ᠬᠥᠬᠡᠡᠡᠣᠲᠠ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠶᠠᠰᠤ ᠴᠢᠨᠠᠷ ᠤ᠋ᠨ ᠣᠨ ᠤ᠋ ᠠᠵᠢᠯᠯᠠᠭ᠎ᠠ ᠵᠢ ᠡᠷᠬᠢᠯᠡᠪᠡ
2026-07-27 09:53:13
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠬᠥᠬᠡᠡᠡᠣᠲᠠ ᠵᠢᠨ《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠪᠦᠲᠦᠭᠡᠨ ᠪᠠᠢᠭᠤᠯᠤᠯᠲᠠ ᠵᠢᠨ ᠶᠠᠰᠤ ᠴᠢᠨᠠᠷ ᠢ᠋ ᠪᠥᠬᠥ ᠲᠠᠯ᠎ᠠ ᠪᠡᠷ ᠳᠡᠭᠡᠭᠰᠢᠯᠡᠭᠦᠯᠬᠦ ᠵᠢᠨ ᠲᠥᠯᠥᠭᠡ᠂ 5 ᠰᠠᠷ᠎ᠠ ᠵᠢᠨ 28 ᠤ᠋ ᠡᠳᠦᠷ ᠡᠴᠡ ᠡᠬᠢᠯᠡᠨ᠂ ᠬᠥᠬᠡᠡᠡᠣᠲᠠ ᠵᠢᠨ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠵᠢᠯᠣᠭᠣᠳᠤᠨ ᠦᠢᠯᠡᠴᠢᠯᠡᠬᠦ ᠳᠤᠭᠤᠢᠯᠠᠩ ᠤᠷᠢᠳ ᠬᠣᠵᠢᠳ ᠰᠢᠨ᠎ᠡ ᠬᠣᠲᠠ ᠲᠣᠭᠣᠷᠢᠭ᠋᠂ ᠬᠣᠲᠣᠩ ᠠᠷᠠᠳ ᠤ᠋ᠨ ᠲᠣᠭᠣᠷᠢᠭ᠋᠂ ᠲᠦᠮᠡᠳ ᠵᠡᠭᠦᠨ ᠬᠣᠰᠢᠭᠤ᠂ ᠲᠣᠭᠲᠠᠬᠤ ᠰᠢᠶᠠᠨ ᠵᠢᠴᠢ ᠦᠴᠦᠸᠠᠨ ᠰᠢᠶᠠᠨ ᠳ᠋ᠤ ᠬᠦᠷᠴᠦ ᠲᠤᠬᠠᠢ ᠵᠢᠨ ᠲᠠᠯᠠᠪᠠᠶ ᠳ᠋ᠤ ᠪᠠᠢᠴᠠᠭᠠᠨ ᠦᠵᠡᠬᠦ᠂ ᠮᠠᠲᠧᠷᠢᠶᠠᠯ ᠪᠠᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶ᠋ᠢ ᠰᠣᠨᠣᠰᠬᠤ ᠵᠡᠷᠭᠡ ᠠᠷᠭ᠎ᠠ ᠮᠠᠶᠢᠭ᠋ ᠵᠢᠡᠷ ᠳᠠᠮᠵᠢᠭᠤᠯᠤᠨ ᠪᠠᠢᠴᠠᠭᠠᠯᠲᠠ ᠵᠢᠯᠣᠭᠣᠳᠤᠯᠭ᠎ᠠ ᠥᠷᠨᠢᠭᠦᠯᠪᠡ᠃

《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠶᠠᠰᠤ ᠴᠢᠨᠠᠷ ᠤ᠋ᠨ ᠣᠨ ᠤ᠋ ᠠᠵᠢᠯᠯᠠᠭ᠎ᠠ ᠵᠢᠨ ᠤᠷᠤᠭᠰᠢᠲᠠᠢ ᠶᠠᠪᠤᠭᠳᠠᠬᠤ ᠶ᠋ᠢ ᠪᠠᠲᠤᠯᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠬᠤ ᠵᠢᠨ ᠲᠥᠯᠥᠭᠡ᠂ ᠲᠦᠷᠦᠭᠦᠬᠡᠨ ᠬᠦᠬᠡᠡᠡᠤᠲᠠ ᠵᠢᠨ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠪᠥᠬᠥ ᠬᠣᠲᠠ ᠵᠢᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠶᠠᠰᠤ ᠴᠢᠨᠠᠷ ᠤ᠋ᠨ ᠣᠨ ᠤ᠋ ᠠᠵᠢᠯᠯᠠᠭ᠎ᠠ ᠵᠢᠨ ᠠᠵᠢᠯ ᠢ᠋ ᠠᠬᠢᠭᠤᠯᠬᠤ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ᠃ ᠬᠤᠷᠠᠯ ᠡᠴᠡ ᠬᠦᠬᠡᠡᠡᠤᠲᠠ ᠵᠢᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠲᠥᠯᠦᠪᠵᠢᠭᠦᠯᠭᠡ ᠵᠢᠨ ᠡᠭᠦᠷᠭᠡ ᠶ᠋ᠢᠨ 228.41 ᠲᠦᠮᠡᠨ ᠮᠦ᠍ ᠶ᠋ᠢ ᠨᠢᠭᠡᠨᠲᠡ ᠪᠦᠬᠦᠨ ᠢ᠋ ᠪᠡᠶᠡᠯᠡᠭᠦᠯᠵᠦ᠂ ᠣᠳᠣᠬᠠᠨ ᠤ᠋ ᠭᠣᠣᠯ ᠡᠭᠦᠷᠭᠡ ᠨᠢ ᠦᠷᠭᠦᠯᠵᠢᠯᠡᠨ ᠶᠡᠬᠡ ᠬᠡᠪᠴᠢᠶ᠎ᠡ ᠪᠡᠷ ᠪᠦᠲᠦᠭᠡᠨ ᠪᠠᠶ᠋ᠢᠭᠤᠯᠬᠤ ᠶᠠᠪᠤᠳᠠᠯ ᠪᠢᠰᠢ᠂ ᠬᠠᠷᠢᠨ ᠨᠢᠭᠡᠨᠲᠡ ᠪᠠᠢᠭᠤᠯᠤᠭᠰᠠᠨ ᠢᠨᠵᠧᠨᠧᠷᠢᠩ ᠤ᠋ᠨ ᠦᠷ᠎ᠡ ᠪᠦᠲᠦᠭᠡᠯ ᠢ᠋ ᠪᠡᠬᠢᠵᠢᠭᠦᠯᠦᠨ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠶᠠᠰᠤ ᠴᠢᠨᠠᠷ ᠤ᠋ᠨ ᠣᠨ ᠤ᠋ ᠠᠵᠢᠯᠯᠠᠭ᠎ᠠ ᠨᠢ ᠶᠠᠭ ᠡᠨᠡ ᠬᠦ᠌ ᠪᠣᠳᠠᠲᠠᠢ ᠬᠡᠷᠡᠭᠴᠡᠭᠡ ᠳ᠋ᠤ ᠨᠡᠢᠴᠡᠵᠦ᠂ ᠬᠦᠬᠡᠡᠡᠤᠲᠠ ᠵᠢᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠪᠡᠬᠢᠵᠢᠭᠦᠯᠦᠨ ᠳᠡᠭᠡᠭᠰᠢᠯᠡᠭᠦᠯᠬᠦ ᠶ᠋ᠢ ᠠᠬᠢᠭᠤᠯᠬᠤ ᠳ᠋ᠤ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠬᠠᠩᠭᠠᠪᠠ᠃ ᠡᠯ᠎ᠡ ᠬᠣᠰᠢᠭᠤ ᠰᠢᠶᠠᠨ 《ᠬᠥᠬᠡᠡᠡᠣᠲᠠ ᠵᠢᠨ 〈ᠤᠮᠠᠷᠠᠲᠤ ᠵᠢᠨ ᠭᠤᠷᠪᠠᠨ ᠣᠷᠣᠨ〉 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠪᠦᠲᠦᠭᠡᠨ ᠪᠠᠢᠭᠤᠯᠤᠯᠲᠠ ᠵᠢᠨ ᠶᠠᠰᠤ ᠴᠢᠨᠠᠷ ᠤ᠋ᠨ ᠣᠨ ᠤ᠋ ᠠᠵᠢᠯᠯᠠᠭᠠᠨ ᠤ᠋ ᠬᠡᠷᠡᠭᠵᠢᠭᠦᠯᠬᠦ ᠲᠥᠰᠥᠯ》 ᠢ᠋ ᠴᠢᠩᠭ᠎ᠠ ᠵᠢᠷᠤᠮᠯᠠᠨ᠂ ᠠᠰᠠᠭᠤᠳᠠᠯ ᠤ᠋ᠨ ᠨᠠᠷᠢᠨ ᠲᠠᠩᠰᠠ᠎ᠲᠠᠢ ᠬᠠᠷᠭᠤᠭᠤᠯᠤᠨ ᠪᠥᠬᠥ ᠲᠠᠯ᠎ᠠ ᠪᠡᠷ ᠵᠢᠭ᠍ᠰᠠᠭᠠᠨ ᠪᠠᠢᠴᠠᠭᠠᠬᠤ ᠬᠡᠷᠡᠭᠲᠡᠢ; 6 ᠡᠴᠡ 10 ᠰᠠᠷ᠎ᠠ ᠵᠢᠨ ᠬᠣᠭᠣᠷᠣᠨᠳᠤ᠂ ᠰᠠᠷ᠎ᠠ ᠪᠦᠷᠢ ᠵᠢᠨ ᠰᠡᠭᠦᠯᠴᠢ ᠪᠡᠷ ᠮᠡᠳᠡᠭᠦᠯᠦᠨ ᠬᠦᠷᠭᠡᠵᠦ ᠴᠡᠭᠴᠡᠯᠡᠨ ᠰᠠᠢᠵᠢᠷᠠᠭᠤᠯᠬᠤ ᠶ᠋ᠢ ᠪᠡᠶᠡᠯᠡᠭᠦᠯᠦᠭᠰᠡᠨ ᠪᠠᠢᠳᠠᠯ᠂ ᠬᠦᠬᠡᠡᠡᠤᠲᠠ ᠵᠢᠨ ᠣᠢ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠡᠷᠭᠡ ᠳ᠋ᠦ᠍ᠨᠢ ᠪᠦᠬᠦᠯᠢ ᠴᠣᠭᠴᠠ ᠵᠢᠨ ᠠᠬᠢᠴᠠ ᠶ᠋ᠢ ᠲᠣᠬᠢᠷᠠᠭᠤᠯᠤᠨ᠂ ᠦᠨᠳᠦᠰᠦᠨ ᠱᠠᠲᠤᠨ ᠤ᠋ ᠪᠣᠳᠠᠲᠠᠢ ᠬᠡᠷᠡᠭᠴᠡᠭᠡ ᠱᠠᠭᠠᠷᠳᠠᠯᠭ᠎ᠠ ᠶ᠋ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠵᠢᠯᠤᠭᠣᠳᠴᠤ᠂ ᠠᠵᠢᠯ ᠤ᠋ᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ᠋ ᠴᠠᠭ ᠲᠤᠬᠠᠢ ᠳ᠋ᠤᠨᠢ ᠵᠣᠬᠢᠴᠠᠭᠤᠯᠤᠨ ᠰᠢᠢᠳᠪᠦᠷᠢᠯᠡᠵᠦ᠂ ᠴᠡᠭᠴᠡᠯᠡᠨ ᠰᠠᠢᠵᠢᠷᠠᠭᠤᠯᠤᠭᠰᠠᠨ ᠨᠢ ᠬᠦᠴᠦᠨ ᠦᠭᠡᠢ᠂ ᠠᠬᠢᠴᠠ ᠨᠢ ᠤᠳᠠᠭᠠᠪᠲᠤᠷ ᠭᠠᠵᠠᠷ ᠣᠷᠣᠨ ᠢ᠋ ᠱᠠᠯᠠᠪᠳᠠᠭᠤᠯᠤᠨ ᠨᠠᠢᠳᠠᠪᠤᠷᠢᠵᠢᠭᠤᠯᠬᠤ᠂ ᠨᠥᠬᠥᠵᠦ ᠲᠠᠷᠢᠬᠤ ᠪᠠ ᠴᠡᠭᠴᠡᠯᠡᠨ ᠰᠠᠢᠵᠢᠷᠠᠭᠤᠯᠬᠤ ᠡᠭᠦᠷᠭᠡ ᠵᠢᠨ ᠶᠠᠰᠤ ᠴᠢᠨᠠᠷ ᠪᠠ ᠲᠣᠭ᠎ᠠ ᠬᠡᠮᠵᠢᠶ᠎ᠡ ᠶ᠋ᠢ ᠪᠠᠲᠤᠯᠠᠨ ᠪᠡᠶᠡᠯᠡᠭᠦᠯᠬᠦ ᠶ᠋ᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号