠢ ᠪᠡᠶᠡᠯᠡᠭᠦᠯᠪᠡ᠃ ᠡᠨᠡ ᠵᠢᠯ ᠤ᠋ᠨ ᠲᠡᠭᠡᠷ᠎ᠠ ᠬᠠᠭᠠᠰ ᠵᠢᠯ ᠳ᠋ᠤ ᠭᠠᠭ᠍ᠴᠠᠮᠤᠳᠤ ᠬᠢᠯᠢ ᠵᠢᠨ ᠪᠣᠭᠣᠮᠲᠠ ᠵᠢᠨ ᠬᠢᠯᠢ ᠠᠯᠤᠰᠯᠠᠭ᠍ᠰᠠᠨ AGV ᠵᠢᠯᠤᠭᠤᠴᠢ ᠥᠬᠡᠶ ᠮᠠᠰᠢᠨ ᠵᠢᠠᠷ ᠲᠡᠭᠡᠭᠡᠪᠦᠷᠢᠯᠡᠭ᠌ᠰᠡᠨ ᠪᠠᠷᠠᠭᠠᠨ ᠤ᠋ ᠬᠡᠮᠵᠢᠶ᠎ᠠ 217.94 ᠲᠦᠮᠡᠨ ᠲᠣᠨ ᠳ᠋ᠤ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 16.3% ᠪᠡᠷ ᠨᠡᠮᠡᠭᠳᠡᠵᠠᠢ᠃

ᠬᠦᠬᠡᠬᠤᠳᠠ ᠪᠤᠭᠤᠮᠳᠠ ᠵᠢᠨ ᠲᠡᠳ᠋ ᠲᠠᠷᠤᠭ᠎ᠠ ᠵᠠᠡᠭ ᠵᠢᠡᠭ ᠵᠸᠤ ᠵᠢᠨ ᠲᠠᠨᠢᠯᠴᠠᠭᠤᠯᠤᠬᠰᠠᠨ ᠵᠢᠡᠷ᠂ ᠦᠪᠤᠷ ᠮᠤᠡᠭᠭᠤᠯ ᠤ᠋ᠨ ᠬᠢᠯᠢ ᠵᠢᠨ ᠪᠤᠭᠤᠮᠳᠠ ᠪᠤᠯ ᠮᠠᠨ ᠤ᠋ ᠤᠯᠤᠰ ᠤ᠋ᠨ ᠴᠢᠬᠤᠯᠠ ᠡᠨ᠋ᠸᠷᠬᠢ ᠵᠢᠨ ᠡᠬᠢ ᠪᠠᠶᠠᠯᠢᠭ᠎ᠢ᠋ ᠭᠠᠳᠠᠭᠠᠳᠤ ᠡᠴᠡ ᠤᠷᠤᠭᠤᠯᠬᠤ ᠨᠡᠪᠳᠡᠷᠡᠯ᠎ᠵᠠᠮ ᠪᠠᠢᠵᠤ᠂ ᠬᠦᠬᠡᠬᠤᠳᠠ ᠪᠤᠭᠤᠮᠳᠠ ᠭᠠᠳᠠᠭᠠᠳᠤ ᠡᠴᠡ ᠤᠷᠤᠭᠤᠯᠬᠤ ᠨᠡᠬᠦᠷᠡᠰᠤ᠂ ᠵᠡᠰ ᠤ᠋ᠨ ᠨᠠᠷᠢᠯᠢᠭ ᠬᠦᠳᠡᠷ ᠵᠡᠷᠭᠡ ᠡᠨ᠋ᠸᠷᠬᠢ ᠵᠢᠨ ᠡᠬᠢ ᠪᠠᠶᠠᠯᠢᠭ ᠤ᠋ᠨ ᠬᠢᠨᠠᠯᠳᠠ ᠬᠠᠮᠢᠶᠠᠷᠤᠯᠳᠠ ᠵᠢᠨ ᠵᠠᠬᠪᠤᠷ ᠢ᠋ ᠲᠠᠰᠤᠷᠠᠯᠳᠠ ᠦᠬᠡᠢ ᠰᠢᠯᠢᠳᠡᠭᠵᠢᠬᠦᠯᠵᠤ᠂ ᠬᠢᠯᠢ ᠵᠢᠨ ᠪᠤᠭᠤᠮᠳᠠ ᠵᠢᠨ ᠡᠳ᠋ ᠪᠠᠷᠠᠭ᠎ᠠ ᠵᠢᠨ ᠪᠤᠭᠤᠮᠳᠠ ᠪᠡᠷ ᠦᠡᠭᠭᠡᠷᠡᠬᠦᠯᠬᠦ᠎ᠬᠤᠷᠳᠤᠴᠡ ᠵᠢ ᠲᠦᠷᠭᠡᠳᠭᠡᠵᠠᠢ᠃ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠡᠴᠡ ᠬᠤᠷᠠᠯᠳᠤᠭᠤᠯᠤᠭᠰᠠᠨ 《2026 ᠤᠨ ᠤ᠋ ᠳᠡᠭᠡᠷ᠎ᠡ ᠬᠠᠭᠠᠰ ᠵᠢᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠳᠠᠭᠠᠳᠤ ᠠᠷᠠᠯᠵᠢᠶᠠᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠪᠠᠢᠳᠠᠯ》 ᠤ᠋ᠨ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠵᠢᠡᠷ᠂ ᠡᠨᠡ ᠵᠢᠯ ᠤ᠋ᠨ ᠲᠡᠭᠡᠷ᠎ᠠ ᠬᠠᠭᠠᠰ ᠵᠢᠯ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠢᠯᠢ ᠵᠢᠨ ᠪᠣᠭᠣᠮᠲᠠ ᠵᠢᠨ ᠬᠢᠨᠠᠨ ᠬᠠᠮᠢᠶᠠᠷᠤᠬᠰᠠᠨ ᠪᠠᠷᠠᠭᠠᠨ ᠤ᠋ ᠲᠡᠭᠡᠭᠡᠪᠦᠷᠢ ᠵᠢᠨ ᠬᠡᠮᠵᠢᠶ᠎ᠡ 8257.4 ᠲᠦᠮᠡᠨ ᠲᠣᠨ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 43.3% ᠪᠠᠷ ᠨᠡᠮᠡᠭ᠌ᠳᠡᠵᠦ᠍᠂ ᠲᠡᠦᠬᠡ ᠵᠢᠨ ᠠᠳᠠᠯᠢ ᠬᠤᠭᠤᠴᠠᠭᠠᠨ ᠤ᠋ ᠱᠢᠨ᠎ᠡ ᠲᠡᠮᠳᠡᠭ᠌ᠯᠡᠯ ᠢ᠋ ᠡᠭᠦᠳᠦᠭᠰᠡᠨ ᠪᠠᠢᠨ᠎ᠠ᠃

ᠪᠣᠭᠣᠮᠲᠠ ᠥᠩᠭᠡᠷᠡᠬᠦ᠌ ᠬᠤᠷᠳᠤᠴᠠ ᠵᠢ ᠲᠦᠷᠭᠡᠳᠭᠡᠬᠦ᠌ ᠨᠢ ᠲᠥᠷᠥ ᠵᠢᠨ ᠪᠣᠳᠣᠯᠭ᠎ᠠ ᠵᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌ ᠲᠠᠢ ᠬᠤᠯᠪᠤᠭ᠎ᠠ ᠲᠠᠢ ᠶᠤᠮ᠃ ᠲᠦᠷᠤᠬᠦᠭᠡᠨ ᠤᠷᠠᠳ ᠪᠣᠭᠣᠮᠲᠠ ᠡᠴᠡ ᠤᠷᠠᠳ ᠤ᠋ᠨ ᠳᠤᠮᠳᠠᠳᠤ ᠬᠣᠱᠢᠭᠤᠨ ᠤ᠋ ᠢ ᠲᠸᠩ ᠠᠭᠤᠷᠬᠠᠶ ᠵᠢᠨ ᠦᠶ᠋ᠯᠡᠰ ᠤ᠋ᠨ ᠬᠢᠵᠠᠭᠠᠷᠲᠤ ᠺᠣᠮᠫᠠᠨᠢ ᠵᠢᠨ ᠭᠠᠳᠠᠭᠠᠳᠤ ᠡᠴᠡ ᠣᠷᠣᠭᠤᠯᠤᠭ᠍ᠰᠠᠨ 3 ᠪᠦᠯᠦᠭ ᠨᠡᠭᠦᠷᠡᠰᠦ ᠳ᠋ᠤ ᠭᠤᠷᠪᠠᠳᠡᠬᠢ ᠡᠳᠡᠭᠡᠳ ᠡᠴᠡ ᠰᠢᠯᠭᠠᠨ ᠪᠠᠢᠴᠠᠭᠠᠬᠰᠠᠨ 《ᠬᠢᠯᠢ᠎ᠪᠡᠷ ᠣᠷᠣᠵᠤ ᠢᠷᠡᠭ᠌ᠰᠡᠨ ᠪᠠᠷᠠᠭ᠎ᠠ ᠵᠢ ᠱᠢᠯᠭᠠᠨ ᠪᠠᠢᠴᠠᠭᠠᠬᠤ ᠬᠢᠵᠢᠭ ᠪᠠᠢᠴᠠᠭᠠᠭ᠍ᠰᠠᠨ ᠭᠡᠷᠡᠴᠢ》 ᠵᠢᠨ ᠦᠷ᠎ᠠ᠎ᠳ᠋ᠦᠡᠭ ᠢ᠋ ᠵᠦᠪᠰᠢᠶᠡᠷᠡᠵᠡᠢ᠃ 《ᠪᠣᠭᠣᠮᠲᠠ ᠡᠴᠡ ᠭᠤᠷᠪᠠᠳᠠᠬᠢ ᠡᠲᠡᠭᠡᠳ ᠤ᠋ᠨ ᠱᠢᠯᠭᠠᠨ ᠪᠠᠢᠴᠠᠭᠠᠭ᠍ᠰᠠᠨ ᠦᠷ᠎ᠡ ᠳ᠋ᠦᠩ ᠢ᠋ ᠵᠦᠪᠰᠢᠶᠡᠷᠡᠨ ᠮᠡᠳᠡᠷᠡᠬᠦ ᠪᠤᠯᠤᠬᠰᠠᠨ ᠡᠴᠡ ᠪᠢᠳᠡ ᠪᠠᠢᠴᠠᠭᠠᠯᠲᠠ ᠵᠢ ᠬᠦᠯᠢᠶᠡᠬᠦ᠌ ᠬᠡᠷᠡᠭ ᠦᠬᠡᠢ ᠪᠤᠯᠵᠤ᠂ ᠨᠡᠭᠦᠷᠡᠰᠦ ᠵᠢ ᠭᠠᠳᠠᠭᠠᠳᠤ ᠡᠴᠡ ᠣᠷᠣᠭᠤᠯᠬᠤ ᠪᠠ ᠬᠥᠮᠥᠷᠭᠡ ᠡᠴᠡ ᠭᠠᠷᠭᠠᠬᠤ ᠳ᠋ᠤ ᠨᠠᠩ ᠳᠥᠭᠥᠮ ᠳᠥᠲᠡ ᠪᠣᠯᠵᠠᠢ᠃ ᠡᠨᠡ ᠨᠢ ᠡᠳ᠋ ᠪᠠᠷᠠᠭᠠᠨ ᠤ᠋ ᠭᠦᠶ᠋ᠯᠭᠡᠭᠡ᠂ ᠬᠥᠮᠥᠷᠭᠡᠯᠡᠯᠳᠡ᠂ ᠬᠥᠮᠦᠨ ᠤ᠋ ᠬᠦᠴᠦᠨ ᠵᠡᠷᠭᠡ ᠵᠢᠨ ᠥᠪᠡᠷ ᠤ᠋ᠨ ᠥᠷᠲᠡᠭ ᠢ᠋ ᠠᠷᠪᠢᠯᠠᠭ᠍ᠰᠠᠨ ᠵᠢᠡᠷ ᠪᠠᠷᠠᠬᠤ ᠥᠬᠡᠶ ᠪᠠᠰᠠ ᠪᠠᠷᠠᠭᠠᠨ ᠤ᠋ ᠡᠷᠭᠢᠯᠲᠡ ᠵᠢ ᠨᠠᠩ ᠲᠦᠷᠭᠡᠨ᠂ ᠨᠠᠩ ᠥᠨᠳᠥᠷ ᠪᠦᠲᠦᠮᠵᠢᠲᠡᠶ ᠪᠣᠯᠭᠠᠪᠠ》 ᠭᠡᠵᠦ᠍ ᠤᠷᠠᠳ ᠤ᠋ᠨ ᠳᠤᠮᠳᠠᠳᠤ ᠬᠣᠱᠢᠭᠤᠨ ᠤ᠋ ᠢ ᠲᠸᠩ ᠠᠭᠤᠷᠬᠠᠶ ᠵᠢᠨ ᠦᠶ᠋ᠯᠡᠰ ᠤ᠋ᠨ ᠬᠢᠵᠠᠭᠠᠷᠲᠤ ᠺᠣᠮᠫᠠᠨᠢ ᠵᠢᠨ ᠳᠡᠳ᠋ ᠳᠠᠭᠠᠭᠠᠮᠠᠯ ᠯᠢ ᠲᠢᠶᠠᠨ ᠹᠸᠢ ᠬᠡᠯᠠᠪᠡ᠃

ᠤᠷᠠᠳ ᠪᠤᠭᠤᠮᠳᠠ ᠡᠴᠡ ᠲᠦᠮᠡᠨ ᠭᠠᠵᠠᠷ ᠤ᠋ᠨ ᠵᠠᠢᠳᠠᠢ ᠪᠠᠢᠭ᠎ᠠ ᠮᠠᠨᠵᠤᠤᠷ ᠤ᠋ᠨ ᠵᠠᠰᠠᠮᠠᠯ ᠵᠠᠮ ᠤ᠋ᠨ ᠬᠢᠯᠢ ᠵᠢᠨ ᠪᠣᠭᠣᠮᠲᠠ ᠳ᠋ᠤ ᠪᠠᠷᠠᠭᠠᠨ ᠤ᠋ ᠲᠡᠷᠭᠡ ᠬᠦᠰᠭᠡ ᠡᠮᠬᠢ ᠵᠢᠷᠤᠮ ᠲᠠᠢ ᠵᠢᠭ᠍ᠰᠠᠵᠤ᠂ ᠳᠡᠰ ᠳᠠᠷᠠᠭ᠎ᠠ ᠲᠠᠶ ᠪᠠᠷ ᠪᠣᠭᠣᠮᠲᠠ ᠪᠠᠷ ᠥᠩᠭᠡᠷᠡᠨ᠎ᠡ᠃ 2023 ᠣᠨ ᠤ᠋ 5 ᠰᠠᠷ᠎ᠠ ᠵᠢᠨ 15 ᠤ᠋ ᠡᠳᠦᠷ᠂ ᠮᠠᠨᠵᠤᠤᠷ ᠤ᠋ᠨ ᠵᠠᠰᠠᠮᠠᠯ ᠵᠠᠮ ᠤ᠋ᠨ ᠬᠢᠯᠢ ᠵᠢᠨ ᠪᠣᠭᠣᠮᠲᠠ ᠪᠥᠬᠥ᠌ ᠤᠯᠤᠰ ᠤ᠋ᠨ ᠠᠩᠬᠠᠳᠠᠭ᠍ᠴᠢ 24 ᠴᠠᠭ ᠵᠢᠡᠷ ᠪᠣᠭᠣᠮᠲᠠ ᠥᠩᠭᠡᠷᠡᠬᠦᠯᠬᠦ ᠵᠠᠰᠠᠮᠠᠯ ᠵᠠᠮ ᠤ᠋ᠨ ᠬᠢᠯᠢ ᠵᠢᠨ ᠪᠣᠭᠣᠮᠲᠠ ᠪᠣᠯᠪᠠ᠃ ᠭᠤᠷᠪᠠᠨ ᠵᠢᠯ ᠤ᠋ᠨ ᠲᠤᠷᠰᠢ᠂ ᠮᠠᠨᠵᠤᠤᠷ ᠪᠣᠭᠣᠮᠲᠠ ᠵᠢᠨ ᠬᠠᠷᠢᠶᠠᠨ ᠳ᠋ᠡᠬᠢ ᠮᠠᠨᠵᠤᠤᠷ ᠤ᠋ᠨ 18 ᠭᠠᠵᠠᠷ ᠤ᠋ᠨ ᠬᠢᠯᠢ ᠵᠢᠨ ᠪᠣᠭᠣᠮᠲᠠ ᠨᠢ 《ᠮᠡᠳᠡᠭᠡ ᠵᠠᠩᠭᠢ ᠵᠢ ᠬᠠᠮᠲᠤ ᠪᠠᠷ ᠡᠳ᠋ᠯᠡᠬᠦ᠂ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌᠂ ᠶᠡᠷᠦᠩᠬᠡᠢᠯᠡᠨ ᠵᠠᠳᠠᠯᠵᠤ ᠳᠡᠭᠡᠭ᠌ᠰᠢ ᠮᠡᠳᠡᠭᠦᠯᠬᠦ᠌》 ᠭᠤᠷᠪᠠᠨ ᠵᠦᠶ᠋ᠯ ᠤ᠋ᠨ ᠠᠵᠢᠯ ᠤ᠋ᠨ ᠲᠣᠭ᠍ᠲᠠᠴᠠ ᠳ᠋ᠤ ᠲᠦᠱᠢᠭ᠌ᠯᠡᠨ᠂ ᠮᠠᠨ ᠤ᠋ ᠤᠯᠤᠰ ᠤ᠋ᠨ ᠬᠢᠯᠢ ᠵᠢᠨ ᠪᠠᠢᠴᠠᠭᠠᠯᠲᠠ᠂ ᠪᠣᠭᠣᠮᠲᠠ ᠵᠢᠨ ᠠᠯᠪᠠᠨ ᠬᠡᠷ᠂ ᠠᠵᠤ ᠠᠬᠤᠢᠯᠠᠯ ᠵᠢᠴᠢ ᠣᠷᠣᠰ ᠤ᠋ᠨ ᠬᠢᠯᠢ ᠵᠢᠨ ᠪᠠᠢᠴᠠᠭᠠᠯᠲᠠ᠂ ᠪᠣᠭᠣᠮᠲᠠ ᠯᠤᠭ᠎ᠠ 《ᠬᠣᠶᠠᠷ ᠤᠯᠤᠰ ᠤ᠋ᠨ ᠵᠢᠷᠭᠤᠭᠠᠨ ᠲᠠᠯ᠎ᠠ》 ᠵᠢᠨ ᠬᠠᠮᠲᠤᠷᠠᠨ ᠬᠥᠳᠡᠯᠦᠯᠴᠡᠬᠦ᠌ ᠵᠢ ᠪᠡᠶᠡᠯᠡᠭᠦᠯᠵᠦ᠍᠂ 《ᠤᠷᠢᠳᠴᠢᠯᠠᠨ ᠭᠤᠶᠤᠴᠢᠯᠠᠨ ᠮᠡᠳᠡᠭᠦᠯᠬᠦ᠌᠂ ᠲᠠᠷᠤᠢ ᠎ᠳᠤᠨᠢ ᠪᠠᠢᠴᠠᠭᠠᠵᠤ ᠲᠠᠷᠤᠢ ᠎ᠳᠤᠨᠢ ᠶᠠᠪᠤᠭᠤᠯᠬᠤ》 ᠵᠠᠭ᠍ᠪᠤᠷ ᠢ᠋ ᠳᠠᠪᠬᠤᠴᠠᠭᠤᠯᠤᠨ ᠬᠡᠷᠡᠭᠯᠡᠵᠤ᠂ 《ᠪᠣᠭᠣᠮᠲᠠ ᠪᠡᠷ ᠲᠦᠷᠭᠡᠨ ᠨᠡᠪᠲᠡᠷᠡᠬᠦ᠌》 App ᠵᠢ ᠨᠡᠭᠡᠭᠡᠨ ᠭᠡᠷᠡᠭᠯᠡᠵᠦ᠂ ᠤᠶᠤᠨᠲᠤ ᠬᠢᠯᠢ ᠵᠢᠨ ᠪᠣᠭᠣᠮᠲᠠ ᠵᠢᠨ ᠪᠠᠢᠭᠤᠯᠤᠯᠳᠠ ᠵᠢ ᠠᠬᠢᠭᠤᠯᠤᠨ᠂ ᠲᠡᠷᠭᠡ ᠬᠥᠰᠭᠡ ᠵᠢ ᠱᠢᠯᠭᠠᠨ ᠥᠩᠭᠡᠷᠡᠭᠦᠯᠬᠦ᠌ ᠦᠷ᠎ᠡ ᠪᠦᠲᠦᠮᠵᠢ ᠵᠢ 30% ᠪᠠᠷ ᠳᠡᠭᠡᠭ᠌ᠰᠢᠯᠡᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号