ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ ᠡᠴᠡ ᠤᠢᠯᠠᠭᠠᠭᠰᠡᠨ ᠢ᠋ᠢᠡᠷ᠂ ᠡᠨᠡ ᠵᠢᠯ᠎ᠦᠨ 6 ᠰᠠᠷ᠎ᠠ᠎ᠶᠢᠨ ᠰᠡᠭᠦᠯᠴᠢ ᠪᠣᠯᠲᠠᠯ᠎ᠠ᠂ ᠪᠦᠬᠦ᠌ ᠣᠷᠣᠨ᠎ᠤ ᠰᠢᠶᠠᠩ ᠪᠠᠯᠭᠠᠰᠤ ᠵᠢᠴᠢ ᠲᠡᠭᠦᠨ᠎ᠡᠴᠡ ᠳᠣᠷᠣᠭᠰᠢᠬᠢ ᠭᠠᠵᠠᠷ ᠣᠷᠣᠨ᠎ᠤ ᠬᠠᠳᠠᠭᠠᠯᠠᠮᠵᠢ᠎ᠶᠢᠨ ᠤᠯᠤᠰ ᠤ᠋ᠨ ᠵᠢᠭᠡᠯᠡᠯᠭᠡ᠎ᠶᠢᠨ ᠪᠣᠷᠣᠯᠠᠭᠤᠯᠭ᠎ᠠ 2.68 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 3.3 ᠲᠠᠬᠢᠨ ᠨᠡᠮᠡᠭᠳᠡᠵᠡᠢ᠃
ᠡᠨᠡ ᠵᠢᠯ᠎ᠡᠴᠡ ᠨᠠᠭᠠᠰᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ ᠤᠯᠤᠰ᠎ᠤᠨ ᠵᠢᠭᠡᠯᠡᠯᠭᠡ᠎ᠶᠢ ᠬᠥᠳᠡᠭᠡ ᠪᠠᠭᠤᠯᠭᠠᠬᠤ ᠠᠵᠢᠯ᠎ᠢ ᠪᠥᠬᠥ᠌ ᠲᠠᠯ᠎ᠠ᠎ᠪᠠᠷ ᠰᠡᠷᠭᠦᠭᠡᠵᠦ᠍᠂ ᠡᠬᠢ ᠪᠠᠶᠠᠯᠢᠭ᠎ᠢ ᠣᠨᠣᠪᠴᠢᠲᠠᠶ ᠳᠣᠭᠢᠷᠠᠭᠤᠯᠤᠨ᠂ ᠬᠠᠳᠠᠭᠠᠯᠠᠮᠵᠢ ᠢ᠋ᠢᠨ ᠤᠯᠤᠰ ᠤ᠋ᠨ ᠵᠢᠭᠡᠯᠡᠯᠭᠡ ᠲᠠᠷᠬᠠᠭᠠᠬᠤ ᠲᠣᠭ᠎ᠠ ᠬᠡᠮᠵᠢᠶ᠎ᠡ᠎ᠶᠢ ᠮᠠᠯᠵᠢᠬᠤ ᠲᠠᠷᠢᠶᠠᠯᠠᠬᠤ ᠣᠷᠣᠨ ᠲᠡᠢᠰᠢ ᠭᠤᠤᠯᠳᠠᠯᠭ᠎ᠠ᠎ᠲᠠᠶ ᠬᠡᠯᠪᠡᠶ᠋ᠢᠯᠭᠡᠪᠡ᠃ ᠤᠯᠠᠭᠠᠨᠮᠥ᠋ᠴᠢᠷ᠎ᠦᠨ ᠮᠥᠩᠭᠥᠨ ᠬᠦᠢᠯᠬᠡᠬᠡᠨ ᠤ᠋ ᠤᠢᠯᠡᠴᠢᠯᠡᠬᠡᠨ᠎ᠦ ᠬᠤᠪᠢᠶᠠᠷᠢ ᠠᠩᠭᠢ᠂ ᠰᠦᠯᠵᠢᠶᠡᠨ ᠴᠡᠭ᠎ᠦᠨ ᠤᠯᠤᠰ᠎ᠤᠨ ᠵᠢᠭᠡᠯᠡᠯᠭᠡ᠎ᠶᠢᠨ ᠲᠠᠶ᠋ᠢᠯᠪᠤᠷᠢᠯᠠᠭᠴᠢ᠎ᠳᠤ ᠲᠦᠰᠢᠭᠯᠡᠨ ᠪᠠᠶ᠋ᠢᠩᠭᠤ᠎ᠶᠢᠨ ᠴᠢᠨᠠᠷᠲᠠᠶ᠎ᠪᠠᠷ ᠡᠷᠦᠬᠡ᠎ᠳᠦ ᠬᠦᠨᠵᠡᠬᠡᠢᠷᠡᠨ ᠪᠠᠢᠳᠡᠯ ᠢ᠋ ᠤᠢᠯᠠᠭᠠᠵᠤ᠂ ᠤᠯᠤᠰ᠎ᠤᠨ ᠵᠢᠭᠡᠯᠡᠯᠭᠡ᠎ᠶᠢᠨ ᠲᠥᠷᠥ᠎ᠶᠢᠨ ᠪᠣᠳᠣᠯᠭ᠎ᠠ᠎ᠶᠢ ᠨᠠᠷᠢᠯᠢᠭ ᠣᠨᠣᠪᠴᠢᠲᠠᠶ᠎ᠪᠠᠷ ᠲᠠᠶ᠋ᠢᠯᠪᠤᠷᠢᠯᠠᠬᠤ᠎ᠶᠢᠨ ᠬᠠᠮᠲᠤ᠌ ᠮᠠᠲᠠᠭ᠎ᠲᠠᠶ ᠠᠰᠠᠭᠤᠳᠠᠯ᠎ᠢ ᠰᠢᠢᠳᠪᠤᠷᠢᠯᠡᠨ᠂ ᠮᠠᠯᠴᠢᠨ ᠲᠠᠷᠢᠶᠠᠴᠢᠨ᠎ᠤ ᠬᠤᠳᠠᠯᠳᠤᠨ ᠠᠪᠬᠤ ᠬᠦᠰᠡᠯ ᠡᠷᠡᠮᠡᠯᠵᠡᠯ᠎ᠢ ᠳᠡᠭᠡᠭᠰᠢᠯᠡᠭᠦᠯᠪᠡ᠃ ᠡᠭᠦᠨ᠎ᠦ ᠬᠠᠮᠲᠤ᠌᠂ 《ᠲᠡᠷᠬᠡᠨ ᠲᠡᠬᠡᠷᠡᠬᠢ ᠤᠯᠤᠰ᠎ᠤᠨ ᠵᠢᠭᠡᠯᠡᠯᠭᠡ᠎ᠶᠢ ᠬᠥᠳᠡᠭᠡ ᠳ᠋ᠤ᠌ ᠬᠦᠷᠬᠡᠬᠦ ᠥᠷᠲᠡᠭᠡ》 ᠢ᠋ᠢ ᠰᠢᠨ᠎ᠡ᠎ᠪᠡᠷ ᠡᠭᠦᠳᠦᠨ ᠪᠠᠶ᠋ᠢᠭᠤᠯᠵᠤ᠂ ᠰᠢᠤᠳᠠᠨ᠎ᠤ ᠶᠠᠪᠤᠳᠠᠯ᠎ᠤᠨ ᠰᠢᠤᠳᠠᠨ᠎ᠤ ᠲᠡᠷᠭᠡ᠎ᠪᠡᠷ ᠨᠡᠭᠦᠳᠡᠯ ᠤᠬᠠᠭᠤᠯᠭ᠎ᠠ᠎ᠶᠢᠨ ᠠᠴᠢᠶᠠᠯᠠᠪᠤᠷᠢ ᠪᠤᠯᠭᠠᠨ᠂ ᠴᠠᠭᠳᠠᠭ᠎ᠠ ᠠᠷᠠᠳ᠎ᠤᠨ ᠬᠠᠮᠲᠤᠷᠠᠭᠰᠠᠨ ᠤᠬᠠᠭᠤᠯᠭ᠎ᠠ᠎ᠶᠢᠨ ᠴᠡᠭ᠎ᠢ ᠵᠡᠷᠭᠡ ᠪᠡᠷ ᠪᠠᠶ᠋ᠢᠭᠤᠯᠵᠤ᠂ ᠤᠯᠤᠰ᠎ᠤᠨ ᠵᠢᠭᠡᠯᠡᠯᠭᠡ᠎ᠶᠢᠨ ᠮᠡᠳᠡᠯᠭᠡ᠎ᠶᠢ ᠬᠢᠯᠢ᠎ᠬᠢᠵᠠᠭᠠᠷ ᠤ᠋ᠨ ᠮᠠᠯᠵᠢᠬᠤ ᠣᠷᠣᠨ᠎ᠳᠤ ᠬᠦᠷᠬᠡᠪᠡ᠃ ᠤᠯᠤᠰ᠎ᠤᠨ ᠵᠢᠭᠡᠯᠡᠯᠭᠡ᠎ᠶᠢ ᠬᠥᠳᠡᠭᠡ ᠪᠠᠭᠤᠯᠭᠠᠬᠤ 《ᠡᠴᠦᠰ᠎ᠦᠨ ᠨᠢᠭᠡ ᠺᠢᠯᠣᠮᠧᠲ᠋ᠷ》᠎ᠢ᠋ ᠨᠡᠪᠲᠡᠷᠡᠭᠦᠯᠬᠦ᠌᠎ᠶᠢᠨ ᠲᠥᠯᠥᠭᠡ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠢᠨ ᠰᠦᠯᠵᠢᠶᠡᠨ ᠳᠡᠭᠡᠷ᠎ᠡ 《ᠥᠪᠥᠷ ᠮᠣᠩᠭᠣᠯ᠎ᠤᠨ ᠠᠷᠠᠳ᠎ᠲᠤ᠌ ᠲᠥᠬᠥᠮ ᠦᠵᠡᠭᠦᠯᠬᠦ᠌ ᠵᠢᠭᠡᠯᠡᠯᠭᠡ ᠬᠤᠳᠠᠯᠳᠤᠨ ᠠᠪᠬᠤ ᠤᠢᠯᠡᠴᠢᠯᠡᠬᠡᠨ᠎ᠦ ᠥᠷᠲᠡᠭᠡ》 ᠢ᠋ᠢᠨ ᠵᠢᠷᠬᠢᠶ᠎ᠡ ᠢ᠋ᠢᠨ ᠵᠢᠵᠢᠭ ᠫᠷᠤᠭ᠌ᠷᠠᠮ᠎ᠢ ᠲᠠᠰ ᠳᠡᠪᠰᠢᠭᠦᠯᠵᠦ᠍᠂ ᠰᠢᠶᠠᠩ ᠪᠠᠯᠭᠠᠰᠤᠨ᠎ᠤ ᠡᠵᠡᠨᠭᠨᠡᠯᠳᠡ ᠢ᠋ᠢᠨ ᠴᠡᠭ ᠲᠦ᠍ ᠤᠯᠤᠰ᠎ᠤᠨ ᠵᠢᠭᠡᠯᠡᠯᠭᠡ᠎ᠶᠢᠨ ᠰᠠᠭᠠᠳ ᠥᠬᠡᠶ ᠨᠡᠪᠳᠡᠷᠡᠬᠦ ᠴᠣᠩᠬᠣᠪᠴᠢ ᠪᠠ ᠵᠥᠪᠯᠡᠯᠭᠡ ᠥᠭᠬᠦ᠌ ᠲᠤᠰᠬᠠᠶ ᠯᠠᠩᠭᠦᠶ ᠲᠤᠬᠢᠷᠠᠭᠤᠯᠵᠤ᠂ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠵᠢᠭᠡᠯᠡᠯᠭᠡ ᠬᠤᠳᠠᠯᠳᠤᠨ ᠠᠪᠬᠤ ᠳ᠋ᠤ᠌ ᠳᠥᠭᠥᠮ ᠦᠵᠡᠬᠦᠯᠪᠡ᠃ 6 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠳᠤ ᠬᠠᠳᠠᠭᠠᠯᠠᠮᠵᠢ᠎ᠶᠢᠨ ᠤᠯᠤᠰ ᠤ᠋ᠨ ᠵᠢᠭᠡᠯᠡᠯᠭᠡ᠎ᠶᠢᠨ ᠬᠤᠭᠤᠴᠠᠭ᠎ᠠ ᠲᠤᠯᠤᠭᠰᠠᠨᠢ ᠰᠠᠨᠠᠭᠤᠯᠬᠤ ᠲᠤᠬᠠᠶ᠋ᠢᠯᠠᠭᠰᠠᠨ ᠠᠵᠢᠯ᠎ᠢ ᠨᠡᠶ᠋ᠢᠲᠡ 468 ᠬᠤᠪᠢ ᠬᠦᠢᠴᠡᠳᠬᠡᠵᠤ᠂ ᠵᠣᠭᠣᠰ᠎ᠤᠨ ᠲᠣᠭ᠎ᠠ᠎ᠨᠢ ᠨᠡᠶ᠋ᠢᠲᠡ 8256.99 ᠲᠦᠮᠡᠨ ᠲᠥᠭᠥᠷᠢᠭ᠎ᠲᠦ᠍ ᠬᠦᠷᠴᠡᠶ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号