ᠪᠢᠴᠢᠯ ᠰᠢᠭᠦᠮᠵᠢ
2026-07-27 10:43:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠭᠠᠳᠠᠭ᠍ᠰᠢ ᠭᠠᠷᠬᠤ ᠣᠷᠭᠢᠯ ᠦᠶ᠎ᠡ ᠬᠦᠷᠴᠦ ᠢᠷᠡᠬᠦ᠎ᠶᠢ ᠳᠠᠭᠠᠯᠳᠤᠨ᠂ ᠨᠡᠢᠭᠡᠮ᠎ᠦᠨ ᠬᠠᠷᠢᠯᠴᠠᠭᠠᠨ᠎ᠤ ᠲᠠᠪᠴᠠᠩ᠎ᠳᠤ 《ᠬᠡᠦᠬᠡᠳ ᠭᠠᠭᠴᠠᠭᠠᠷ ᠵᠢᠡᠨ ᠲᠦᠷᠭᠡᠨ᠎ᠦ ᠭᠠᠯᠳᠤ ᠲᠡᠷᠭᠡ᠎ᠳᠤ ᠰᠠᠭᠤᠬᠤ ᠠᠷᠭ᠎ᠠ》 ᠬᠡᠮᠡᠨ ᠢᠯᠡᠷᠡᠪᠡ᠃ ᠭᠣᠣᠯᠳᠠᠯᠭ᠎ᠠ᠎ᠲᠠᠢ ᠠᠶᠠᠨᠴᠢᠳ᠎ᠦᠨ ᠪᠣᠯᠵᠣᠯ᠎ᠢ ᠭᠣᠶᠣᠴᠢᠯᠠᠬᠰᠠᠨ ᠪᠠᠢᠪᠠᠯ ᠪᠦᠬᠦ ᠠᠶᠠᠨ ᠵᠠᠮ᠎ᠳᠦ ᠬᠠᠨᠢ ᠪᠣᠯᠵᠦ ᠬᠠᠷᠠᠵᠦ ᠬᠠᠷᠠᠭᠠᠯᠵᠠᠵᠦ ᠶᠠᠪᠣᠨ᠎ᠠ ᠬᠡᠰᠡᠨ᠎ᠢ ᠵᠠᠷᠢᠮ ᠪᠦᠷᠭᠡ ᠵᠢᠨ ᠡᠵᠡᠨ ᠰᠡᠵᠢᠭᠯᠡᠵᠦ ᠪᠠᠢᠨ᠎ᠠ᠃ ᠲᠡᠮᠦᠷ ᠵᠠᠮ᠎ᠤᠨ 12306 ᠠᠶᠠᠨᠴᠢᠳ᠎ᠤᠨ ᠦᠢᠯᠡᠴᠢᠯᠡᠭᠡ ᠵᠢᠨ ᠲᠦᠪ᠎ᠡᠴᠡ ᠲᠠᠢᠯᠪᠤᠷᠢᠯᠠᠬᠤ᠎ᠳᠠᠭᠠᠨ᠂ ᠡᠨᠡ ᠵᠢᠯ᠎ᠦᠨ 6 ᠰᠠᠷ᠎ᠠ᠎ᠶᠢᠨ 1 ᠎ᠦ ᠡᠳᠦᠷ᠎ᠡᠴᠡ ᠡᠬᠢᠯᠡᠵᠦ ᠬᠡᠷᠡᠭᠵᠢᠭᠦᠯᠦᠭᠰᠡᠨ 《ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶᠢᠨ ᠳᠦᠷᠢᠮ》᠎ᠳᠦ᠂ ᠠᠶᠠᠨᠴᠢᠳ᠎ᠤᠨ ᠭᠠᠯᠲᠤ ᠲᠡᠷᠭᠡᠨ᠎ᠳᠦ ᠰᠠᠭᠤᠵᠦ ᠰᠣᠷᠭᠠᠭᠣᠯᠢ᠎ᠳᠦ ᠣᠴᠢᠬᠣ ᠴᠢᠬᠤᠯᠠᠲᠠᠢ ᠰᠤᠷᠤᠭ᠍ᠴᠢᠳ ᠪᠣᠯᠣᠨ ᠲᠡᠮᠦᠷ ᠵᠠᠮ᠎ᠤᠨ ᠲᠡᠭᠡᠭᠡᠪᠦᠷᠢ᠎ᠶᠢᠨ ᠠᠵᠤ ᠠᠬᠤᠢᠯᠠᠯ᠎ᠡᠴᠡ ᠠᠶᠠᠨ ᠵᠠᠮ᠎ᠳᠦᠨᠢ᠎ᠬᠠᠷᠠᠭᠠᠯᠵᠠᠨ ᠬᠠᠮᠠᠭᠠᠯᠠᠬᠤ᠎ᠶᠢ ᠵᠥᠪᠰᠢᠶᠡᠷᠡᠭᠰᠡᠨ ᠬᠡᠦᠬᠡᠳ᠎ᠡᠴᠡ ᠭᠠᠳᠠᠨ᠎ᠠ᠂ ᠪᠦᠬᠦᠯᠢ 14 ᠨᠠᠰᠤ ᠬᠦᠷᠦᠭᠡᠳᠦᠢ ᠬᠡᠦᠬᠡᠳ ᠲᠣᠮᠣ ᠬᠦᠮᠦᠨ᠎ᠢ ᠲᠠᠭᠠᠵᠦ ᠠᠶᠠᠨ ᠵᠠᠮ ᠬᠦᠬᠡᠬᠡᠬᠦ ᠬᠡᠷᠡᠭᠳᠡᠢ᠃ ᠲᠦᠷ ᠴᠠᠭ ᠲᠤᠰᠬᠠᠢᠯᠠᠨ ᠬᠡᠦᠬᠡᠳ᠎ᠲᠦ ᠬᠠᠨᠳᠤᠭᠤᠯᠤᠭᠰᠠᠨ ᠬᠠᠷᠠᠵᠤ ᠬᠠᠷᠠᠭᠠᠯᠵᠠᠬᠤ ᠦᠢᠯᠡᠴᠢᠯᠡᠭᠡ ᠪᠠᠢᠬᠤ ᠦᠭᠡᠢ ᠬᠡᠵᠡᠢ᠃

ᠦᠨᠡᠯᠡᠯᠲᠡ᠄ ᠪᠦᠬᠦᠯᠢ 14 ᠨᠠᠰᠤ ᠬᠦᠷᠦᠭᠡᠳᠦᠢ ᠬᠡᠦᠬᠡᠳ ᠵᠠᠷᠴᠢᠮ ᠳᠡᠭᠡᠷ᠎ᠡ᠎ᠪᠡᠨ ᠨᠠᠰᠤᠨ᠎ᠳᠤ ᠬᠦᠷᠦᠭᠰᠡᠳ᠎ᠲᠠᠢ ᠬᠠᠮᠲᠤ ᠶᠠᠪᠤᠬᠤ ᠴᠢᠬᠤᠯᠠᠲᠠᠢ᠃ ᠣᠨᠴᠠᠭᠠᠢ ᠠᠷᠭ᠎ᠠ ᠪᠣᠳᠣᠯᠭ᠎ᠠ᠎ᠭᠠᠷᠭᠠᠵᠦ ᠬᠡᠣᠭᠡᠳ᠎ᠢ ᠭᠠᠬᠴᠠᠭᠠᠷ᠎ᠢ ᠨᠢ ᠶᠠᠪᠣᠭᠣᠯᠬᠣ ᠡᠴᠡ ᠲᠣᠰᠬᠠᠢ ᠲᠦᠷᠢᠮ ᠲᠣᠭᠳᠠᠭᠠᠯ ᠲᠣᠭᠳᠠᠭᠠᠨ ᠬᠡᠣᠭᠡᠳ᠎ᠦᠨ ᠠᠮᠣᠷ ᠲᠦᠪᠰᠢᠨ ᠠᠶᠠᠨ ᠵᠠᠮ ᠬᠦᠬᠡᠬᠡᠬᠦ ᠵᠢ ᠪᠠᠳᠦᠯᠠᠪᠠᠯ ᠵᠣᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号