ᠥᠪᠥᠷ ᠮᠣᠩᠭᠣᠯ᠎ᠤᠨ ᠳᠡᠭᠡᠷ᠎ᠡ ᠬᠠᠭᠠᠰ ᠵᠢᠯ᠎ᠦᠨ ᠬᠢᠯᠢ᠎ᠪᠡᠷ ᠣᠷᠣᠵᠤ ᠭᠠᠷᠤᠬᠰᠠᠨ ᠬᠥᠮᠥᠨ᠎ᠤ ᠳᠤᠭ᠎ᠠ 24.1% ᠪᠠᠷ ᠨᠡᠮᠡᠭᠳᠡᠪᠡ
2026-07-27 11:20:43
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ᠎ᠡᠴᠡ ᠣᠢᠯᠠᠭᠠᠭᠰᠠᠨ ᠵᠢᠡᠷ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠲᠣᠰ ᠶᠡᠷᠦᠩᠬᠡᠢ ᠥᠷᠲᠡᠭᠡ ᠨᠢ ᠬᠢᠯᠢ᠎ᠪᠡᠷ ᠣᠷᠣᠵᠤ ᠭᠠᠷᠬᠤ ᠬᠥᠮᠥᠨ᠎ᠢ ᠨᠡᠶ᠋ᠢᠲᠡ 293.41 ᠲᠦᠮᠡᠨ ᠬᠥᠮᠥᠨ ᠤᠳᠠᠭ᠎ᠠ ᠪᠠᠢᠴᠠᠭᠠᠨ ᠰᠢᠯᠭᠠᠵᠤ᠂ ᠵᠠᠮ ᠲᠡᠭᠡᠭᠡᠪᠦᠷᠢ᠎ᠶᠢᠨ ᠪᠠᠭᠠᠵᠢ 138.51 ᠲᠦᠮᠡᠨ (ᠴᠤᠪᠤᠭ᠎ᠠ᠂ ᠵᠢᠶᠠᠰᠠ) ᠤᠳᠠᠭ᠎ᠠ ᠪᠠᠢᠴᠠᠭᠠᠨ ᠰᠢᠯᠭᠠᠵᠤ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 24.1% ᠪᠠ 34.3 % ᠪᠡᠷ ᠨᠡᠮᠡᠭᠳᠡᠨ᠂ ᠡᠯ᠎ᠡ ᠵᠦᠢᠯ᠎ᠦᠨ ᠲᠣᠭ᠎ᠠ ᠪᠠᠷᠢᠮᠲᠠ ᠨᠢ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃

ᠬᠢᠯᠢ᠎ᠪᠡᠷ ᠣᠷᠣᠵᠤ ᠭᠠᠷᠬᠤ ᠤᠷᠤᠰᠬᠠᠯ ᠦᠷᠭᠦᠯᠵᠢᠯᠡᠨ ᠨᠡᠮᠡᠭᠳᠡᠬᠦ ᠪᠠᠢᠳᠠᠯ ᠳ᠋ᠤ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠵᠢᠡᠷ ᠬᠦᠴᠦᠨ ᠣᠯᠭᠣᠵᠦ᠂ ᠪᠠᠢᠴᠠᠭᠠᠨ ᠰᠢᠯᠭᠠᠬᠤ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ᠂ ᠣᠨᠣᠴᠠᠲᠠᠶ ᠦᠢᠯᠡᠴᠢᠯᠡᠭᠡ᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠪᠣᠭᠣᠮᠲᠠ᠎ᠶᠢᠨ ᠥᠨᠳᠥᠷ ᠪᠦᠲᠦᠮᠵᠢᠲᠡᠶ ᠤᠷᠤᠭᠰᠢᠲᠠᠢ ᠠᠵᠢᠯᠯᠠᠭᠠᠨ ᠢ᠋ ᠪᠥᠬᠥ ᠬᠦᠴᠦᠨ᠎ᠢᠶᠡᠷ᠎ᠢᠶᠡᠨ ᠪᠠᠲᠤᠯᠠᠪᠠ᠃ ᠲᠣᠰ ᠶᠡᠷᠦᠩᠬᠡᠢ ᠥᠷᠲᠡᠭᠡ ᠨᠢ ᠣᠶᠤᠨᠴᠢ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠡᠮᠦᠷ ᠵᠠᠮ᠎ᠤᠨ ᠪᠣᠭᠣᠮᠲᠠ᠎ᠳᠤ ᠤᠶᠤᠨᠴᠢ ᠪᠠᠢᠴᠠᠭᠠᠬᠤ ᠲᠥᠬᠦᠭᠡᠷᠦᠮᠵᠢ᠎ᠶᠢ ᠬᠡᠷᠡᠭᠯᠡᠵᠦ᠂ ᠭᠠᠭᠴᠠ ᠡᠭᠡᠯᠵᠢ᠎ᠶᠢᠨ ᠭᠠᠯᠲᠤ ᠲᠡᠷᠭᠡ᠎ᠶᠢᠨ ᠪᠠᠢᠴᠠᠭᠠᠨ ᠰᠢᠯᠭᠠᠬᠤ ᠴᠠᠭ᠎ᠢ 20 ᠮᠢᠨᠦ᠋ᠲ᠎ᠦᠨ ᠳᠣᠲᠣᠷ᠎ᠠ ᠪᠣᠯᠲᠠᠯ᠎ᠠ ᠪᠣᠭᠣᠨᠢᠰᠬᠠᠵᠤ᠂ 《ᠳᠠᠷᠤᠢ ᠪᠠᠢᠴᠠᠭᠠᠬᠤ ᠳᠠᠷᠤᠢ ᠦᠩᠭᠡᠷᠡᠬᠦᠯᠬᠦ》 ᠵᠢ ᠪᠡᠶᠡᠯᠡᠭᠦᠯᠪᠡ᠃ ᠡᠭᠦᠨ᠎ᠦ ᠬᠠᠮᠲᠤ᠂ 《ᠤᠷᠢᠳᠴᠢᠯᠠᠨ ᠮᠡᠳᠡᠭᠦᠯᠵᠦ ᠤᠷᠢᠳᠴᠢᠯᠠᠨ ᠪᠠᠢᠴᠠᠭᠠᠬᠤ᠂ ᠲᠦᠷᠭᠡᠨ ᠪᠠᠢᠴᠠᠭᠠᠵᠤ ᠲᠦᠷᠭᠡᠨ ᠰᠢᠯᠭᠠᠬᠤ》 ᠵᠡᠷᠭᠡ ᠪᠣᠭᠣᠮᠲᠠ ᠥᠩᠭᠡᠷᠡᠬᠦ ᠰᠢᠰᠲᠧᠮ᠎ᠢ ᠪᠠᠢᠭᠤᠯᠵᠤ᠂ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡᠨ ᠤ᠋ ᠬᠤᠷᠳᠤᠴᠠ᠎ᠵᠢ ᠲᠦᠷᠭᠡᠳᠬᠡᠪᠡ᠃

ᠪᠣᠭᠣᠮᠲᠠ᠎ᠪᠠᠷ ᠥᠩᠭᠡᠷᠡᠬᠦ᠎ᠳ᠋ᠤ ᠲᠦᠭᠦᠮ ᠦᠵᠡᠬᠦᠯᠬᠦ ᠠᠷᠭ᠎ᠠ ᠬᠡᠮᠵᠢᠶ᠎ᠡ᠎ᠶᠢᠨ ᠲᠠᠯ᠎ᠠ᠎ᠪᠠᠷ᠂ ᠲᠣᠰ ᠶᠡᠷᠦᠩᠬᠡᠢ ᠥᠷᠲᠡᠭᠡ ᠨᠢ ᠠᠵᠤ ᠠᠬᠤᠢᠯᠠᠯ᠎ᠤᠨ ᠬᠡᠷᠡᠭᠴᠡᠭᠡ ᠪᠠ ᠠᠶᠠᠨᠴᠢᠳ᠎ᠤᠨ ᠪᠡᠶᠡᠴᠢ ᠣᠢᠯᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠯᠢ ᠣᠯᠠᠨ ᠲᠤᠳᠤᠨᠤ ᠦᠢᠯᠡᠴᠢᠯᠡᠭᠡ ᠭᠠᠷᠭᠠᠪᠠ᠃ ᠵᠣᠨ᠎ᠤ ᠤᠯᠠᠷᠢᠯ᠎ᠤᠨ ᠪᠠᠷᠠᠭᠠᠨ᠎ᠤ ᠲᠡᠭᠡᠭᠡᠪᠦᠷᠢ᠎ᠶᠢᠨ ᠣᠷᠭᠢᠯ ᠦᠶ᠎ᠡ᠎ᠳᠦ ᠴᠢᠭᠯᠡᠭᠦᠯᠦᠨ᠂ ᠵᠠᠰᠠᠮᠠᠯ ᠵᠠᠮ᠎ᠤᠨ ᠪᠣᠭᠣᠮᠲᠠ᠎ᠳᠤ ᠪᠠᠷᠠᠭᠠᠨ᠎ᠤ ᠲᠡᠭᠡᠭᠡᠪᠦᠷᠢ᠎ᠶᠢᠨ ᠬᠤᠭᠤᠴᠠᠭ᠎ᠠ ᠵᠢ ᠤᠷᠲᠤᠳᠬᠠᠬᠤ ᠪᠣᠭᠣᠮᠲᠠ ᠥᠩᠭᠡᠷᠡᠬᠦ ᠦᠢᠯᠡᠴᠢᠯᠡᠭᠡ᠎ᠶᠢ ᠬᠡᠷᠡᠭᠵᠢᠭᠦᠯᠬᠦ᠎ᠶᠢᠨ ᠬᠠᠮᠲᠤ᠂ ᠲᠠᠷᠢᠶᠠᠯᠠᠩ ᠤ᠋ᠨ ᠲᠤᠰᠠᠯᠠᠬᠤ ᠪᠦᠲᠦᠭᠡᠭᠳᠡᠬᠦᠨ᠂ ᠪᠠᠷᠠᠭ᠎ᠠ ᠲᠠᠸᠠᠷ᠎ᠤᠨ ᠮᠠᠰᠢᠨ ᠲᠡᠷᠭᠡ᠎ᠶᠢᠨ ᠰᠠᠭᠠᠳ ᠦᠭᠡᠢ ᠨᠡᠪᠲᠡᠷᠡᠬᠦ ᠵᠠᠮ᠎ᠢ ᠪᠠᠢᠩᠭᠤ ᠨᠡᠭᠡᠭᠡᠵᠡᠢ᠃  ᠬᠢᠯᠢ ᠠᠯᠤᠰᠯᠠᠭᠰᠠᠨ ᠰᠤᠳᠤᠯᠤᠨ ᠰᠤᠷᠤᠯᠴᠠᠬᠤ ᠪᠦᠯᠬᠦᠮ᠂ ᠵᠢᠭᠤᠯᠴᠢᠯᠠᠯ᠎ᠤᠨ ᠪᠦᠯᠬᠦᠮ ᠵᠢᠴᠢ ᠨᠠᠰᠤᠲᠠᠢᠴᠤᠳ ᠵᠡᠷᠭᠡ ᠣᠨᠴᠠᠭᠠᠶ ᠪᠦᠯᠬᠦᠮ ᠨᠡᠢᠳᠡ᠎ᠳᠦ ᠴᠢᠭᠯᠡᠭᠦᠯᠦᠨ᠂ ᠲᠤᠰᠬᠠᠢ ᠪᠠᠢᠴᠠᠭᠠᠬᠤ ᠵᠠᠮ ᠢ᠋ ᠨᠠᠪᠲᠠᠷᠡᠭᠦᠯᠵᠦ᠂ ᠠᠷᠠᠳ᠎ᠤᠨ ᠴᠠᠭᠳᠠᠭ᠎ᠠ ᠨᠢᠭᠡᠳ ᠨᠢᠭᠡ᠎ᠪᠡᠷ ᠨᠢᠭᠤᠷᠲᠠᠨ ᠬᠠᠮᠵᠢᠯᠴᠠᠵᠤ᠂ ᠠᠶᠠᠨᠴᠢᠳ ᠤ᠋ᠨ ᠪᠣᠭᠣᠮᠲᠠ ᠥᠩᠭᠡᠷᠡᠬᠦ  ᠳ᠋ᠤ᠎ᠲᠦᠷᠭᠡᠨ ᠮᠥᠷᠲᠡᠭᠡᠨ ᠲᠦᠭᠦᠮ ᠪᠤᠯᠭᠠᠵᠠᠢ᠃

ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠦᠢᠯᠡᠴᠢᠯᠡᠭᠡᠨ᠎ᠦ ᠵᠠᠭᠪᠤᠷ᠎ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠣᠮᠲᠠ᠎ᠪᠠᠷ ᠥᠩᠭᠡᠷᠡᠬᠦ᠎ᠳᠦ ᠲᠥᠬᠥᠮ ᠦᠵᠡᠭᠦᠯᠬᠦ ᠠᠷᠭ᠎ᠠ ᠬᠡᠮᠵᠢᠶ᠎ᠡ᠎ᠶᠢ ᠲᠠᠰ ᠳᠡᠪᠰᠢᠭᠦᠯᠵᠦ᠂ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠢᠨᠠᠷ ᠰᠠᠢᠲᠠᠢ ᠥᠨᠳᠥᠷ ᠪᠦᠲᠦᠮᠵᠢᠲᠡᠶ ᠦᠢᠯᠡᠴᠢᠯᠡᠭᠡ᠎ᠪᠡᠷ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠨ᠎ᠠ ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号