ᠥᠪᠥᠷ ᠮᠣᠩᠭᠣᠯ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ ᠵᠢ ᠬᠦᠴᠦᠯᠡᠨ ᠠᠬᠢᠭᠤᠯᠵᠦ ᠪᠤᠢ
2026-07-27 10:48:30
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠡᠮᠦᠨᠡᠬᠡᠨ ᠪᠦᠬᠦ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠠᠵᠢᠯ ᠢ᠋ ᠪᠠᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠣᠢᠷ᠎ᠠ᠎ᠶᠢᠨ ᠡᠳᠦᠷ ᠳᠠᠷᠤᠮᠠᠯᠯᠠᠨ ᠲᠠᠷᠬᠠᠭᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠵᠢᠭᠦᠯᠬᠦ ᠲᠥᠰᠥᠯ (2026 ︱ 2030 ᠣᠨ)》 (ᠳᠣᠷᠣᠭ᠍ᠰᠢ 《ᠲᠥᠰᠥᠯ》 ᠭᠡᠵᠦ ᠳᠥᠭᠥᠮᠴᠢᠯᠡᠨ᠎ᠡ) ᠳ᠋ᠤ ᠲᠠᠢᠯᠤᠮᠵᠢ ᠬᠢᠵᠦ ᠪᠠᠢᠷᠢᠯᠠᠭᠤᠯᠤᠯᠲᠠ ᠬᠢᠵᠡᠢ᠃

ᠲᠣᠰ 《ᠲᠥᠰᠥᠯ》 ᠢ᠋ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠲᠠᠢ ᠬᠠᠮᠲᠤᠷᠠᠨ ᠳᠠᠷᠤᠮᠠᠯᠯᠠᠨ ᠲᠠᠷᠬᠠᠭᠠᠵᠤ᠂ ᠨᠡᠶ᠋ᠢᠲᠡ 3 ᠬᠡᠰᠡᠭ ᠬᠤᠪᠢᠶᠠᠨ᠂ 15 ᠵᠦᠢᠯ᠎ᠦᠨ ᠠᠷᠭ᠎ᠠ ᠬᠡᠮᠵᠢᠶ᠎ᠡ ᠠᠪᠴᠤ᠂ 《ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ》 4 ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠦᠭᠡ᠎ᠶᠢ ᠰᠣᠨᠣᠰᠴᠤ ᠨᠠᠮ᠎ᠢᠶᠠᠨ ᠳᠠᠭᠠᠨ ᠤᠷᠤᠬᠰᠢᠯᠠᠬᠤ᠂ ᠡᠷᠳᠡᠮ ᠴᠢᠳᠠᠪᠤᠷᠢ᠎ᠪᠠᠷ ᠴᠢᠩᠭ᠎ᠠ ᠲᠤᠬᠠᠢᠯᠠᠭᠰᠠᠨ ᠠᠵᠢᠯ᠎ᠳᠠᠭᠠᠨ ᠴᠠᠭᠠᠷᠠᠭᠰᠠᠨ᠂ ᠬᠠᠢᠷ᠎ᠠ ᠰᠡᠳᠬᠢᠯᠭᠡ᠎ᠲᠠᠢ᠎ᠪᠡᠷ ᠬᠤᠪᠢ ᠨᠡᠮᠡᠷᠢ ᠦᠵᠡᠭᠦᠯᠬᠦ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢ ᠬᠦᠴᠦᠯᠡᠨ ᠪᠠᠶ᠋ᠢᠭᠤᠯᠤᠨ᠎ᠠ ᠭᠡᠪᠡ᠃

《ᠲᠥᠰᠥᠯ》 ᠳ᠋ᠤ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠬᠥᠮᠦᠵᠢᠬᠦᠯᠬᠦ ᠠᠵᠢᠯ᠎ᠢ ᠴᠢᠩᠭᠠᠳᠬᠠᠬᠤ ᠲᠠᠯ᠎ᠠ᠎ᠪᠠᠷ᠂ ᠦᠵᠡᠯ ᠰᠠᠨᠠᠭ᠎ᠠ ᠤᠯᠤᠰ ᠲᠥᠷᠥ᠎ᠶᠢᠨ ᠰᠦᠭ ᠰᠦᠨᠡᠰᠦ᠎ᠶᠢ ᠱᠤᠭᠤᠵᠤ ᠬᠥᠲᠥᠯᠥᠨ ᠳᠠᠭᠠᠭᠤᠯᠬᠤ᠎ᠶᠢ ᠲᠡᠷᠢᠭᠦᠨ᠎ᠳᠤ ᠲᠠᠯᠪᠢᠵᠤ᠂ ᠲᠠᠰ ᠲᠥᠷᠥᠯ ᠬᠤᠪᠢᠶᠠᠨ ᠪᠣᠯᠪᠠᠰᠤᠷᠠᠭᠤᠯᠬᠤ ᠰᠢᠰᠲᠧᠮ ᠢ᠋ ᠪᠦᠷᠢᠨᠰᠢᠭᠦᠯᠵᠦ᠂ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ; ᠶᠡᠬᠡ ᠳᠡᠭᠡᠳᠦ ᠰᠤᠷᠭᠠᠭᠤᠯᠢ᠎ᠶᠢᠨ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠳᠠᠳᠤᠯᠭ᠎ᠠ ᠦᠢᠯᠡᠳᠦᠯᠭᠡ᠎ᠶᠢᠨ ᠰᠠᠭᠤᠷᠢᠨ᠎ᠢ ᠬᠠᠮᠲᠤ ᠪᠠᠷ ᠪᠠᠢᠭᠤᠯᠵᠤ᠂ 《ᠬᠣᠣᠰ ᠬᠢᠷᠢ ᠬᠡᠮ᠎ᠲᠠᠢ》 ᠪᠠᠭ᠍ᠰᠢ᠎ᠶᠢᠨ ᠡᠩᠨᠡᠭᠡ᠎ᠶᠢ ᠪᠠᠢᠭᠤᠯᠤᠨ᠎ᠠ᠃ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠬᠡᠷᠡᠭᠯᠡᠬᠦ ᠡᠷᠴᠢᠮ᠎ᠢ ᠴᠢᠩᠭᠠᠷᠠᠭᠤᠯᠬᠤ ᠲᠠᠯ᠎ᠠ᠎ᠪᠠᠷ᠂ ᠭᠣᠣᠯᠳᠠᠯᠭ᠎ᠠ᠎ᠲᠠᠢ ᠣᠷᠣᠨ ᠪᠦᠰᠡ᠎ᠶᠢᠨ ᠨᠡᠢᠭᠡᠮ᠎ᠦᠨ ᠠᠵᠢᠯᠲᠠᠨ᠎ᠤ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ᠎ᠶᠢ ᠬᠡᠷᠡᠭᠵᠢᠭᠦᠯᠵᠦ᠂ ᠰᠤᠷᠭᠠᠭᠤᠯᠢ᠂ ᠡᠮ ᠡᠮᠨᠡᠯᠭᠡ᠂ ᠰᠢᠨ᠎ᠡ ᠠᠵᠢᠯ ᠣᠯᠭᠣᠯᠲᠠ᠎ᠶᠢᠨ ᠪᠦᠯᠬᠦᠮ ᠨᠡᠢᠲᠡ ᠵᠡᠷᠭᠡ ᠰᠢᠨ᠎ᠡ᠎ᠪᠡᠷ ᠮᠠᠨᠳᠤᠬᠰᠠᠨ ᠦᠢᠯᠡᠴᠢᠯᠡᠭᠡᠨ᠎ᠦ ᠬᠦᠷᠢᠶ᠎ᠡ᠎ᠶᠢ ᠥᠷᠭᠡᠳᠬᠡᠨ᠂ ᠠᠵᠢᠯ ᠦᠢᠯᠡᠰ᠎ᠦᠨ ᠨᠢᠭᠡᠴᠢ᠂ ᠡᠮᠴᠢᠯᠡᠭᠡᠨ᠎ᠦ ᠪᠠᠢᠭᠤᠯᠤᠮᠵᠢ᠂ ᠰᠤᠷᠭᠠᠭᠤᠯᠢ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ ᠵᠡᠷᠭᠡ᠎ᠳᠦ ᠨᠡᠢᠭᠡᠮ᠎ᠦᠨ ᠠᠵᠢᠯᠲᠠᠨ᠎ᠤ ᠠᠵᠢᠯ᠎ᠤᠨ ᠪᠠᠢᠷᠢ᠎ᠶᠢ ᠲᠥᠷᠥᠯ ᠬᠤᠪᠢᠶᠠᠨ ᠲᠣᠬᠢᠷᠠᠭᠤᠯᠤᠨ᠎ᠠ; 《ᠲᠤᠰᠬᠠᠢ ᠠᠵᠢᠯ᠎ᠤᠨ ᠨᠡᠢᠭᠡᠮ᠎ᠦᠨ ᠠᠵᠢᠯᠲᠠᠨ + ᠰᠠᠢᠨ ᠳᠤᠷ᠎ᠠ᠎ᠶᠢᠨ ᠦᠢᠯᠡᠴᠢᠯᠡᠭᠡ》 ᠢ᠋ᠢᠨ ᠬᠣᠯᠪᠤᠭᠠᠯᠠᠨ ᠬᠥᠳᠡᠯᠦᠯᠴᠡᠬᠦ ᠵᠠᠭᠪᠤᠷ᠎ᠢ ᠭᠦᠨᠵᠡᠭᠡᠢᠷᠡᠭᠦᠯᠦᠨ᠎ᠡ᠃ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠦᠨᠡᠯᠡᠬᠦ ᠳᠦᠷᠢᠮ᠎ᠢ ᠰᠠᠢᠵᠢᠷᠠᠭᠤᠯᠬᠤ ᠲᠠᠯ᠎ᠠ᠎ᠪᠠᠷ᠂ ᠠᠵᠢᠯ ᠮᠡᠷᠭᠡᠵᠢᠯ᠎ᠦᠨ ᠶᠣᠰᠣ᠌ ᠮᠣᠷᠠᠯ᠎ᠤᠨ ᠨᠠᠵᠠᠭᠠᠢ ᠲᠠᠯ᠎ᠠ᠎ᠶᠢᠨ ᠨᠠᠷᠢᠨ ᠳᠠᠩᠰᠠ ᠪᠠ ᠢᠲᠡᠭᠡᠮᠵᠢ ᠠᠯᠳᠠᠭᠰᠠᠳ᠎ᠢ ᠵᠠᠯᠬᠠᠭᠠᠨ ᠴᠡᠭᠡᠷᠯᠡᠭᠦᠯᠬᠦ ᠳᠦᠷᠢᠮ᠎ᠢ ᠪᠠᠢᠭᠤᠯᠵᠤ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠦᠢᠯᠡᠴᠢᠯᠡᠭᠡᠨ᠎ᠦ ᠪᠠᠷᠢᠮᠵᠢᠶ᠎ᠠ᠎ᠶᠢ ᠲᠣᠭᠲᠠᠭᠠᠵᠤ᠂ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ᠂ ᠦᠷᠭᠦᠯᠵᠢᠯᠡᠨ ᠰᠤᠷᠭᠠᠨ ᠬᠥᠮᠥᠵᠢᠭᠦᠯᠬᠦ᠂ ᠠᠵᠢᠯ ᠡᠷᠭᠢᠯᠡᠬᠦ ᠪᠠᠢᠳᠠᠯ᠎ᠤᠨ ᠬᠥᠳᠡᠯᠦᠩᠭᠦᠢ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠤᠨ᠎ᠠ᠃ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠤᠷᠮᠠᠰᠢᠭᠤᠯᠬᠤ ᠲᠣᠭᠲᠠᠴᠠ᠎ᠶᠢ ᠲᠡᠭᠦᠯᠳᠡᠷᠵᠢᠭᠦᠯᠬᠦ ᠲᠠᠯ᠎ᠠ᠎ᠪᠠᠷ᠂ ᠣᠯᠠᠨ ᠲᠠᠰ ᠳᠠᠪᠬᠤᠷᠭ᠎ᠠ᠎ᠶᠢᠨ ᠴᠠᠯᠢᠩ ᠬᠥᠯᠥᠰᠦ᠎ᠶᠢᠨ ᠪᠠᠲᠤᠯᠠᠭ᠎ᠠ᠎ᠶᠢᠨ ᠲᠣᠭᠲᠠᠴᠠ᠎ᠶᠢ ᠪᠠᠢᠭᠤᠯᠵᠤ᠂ ᠨᠡᠢᠭᠡᠮ ᠲᠣᠭᠣᠷᠢᠭ᠋᠎ᠤᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠦᠨ ᠨᠡᠮᠡᠬᠦᠷᠢ ᠵᠢ ᠨᠠᠢᠲᠠᠪᠤᠷᠢᠵᠢᠭᠤᠯᠤᠨ᠎ᠠ; ᠬᠢᠯᠢ ᠬᠢᠵᠠᠭᠠᠷ ᠣᠷᠣᠨ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠦᠨᠳᠦᠰᠦᠯᠡᠭᠰᠡᠨ ᠪᠥᠭᠡᠳ ᠪᠣᠳᠠᠲᠤ ᠠᠮᠵᠢᠯᠲᠠ ᠪᠦᠲᠦᠮᠵᠢ᠎ᠪᠡᠷ ᠲᠣᠪᠣᠢᠮ᠎ᠠ ᠨᠡᠢᠭᠡᠮ᠎ᠦᠨ ᠠᠵᠢᠯᠲᠠᠨ᠎ᠳᠤ ᠰᠢᠯᠢᠳᠡᠭ᠎ᠢ ᠨᠢ ᠰᠢᠯᠭᠠᠷᠠᠭᠤᠯᠵᠤ ᠲᠡᠷᠢᠭᠦᠨ᠎ᠢ ᠰᠠᠢᠰᠢᠶᠠᠬᠤ᠂ ᠲᠤᠰᠢᠶᠠᠯ᠎ᠤᠨ ᠲᠠᠰ᠎ᠢ ᠨᠡᠪᠲᠡᠷᠡᠭᠦᠯᠬᠦ ᠲᠠᠯ᠎ᠠ᠎ᠪᠠᠷ ᠬᠠᠷᠠᠭᠠᠯᠵᠠᠯ ᠦᠵᠡᠭᠦᠯᠦᠨ᠎ᠡ; ᠲᠡᠷᠢᠭᠦᠨ᠎ᠦ ᠨᠡᠢᠲᠡᠯᠢᠭ ᠵᠢᠱ᠌ᠢᠶ᠎ᠡ ᠵᠢ ᠰᠤᠩᠭᠤᠨ ᠪᠤᠢ ᠪᠤᠯᠭᠠᠬᠤ ᠤᠬᠠᠭᠤᠯᠭ᠎ᠠ᠎ᠶᠢ ᠴᠢᠩᠭᠠᠳᠬᠠᠵᠤ᠂ 《ᠬᠠᠮᠤᠭ᠎ᠤᠨ ᠭᠣᠶᠣ᠌ ᠨᠡᠢᠭᠡᠮ᠎ᠦᠨ ᠠᠵᠢᠯᠲᠠᠨ》 ᠤ᠋ ᠤᠬᠠᠭᠤᠯᠭ᠎ᠠ᠎ᠶᠢᠨ ᠲᠥᠷᠥᠯ ᠲᠡᠮᠳᠡᠭ ᠢ᠋ ᠪᠣᠶ ᠪᠣᠯᠭᠠᠨ᠎ᠠ ᠬᠡᠵᠦ ᠲᠤᠷᠠᠳᠪᠠ᠃

《ᠲᠥᠰᠥᠯ》 ᠳ᠋ᠤ᠂ 2030 ᠣᠨ ᠪᠣᠯᠬᠤ᠎ᠳᠤ ᠪᠦᠬᠦ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠳᠤ ᠴᠢᠬᠤᠯᠠ ᠱᠠᠲᠤ ᠦᠶ᠎ᠡ᠎ᠶᠢᠨ ᠴᠢᠨᠠᠷᠲᠠᠢ ᠦᠷ᠎ᠡ ᠪᠦᠲᠦᠮᠵᠢ ᠤᠯᠵᠦ᠂ ᠠᠵᠢᠯᠯᠠᠭᠠᠨ᠎ᠤ ᠲᠣᠭᠲᠠᠴᠠ᠎ᠶᠢ ᠴᠢᠨᠠᠭᠰᠢᠳᠠ ᠲᠡᠭᠦᠯᠳᠡᠷᠵᠢᠭᠦᠯᠵᠦ᠂ ᠪᠦᠬᠦ ᠬᠡᠯᠬᠢᠶ᠎ᠡ᠎ᠶᠢᠨ ᠲᠥᠷᠥ᠎ᠶᠢᠨ ᠪᠣᠳᠣᠯᠭ᠎ᠠ᠎ᠶᠢᠨ ᠳᠦᠷᠢᠮ᠎ᠦᠨ ᠰᠢᠰᠲᠧᠮ᠎ᠢ 《ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ》᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠂ ᠡᠩᠨᠡᠭᠡ᠎ᠶᠢᠨ ᠪᠦᠲᠦᠴᠡ ᠬᠢᠭᠡᠳ ᠣᠷᠣᠨ ᠪᠦᠰᠡ᠎ᠶᠢᠨ ᠪᠠᠢᠷᠢᠰᠢᠭᠤᠯᠤᠯᠲᠠ᠎ᠶᠢ ᠨᠠᠩ ᠰᠢᠯᠢᠳᠡᠭᠵᠢᠭᠦᠯᠬᠦ ᠬᠠᠨᠳᠤᠰᠢ᠎ᠲᠠᠢ ᠪᠣᠯᠭᠠᠵᠤ᠂ ᠠᠵᠢᠯ ᠮᠡᠷᠭᠡᠵᠢᠭᠰᠡᠨ᠂ ᠲᠤᠰᠬᠠᠢᠵᠢᠬᠰᠠᠨ ᠬᠢᠷᠢ ᠬᠡᠮᠵᠢᠶ᠎ᠡ᠎ᠶᠢ ᠢᠯᠡᠳᠲᠡ ᠳᠡᠭᠡᠭᠰᠢᠯᠡᠭᠦᠯᠦᠨ᠂ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠤ ᠪᠠᠭᠲᠠᠭᠠᠮᠵᠢ᠎ᠶᠢ ᠦᠷᠭᠦᠯᠵᠢᠯᠡᠨ ᠥᠷᠭᠡᠳᠬᠡᠵᠦ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠬᠠᠩᠭᠠᠯᠭ᠎ᠠ᠎ᠶᠢᠨ ᠶᠡᠷᠦᠩᠬᠡᠢ ᠬᠡᠮᠵᠢᠶ᠎ᠡ᠎ᠶᠢ ᠲᠣᠭᠲᠠᠭᠤᠨ᠎ᠢᠶᠠᠷ ᠨᠡᠮᠡᠭᠳᠡᠭᠦᠯᠦᠨ᠂ ᠪᠥᠬᠥ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ 8 ᠲᠦᠮᠡᠨ ᠬᠥᠮᠥᠨ᠎ᠳᠦ ᠬᠦᠷᠦᠭᠦᠯᠵᠦ᠂ ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠲᠠᠢ ᠬᠥᠮᠥᠨ᠎ᠦ ᠲᠣᠭ᠎ᠠ᠎ᠶᠢ 7 ᠲᠦᠮᠡᠨ ᠬᠥᠮᠥᠨ᠎ᠳᠦ ᠬᠦᠷᠬᠡᠨ᠎ᠡ ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号