— ᠦᠪᠦᠷ ᠮᠤᠩᠭᠤᠯᠤᠨ ᠡᠯᠡᠰᠦᠷᠭᠡᠭᠵᠢᠯᠢ ᠰᠡᠷᠭᠡᠢᠯᠡᠨ ᠡᠯᠡᠰᠦ ᠵᠢ ᠵᠠᠰᠠᠭᠰᠠᠨ ᠦᠢᠯᠡᠳᠦᠯᠭᠡ ᠵᠢᠨ ᠲᠤᠬᠠᠢ ᠰᠢᠷᠢᠰ ᠮᠡᠳᠡᠭᠡᠯᠡᠯ (ᠬᠤᠶᠠᠷ)
《ᠤᠮᠠᠷᠠᠳᠤ ᠢ᠋ᠢᠨ ᠭᠤᠷᠪᠡᠨ ᠤᠷᠤᠨ》 ᠤ᠋ ᠢᠨᠵᠸᠨ᠋ᠸᠷᠢᠨᠭ ᠤ᠋ᠨ ᠪᠤᠭᠤᠮᠳᠡ ᠰᠢᠪᠳᠤᠯᠬᠤ ᠲᠠᠢᠯᠠᠯᠳᠤᠭᠠᠨ ᠳ᠋ᠤ᠌ ᠬᠠᠳᠤᠨ ᠭᠤᠤᠯ ᠤ᠋ᠨ ᠶᠡᠬᠡ ᠲᠤᠬᠤᠢ ᠢ᠋ᠢᠨ ᠪᠤᠭᠤᠮᠳᠠ ᠰᠢᠪᠳᠤᠯᠬᠤ ᠲᠠᠢᠯᠠᠯᠳᠤᠭᠠᠨ᠂ ᠬᠤᠷᠴᠢᠨ ᠤ᠋ ᠡᠯᠡᠰᠦᠷᠭᠡᠭ ᠭᠠᠵᠠᠷ ᠪᠤᠯᠤᠨ ᠬᠤᠯᠠᠨ ᠰᠢᠷᠭ᠎ᠠ ᠲᠠᠭ᠎ᠠ ᠢ᠋ᠢᠨ ᠡᠯᠡᠰᠦᠷᠭᠡᠭ ᠭᠠᠵᠠᠷ ᠤ᠋ᠨ ᠰᠦᠨᠦᠬᠡᠯᠳᠡ ᠢ᠋ᠢᠨ ᠲᠠᠢᠯᠠᠯᠳᠤᠭᠠᠨ᠂ ᠡᡁᠸᠰᠢ ᠢ᠋ᠢᠨ ᠬᠣᠩᠭᠢᠯ — ᠲᠠᠺᠯᠢᠮᠠᠺᠠᠠ ᠡᠯᠡᠰᠦᠨ ᠴᠦᠯ ᠤ᠋ᠨ ᠬᠦᠪᠡᠬᠡ ᠲᠠᠭᠠᠤ ᠢ᠋ᠢᠨ ᠬᠤᠷᠢᠭᠯᠠᠯᠳᠡ ᠢ᠋ᠢᠨ ᠲᠠᠢᠯᠠᠯᠳᠤᠭᠠᠨ ᠵᠡᠷᠬᠡ ᠭᠤᠷᠪᠡᠨ ᠶᠡᠬᠡ ᠪᠡᠯᠬᠡ ᠲᠡᠮᠳᠡᠭ ᠤ᠋ᠨ ᠴᠢᠨᠠᠷᠳᠡᠢ ᠲᠠᠢᠯᠠᠯᠳᠤᠭᠠᠨ ᠪᠠᠭᠳᠠᠨ᠎ᠡ᠃ ᠮᠠᠨ ᠤ᠋ ᠤᠯᠤᠰ ᠤ᠋ᠨ ᠴᠦᠯᠯᠡᠷᠭᠡᠭᠵᠢᠯ ᠢ᠋ ᠵᠠᠰᠠᠬᠤ ᠭᠤᠤᠯ ᠲᠠᠢᠯᠠᠯᠳᠤᠭᠠᠨ ᠤ᠋ ᠲᠠᠯᠠᠪᠤᠷ ᠪᠤᠯᠤᠭᠰᠠᠨ ᠤ᠋ ᠬᠤᠪᠢ ᠳ᠋ᠤ᠌ 《ᠤᠮᠠᠷᠠᠳᠤ ᠢ᠋ᠢᠨ ᠭᠤᠷᠪᠡᠨ ᠤᠷᠤᠨ》 ᠤ᠋ ᠢᠨᠵᠧᠨᠧᠷᠢᠩ ᠤ᠋ᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠶ᠋ᠢᠯᠠᠯᠳᠤᠭᠠᠨ ᠤ᠋ 《ᠬᠣᠶᠠᠷ ᠬᠠᠭᠠᠰ》 ᠨᠢ ᠥᠪᠥᠷ ᠮᠣᠩᠭᠣᠯ ᠳ᠋ᠤ᠌ ᠪᠠᠶ᠋ᠢᠵᠤ᠂ ᠪᠥᠬᠥ᠌ ᠤᠯᠤᠰ ᠤ᠋ᠨ 60% ᠵᠢᠨ ᠠᠵᠢᠯ ᠨᠢ ᠴᠦ᠍ ᠥᠪᠥᠷ ᠮᠣᠩᠭᠣᠯ ᠳ᠋ᠤ᠌ ᠪᠠᠶ᠋ᠢᠨ᠎ᠠ᠃ ᠣᠶ᠋ᠢᠷ᠎ᠠ ᠢ᠋ᠢᠨ 3 ᠵᠢᠯ ᠳ᠋ᠤ᠌᠂ ᠥᠪᠥᠷ ᠮᠣᠩᠭᠣᠯ 《ᠤᠮᠠᠷᠠᠳᠤ ᠢ᠋ᠢᠨ ᠭᠤᠷᠪᠡᠨ ᠤᠷᠤᠨ》 ᠤ᠋ ᠢᠨᠵᠧᠨᠧᠷᠢᠩ ᠤ᠋ᠨ ᠪᠥᠲᠥᠭᠡᠨ ᠪᠠᠶ᠋ᠢᠭᠤᠯᠤᠯᠲᠠ ᠢ᠋ᠢᠨ ᠡᠭᠦᠷᠭᠡᠶᠢ ᠨᠡᠶ᠋ᠢᠲᠡ 9535.93 ᠲᠦᠮᠡᠨ ᠮᠥ᠍ ᠪᠡᠶᠡᠯᠡᠭᠦᠯᠵᠦ᠍᠂ ᠡᠭᠦᠨ ᠳ᠋ᠤ᠌ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠢ᠋ᠢ ᠵᠠᠰᠠᠭᠰᠠᠨᠲᠠᠯᠠᠪᠠᠢ 5272.79 ᠲᠦᠮᠡᠨ ᠮᠥ᠍ ᠪᠠᠶ᠋ᠢᠵᠤ᠂ ᠶᠡᠷᠦᠩᠬᠡᠶ ᠲᠠᠯᠠᠪᠠᠶ ᠪᠡᠷ ᠢ᠋ᠢᠡᠨ ᠪᠥᠬᠥ᠌ ᠤᠯᠤᠰ ᠲᠦ᠍ ᠲᠦᠷᠦᠬᠦᠯᠡᠵᠤ᠂ 《ᠤᠮᠠᠷᠠᠳᠤ ᠢ᠋ᠢᠨ ᠭᠤᠷᠪᠡᠨ ᠤᠷᠤᠨ》 ᠤ᠋ ᠢᠨᠵᠧᠨᠧᠷᠢᠩ ᠤ᠋ᠨ ᠪᠤᠭᠤᠮᠳᠠ ᠰᠢᠪᠳᠤᠯᠬᠤ ᠲᠠᠢᠯᠠᠯᠳᠤᠭᠠᠨ ᠤ᠋ ᠴᠠᠭ ᠦᠶ᠎ᠡ ᠢ᠋ᠢᠨ ᠬᠠᠷᠢᠭᠤᠯᠲᠠ ᠢ᠋ᠢᠨ ᠬᠠᠭᠤᠳᠠᠰᠤᠶᠢ ᠲᠤᠰᠢᠶᠠᠪᠠ᠃

(ᠲᠤᠰ AI ᠵᠢᠷᠤᠭ ᠢ᠋ ᠤᠯᠤᠰᠲᠦ ᠦᠢᠯᠡᠳᠪᠡ)
ᠬᠤᠷᠴᠢᠨ ᠤ᠋ ᠡᠯᠡᠰᠦᠷᠭᠡᠭ ᠭᠠᠵᠠᠷ ᠪᠤᠯᠤᠨ ᠬᠤᠯᠠᠨ ᠰᠢᠷᠭ᠎ᠠ ᠲᠠᠭ᠎ᠠ ᠢ᠋ᠢᠨ ᠡᠯᠡᠰᠦᠷᠭᠡᠭ ᠭᠠᠵᠠᠷ ᠤ᠋ᠨ ᠰᠦᠨᠦᠬᠡᠯᠳᠡ ᠢ᠋ᠢᠨ ᠲᠠᠢᠯᠠᠯᠳᠤᠭᠠᠨ
ᠬᠣᠷᠴᠢᠨ ᠤ᠋ ᠡᠯᠡᠰᠦᠷᠭᠡᠭ ᠭᠠᠵᠠᠷ ᠪᠣᠯᠤᠨ ᠬᠤᠯᠠᠨ ᠰᠢᠷᠭ᠎ᠠ ᠲᠠᠭ᠎ᠠ ᠢ᠋ᠢᠨ ᠡᠯᠡᠰᠦᠷᠬᠡᠭ ᠭᠠᠵᠠᠷ ᠪᠣᠯ ᠪᠡᠭᠡᠵᠢᠩ ᠲᠢᠶᠠᠨᠵᠢᠨ ᠾᠸᠪᠸᠢ ᠣᠷᠣᠨ ᠡᠴᠡ ᠬᠠᠮᠤᠭ ᠤ᠋ᠨ ᠤᠢᠷᠠᠬᠠᠨ ᠪᠠᠶ᠋ᠢᠭᠠᠯᠢ ᠢ᠋ᠢᠨ ᠰᠠᠯᠬᠢ ᠡᠯᠡᠰᠦᠨ ᠤ᠋ ᠡᠬᠢ ᠢ᠋ᠢᠨ ᠨᠢᠬᠡ ᠮᠦᠨ᠃ ᠬᠤᠷᠴᠢᠨ ᠤ᠋ ᠡᠯᠡᠰᠦᠷᠭᠡᠭ ᠭᠠᠵᠠᠷ ᠪᠤᠯᠤᠨ ᠬᠤᠯᠠᠨ ᠰᠢᠷᠭ᠎ᠠ ᠲᠠᠭ᠎ᠠ ᠢ᠋ᠢᠨ ᠡᠯᠡᠰᠦᠷᠭᠡᠭ ᠭᠠᠵᠠᠷ ᠤ᠋ᠨ ᠰᠦᠨᠦᠬᠡᠯᠳᠡ ᠢ᠋ᠢᠨ ᠲᠠᠢᠯᠠᠯᠳᠤᠭᠠᠨ ᠤ᠋ 97.7% ᠢ᠋ᠢᠨ ᠡᠯᠡᠰᠦᠷᠭᠡᠭᠵᠢᠭᠰᠡᠨ ᠭᠠᠵᠠᠷ ᠰᠢᠷᠤᠢ ᠢ᠋ᠢᠨ ᠲᠠᠯᠠᠪᠠᠢ ᠨᠢ ᠦᠪᠤᠷ ᠮᠤᠨᠭᠭᠤᠯ ᠳ᠋ᠤ᠌ ᠪᠠᠢᠵᠤ᠂ 5 ᠠᠢᠮᠠᠭ ᠬᠤᠳᠠ᠂ 39 ᠬᠤᠰᠢᠭᠤ ᠰᠢᠶᠠᠨ ᠬᠤᠳᠠ ᠲᠤᠭᠤᠷᠢᠭ ᠲᠠᠢ ᠬᠤᠯᠪᠤᠭᠳᠠᠨ᠂ ᠤᠢ ᠰᠢᠭᠤᠢ ᠪᠠ ᠨᠤᠳᠤᠭ ᠪᠡᠯᠴᠢᠬᠡᠷ ᠤ᠋ᠨ ᠤᠷᠭᠤᠮᠠᠯ ᠤ᠋ᠨ ᠬᠤᠴᠢᠯᠭ᠎ᠠ ᠢ᠋ᠢ ᠴᠢᠨᠠᠷ ᠰᠠᠢᠳᠡᠢ ᠪᠡᠷ ᠪᠦᠳᠦᠬᠡᠨ ᠪᠠᠢᠭᠤᠯᠬᠤ᠂ ᠪᠡᠬᠡᠵᠢᠨᠭ ᠲᠢᠶᠠᠨᠵᠢᠨ ᠤ᠋ ᠡᠷᠬᠢᠨ ᠲᠤᠭᠤᠷᠢᠨ ᠤ᠋ ᠡᠯᠡᠰᠦ ᠰᠠᠯᠬᠢᠨ ᠤ᠋ ᠡᠬᠢ ᠢ᠋ᠢ ᠲᠠᠰᠤᠯᠬᠤ ᠪᠡᠷ ᠭᠤᠤᠯ ᠰᠢᠪᠳᠤᠯᠤᠯᠳᠡ ᠪᠤᠯᠭᠠᠨ ᠨᠡᠬᠦᠳᠡᠯ ᠡᠯᠡᠰᠦᠨ ᠤ᠋ ᠬᠦᠪᠡᠬᠡ ᠵᠠᠬᠡ ᠪᠡᠷ ᠡᠯᠡᠰᠦᠨ ᠤ᠋ ᠬᠠᠯᠬᠠᠪᠴᠢ ᠪᠠᠢᠷᠢᠯᠠᠭᠤᠯᠤᠨ᠂ ᠲᠤᠷᠤᠭ ᠮᠤᠳᠤ ᠪᠤᠳᠠᠯᠢᠭ ᠮᠤᠳᠤ ᠡᠪᠡᠰᠤ ᠤᠷᠭᠤᠮᠠᠯ ᠤ᠋ᠨ ᠬᠠᠯᠬᠠᠪᠴᠢ ᠪᠦᠰᠡ ᠢ᠋ᠢ ᠪᠤᠢ ᠪᠤᠯᠭᠠᠵᠤ᠂ ᠡᠯᠡᠰᠦᠷᠬᠡᠭ ᠭᠠᠵᠠᠷ ᠤ᠋ᠨ ᠦᠷᠦᠴᠡᠨ ᠳ᠋ᠤ᠌ ᠤᠷᠭᠤᠮᠠᠯ ᠤ᠋ᠨ ᠬᠤᠴᠢᠯᠭ᠎ᠠ ᠢ᠋ᠢ ᠰᠡᠷᠬᠦᠬᠡᠨ᠂ ᠲᠠᠴᠢᠷᠳᠠᠭᠰᠠᠨ ᠨᠤᠲᠤᠭ ᠪᠡᠯᠴᠢᠭᠡᠷ ᠢ᠋ ᠰᠡᠷᠬᠦᠬᠡᠨ ᠵᠠᠰᠠᠵᠤ᠂ ᠣᠶ ᠰᠢᠭᠤᠶ ᠪᠠ ᠨᠤᠳᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠢ᠋ᠢᠨ ᠪᠦᠷᠬᠦᠴᠡᠶᠢ ᠲᠣᠭᠲᠠᠭᠤᠨ ᠢ᠋ᠢᠡᠷ ᠨᠡᠮᠡᠭᠳᠡᠬᠦᠯᠪᠡ᠃
ᠬᠣᠷᠴᠢᠨ ᠪᠣᠯᠤᠨ ᠬᠤᠯᠠᠨ ᠰᠢᠷᠭ᠎ᠠ ᠲᠠᠭ᠎ᠠ ᠢ᠋ᠢᠨ ᠬᠣᠶᠠᠷ ᠶᠡᠬᠡ ᠡᠯᠡᠰᠦᠷᠬᠡᠭ ᠭᠠᠵᠠᠷ ᠤ᠋ᠨ ᠰᠦᠨᠦᠬᠡᠯᠳᠡ ᠢ᠋ᠢᠨ ᠲᠠᠢᠯᠠᠯᠳᠤᠭᠠᠨ ᠤ᠋ ᠲᠣᠭᠣᠷᠢᠭ ᠲᠦ᠍᠂ ᠥᠪᠥᠷ ᠮᠣᠩᠭᠣᠯ ᠨᠡᠭᠦᠳᠡᠯ ᠡᠯᠡᠰᠦᠷᠬᠡᠭ ᠭᠠᠵᠠᠷ᠂ ᠬᠠᠭᠠᠰ ᠲᠤᠭᠳᠠᠮᠠᠯ ᠡᠯᠡᠰᠦᠷᠬᠡᠭ ᠭᠠᠵᠠᠷ ᠲᠦ᠍ ᠠᠩᠬᠠᠷᠤᠯ ᠢ᠋ᠢᠡᠨ ᠲᠥᠪᠯᠡᠷᠡᠭᠦᠯᠵᠦ᠍᠂ ᠡᠯᠡᠰᠦᠷᠬᠡᠭ ᠭᠠᠵᠠᠷ ᠢ᠋ ᠶᠡᠷᠦᠩᠬᠡᠶ᠋ᠢᠯᠡᠨ ᠵᠠᠰᠠᠬᠤ᠂ ᠣᠶ ᠰᠢᠭᠤᠶ ᠪᠠ ᠨᠤᠳᠤᠭ ᠪᠡᠯᠴᠢᠭᠡᠷ ᠤ᠋ᠨ ᠶᠠᠰᠤ ᠴᠢᠨᠠᠷ ᠢ᠋ ᠪᠡᠬᠢᠵᠢᠭᠦᠯᠦᠨ ᠰᠠᠢᠵᠢᠷᠠᠭᠤᠯᠬᠤ᠂ ᠴᠢᠬᠤᠯᠠ ᠨᠤᠭᠤ ᠭᠠᠵᠠᠷ ᠢ᠋ ᠬᠠᠮᠠᠭᠠᠯᠠᠨ ᠰᠡᠷᠭᠦᠭᠡᠬᠦ᠌ ᠵᠡᠷᠭᠡ ᠪᠥᠬᠥ᠌ ᠡᠯᠧᠮᠧᠨ᠋ᠲ ᠤ᠋ᠨ ᠵᠠᠰᠠᠯᠲᠠ ᠢ᠋ᠢᠨ ᠠᠷᠭ᠎ᠠ ᠬᠡᠮᠵᠢᠶ᠎ᠡᠶᠢ ᠰᠢᠰᠲ᠋ᠧᠮᠲᠡᠶ ᠬᠡᠷᠡᠭᠵᠢᠭᠦᠯᠵᠦ᠍᠂ 15 ᠬᠣᠰᠢᠭᠤ ᠰᠢᠶᠠᠨ ᠤ᠋ ᠨᠡᠭᠦᠳᠡᠯ ᠡᠯᠡᠰᠦᠷᠬᠡᠭ ᠭᠠᠵᠠᠷ ᠢ᠋ ᠪᠦᠬᠦᠨ ᠢ᠋ ᠵᠠᠰᠠᠬᠤᠶᠢ ᠠᠬᠢᠭᠤᠯᠵᠤ᠂ 2700 ᠺᠢᠯᠣᠮᠧᠲ᠋ᠷ ᠪᠦᠬᠦᠢ ᠡᠯᠡᠰᠦᠶᠢ ᠳᠤᠭᠤᠯᠤᠭᠰᠠᠨ ᠵᠠᠰᠠᠮᠠᠯ ᠵᠠᠮ ᠢ᠋ ᠰᠢᠨ᠎ᠡ ᠪᠡᠷ ᠥᠭᠡᠷᠡᠴᠢᠯᠡᠨ ᠪᠠᠢᠭᠤᠯᠤᠭᠠᠳ 559 ᠲᠦᠮᠡᠨ ᠮᠥ᠍ ᠡᠯᠡᠰᠦᠶᠢ ᠵᠠᠰᠠᠬᠤᠶᠢ ᠳᠠᠶ᠋ᠢᠴᠢᠯᠠᠪᠠ ᠃
ᠲᠦᠩᠯᠢᠶᠣᠤ ᠬᠣᠲᠠ ᠬᠣᠷᠴᠢᠨ ᠤ᠋ ᠡᠯᠡᠰᠦᠷᠬᠡᠭ ᠭᠠᠵᠠᠷ ᠤ᠋ᠨ ᠥᠷᠥᠴᠡᠨ ᠳ᠋ᠤ᠌ ᠪᠠᠶ᠋ᠢᠷᠢᠯᠠᠵᠤ᠂ ᠬᠢᠯᠢᠳᠣᠲᠣᠷᠠᠬᠢ ᠡᠯᠡᠰᠦᠷᠬᠡᠭ ᠭᠠᠵᠠᠷ ᠨᠢ ᠬᠣᠷᠴᠢᠨ ᠤ᠋ ᠡᠯᠡᠰᠦᠷᠬᠡᠭ ᠭᠠᠵᠠᠷ ᠤ᠋ᠨ ᠶᠡᠷᠦᠩᠬᠡᠶ ᠲᠠᠯᠠᠪᠠᠶ ᠢ᠋ᠢᠨ ᠬᠠᠭᠠᠰ ᠡᠴᠡ ᠳᠡᠭᠡᠭᠰᠢᠬᠢᠶᠢ ᠡᠵᠡᠯᠡᠨ᠂ ᠡᠨᠡ ᠨᠤᠲᠤᠭ ᠤ᠋ᠨ ᠠᠷᠠᠳ ᠲᠦᠮᠡᠨ 《ᠡᠯᠡᠰᠦ ᠤᠷᠤᠭᠰᠢᠯᠠᠨ ᠬᠥᠮᠦᠨ ᠤᠬᠤᠷᠢᠵᠤ》 ᠪᠠᠢᠭᠰᠠᠨ ᠡᠴᠡ 《ᠨᠣᠭᠣᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ》 ᠠᠮᠢ ᠠᠬᠤᠶ ᠢ᠋ᠢᠨ ᠬᠤᠪᠢᠷᠠᠯᠲᠠᠶᠢ ᠪᠡᠶᠡᠯᠡᠭᠦᠯᠪᠡ᠃ ᠣᠳᠣᠬᠠᠨ ᠳ᠋ᠤ᠌ ᠳᠠᠶ᠋ᠢᠯᠠᠯᠳᠤᠭᠠᠨ ᠤ᠋ ᠶᠡᠷᠦᠩᠬᠡᠶ ᠡᠭᠦᠷᠭᠡ ᠢ᠋ᠢᠨ 2605 ᠲᠦᠮᠡᠨ ᠮᠦ᠍ᠶᠢ ᠪᠡᠶᠡᠯᠡᠬᠦᠯᠵᠤ᠂ 2025 ᠤᠨ ᠳ᠋ᠤ ᠨᠢᠴᠦᠭᠦᠨ ᠡᠯᠡᠰᠦᠷᠬᠡᠭ ᠭᠠᠵᠠᠷ ᠤ᠋ᠨ ᠲᠠᠯᠠᠪᠠᠢ 2020 ᠣᠨ ᠤ᠋ᠬᠢᠡᠴᠡ 76.6% ᠪᠠᠷ ᠪᠠᠭᠠᠰᠴᠤ᠌᠂ ᠰᠠᠯᠬᠢ ᠡᠯᠡᠰᠦᠶᠢ ᠰᠡᠷᠭᠡᠶ᠋ᠢᠯᠡᠨ ᠡᠵᠡᠮᠳᠡᠬᠦ᠌ ᠴᠢᠳᠠᠪᠤᠷᠢ 5.7% ᠪᠠᠷ ᠨᠡᠮᠡᠭᠳᠡᠪᠡ ᠃
ᠵᠠᠮ ᠢ᠋ᠢᠡᠷ ᠡᠯᠡᠰᠦᠶᠢ ᠵᠠᠰᠠᠬᠤ ᠪᠣᠯ ᠬᠣᠷᠴᠢᠨ ᠤ᠋ ᠡᠯᠡᠰᠦᠷᠬᠡᠭ ᠭᠠᠵᠠᠷ ᠤ᠋ᠨ ᠪᠠᠷᠠᠭᠤᠨ ᠵᠠᠬ᠎ᠠ ᠳ᠋ᠤ᠌ ᠪᠠᠢᠷᠢᠯᠠᠵᠤ ᠪᠠᠢᠭ᠎ᠠ ᠣᠩᠨᠢᠭᠤᠳ ᠬᠣᠰᠢᠭᠤᠨ ᠤ᠋ ᠤᠷᠳᠤ ᠬᠤᠭᠤᠴᠠᠭᠠᠪᠠᠷ ᠡᠯᠡᠰᠦ ᠲᠠᠢ ᠪᠠᠢᠯᠳᠤᠬᠤ ᠲᠤᠮᠳᠠ ᠰᠦᠪᠡᠭᠴᠢᠯᠡᠵᠤ ᠭᠠᠷᠭᠠᠭᠰᠠᠨ ᠠᠮᠵᠢᠯᠲᠠᠲᠠᠢ ᠲᠤᠷᠰᠢᠯᠭ᠎ᠠ ᠪᠣᠯᠣᠨ᠎ᠠ᠃ ᠣᠩᠨᠢᠭᠤᠳ ᠬᠣᠰᠢᠭᠤ 18 ᠵᠤᠷᠪᠤᠰ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠢ᠋ ᠨᠠᠪᠲᠠᠷᠡᠭᠦᠯᠵᠦ᠂ ᠶᠡᠷᠦᠩᠬᠡᠢ ᠣᠷᠳᠣ᠌ ᠨᠢ 531 ᠺᠢᠯᠣᠮᠧᠲᠷ ᠪᠠᠢᠵᠤ 《ᠲᠤᠯᠤᠭᠠᠨ ᠬᠥᠨᠳᠡᠯᠡᠨ ᠠᠷᠪᠠᠨ ᠨᠢᠬᠡᠨ ᠭᠤᠯᠳᠤ》 ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠤ᠋ᠨ ᠲᠣᠣᠷᠵᠢᠯ ᠤ᠋ᠨ ᠰᠢᠰᠲᠧᠮ ᠢ᠋ ᠪᠦᠷᠢᠯᠳᠦᠭᠦᠯᠵᠦ᠂ ᠵᠠᠮ ᠳᠠᠭᠠᠤ 365.5 ᠲᠦᠮᠡᠨ ᠮᠦ᠍ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤᠶᠢ ᠪᠡᠶᠡᠯᠡᠭᠦᠯᠵᠦ᠂ ᠪᠥᠬᠥ ᠬᠣᠰᠢᠭᠤᠨ ᠤ᠋ ᠡᠯᠡᠰᠦᠷᠬᠡᠭᠵᠢᠭᠰᠡᠨ ᠭᠠᠵᠠᠷ ᠰᠢᠷᠣᠢ ᠢ᠋ᠢᠨ ᠲᠠᠯᠠᠪᠠᠶ ᠢ᠋ᠢᠨ ᠬᠠᠭᠠᠰ ᠡᠴᠡ ᠳᠡᠭᠡᠭᠰᠢᠬᠢᠶᠢ ᠡᠵᠡᠯᠡᠵᠡᠢ ᠃
ᠠᠵᠢᠯ ᠤᠯᠭᠤᠬᠤ ᠪᠡᠷ ᠲᠡᠳᠬᠦᠮᠵᠢ ᠢ᠋ᠢ ᠤᠷᠤᠯᠠᠭᠤᠯᠬᠤ ᠵᠠᠭᠪᠤᠷ ᠢ᠋ ᠰᠦᠨᠦᠬᠡᠯᠳᠡ ᠢ᠋ᠢᠨ ᠳᠠᠢᠯᠠᠯᠳᠤᠭᠠᠨ ᠤ᠋ ᠬᠡᠰᠡᠭ ᠣᠷᠣᠨ ᠳ᠋ᠤ᠌ ᠪᠦᠬᠦ ᠲᠠᠯᠠᠪᠠᠷ ᠳᠡᠯᠭᠡᠷᠡᠭᠦᠯᠵᠦ᠂ ᠠᠮᠢ ᠠᠬᠤᠢ ᠢ᠋ᠢᠨ ᠵᠠᠰᠠᠯᠲᠠ ᠪᠣᠯᠣᠨ ᠲᠤᠬᠠᠢ ᠢ᠋ᠢᠨ ᠭᠠᠵᠠᠷ ᠤ᠋ᠨ ᠤᠯᠠᠨ ᠲᠦᠮᠡᠨ ᠤ᠋ ᠣᠷᠣᠯᠭᠠᠶᠢ ᠨᠡᠮᠡᠭᠳᠡᠭᠦᠯᠬᠦᠲᠠᠢ ᠬᠠᠮᠵᠢᠯᠴᠠᠨ ᠬᠠᠮᠲᠤ ᠪᠠᠷ ᠤᠷᠤᠭᠰᠢᠯᠠᠪᠠ᠃ 2025 ᠣᠨ ᠡᠴᠡ ᠨᠠᠭᠠᠰᠢ᠂ ᠰᠢᠯᠢ ᠢ᠋ᠢᠨ ᠭᠣᠣᠯ ᠠᠢᠮᠠᠭ ᠤ᠋ᠨ ᠬᠢᠨ ᠳᠤᠰᠬᠠᠢ ᠬᠣᠷᠰᠢᠶ᠎ᠠ ᠪᠤᠯᠤᠨ ᠬᠥᠳᠡᠯᠮᠦᠷᠢ ᠦᠢᠯᠡᠴᠢᠯᠡᠭᠡᠨ ᠤ᠋ ᠬᠠᠮᠲᠤᠷᠠᠯᠴᠠᠭᠠᠶᠢ ᠵᠣᠬᠢᠶᠠᠨ ᠪᠠᠶ᠋ᠢᠭᠤᠯᠬᠤᠪᠠᠷ ᠳᠠᠮᠵᠢᠨ 1.15 ᠲᠦᠮᠡ ᠭᠠᠷᠤᠢ ᠮᠠᠯᠴᠢᠨ ᠲᠠᠷᠢᠶᠠᠴᠢᠨ ᠢ᠋ ᠬᠥᠲᠥᠯᠥᠨ ᠵᠢᠯᠤᠭᠣᠳᠴᠤ ᠪᠠᠢᠭᠠᠳ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠪᠤᠯᠤᠨ ᠬᠠᠮᠢᠶᠠᠷᠤᠯᠲᠠ ᠬᠠᠮᠠᠭᠠᠯᠠᠯᠲᠠ ᠳ᠋ᠤ᠌ ᠣᠷᠣᠯᠴᠠᠭᠤᠯᠵᠤ᠂ ᠬᠥᠮᠥᠨ ᠪᠦᠷᠢ ᠢ᠋ᠢᠨ ᠳᠤᠮᠳᠠᠴᠢ ᠣᠷᠣᠯᠭᠠᠶᠢ 2.19 ᠲᠦᠮᠡᠨ ᠲᠥᠭᠥᠷᠢᠭ ᠨᠡᠮᠡᠭᠳᠡᠭᠦᠯᠦᠨ᠂ ᠵᠠᠰᠠᠯᠲᠠ ᠳ᠋ᠤ᠌ ᠣᠷᠣᠯᠴᠠᠭᠰᠠᠨ ᠲᠠᠯᠠᠪᠠᠶ ᠪᠤᠯᠤᠨ ᠣᠷᠣᠯᠭ᠎ᠠ ᠢ᠋ᠢ ᠲᠣᠰ ᠲᠣᠰ 91% ᠪᠠ 75% ᠪᠠᠷ ᠨᠡᠮᠡᠭᠳᠡᠬᠦᠯᠪᠡ᠃

ᠬᠠᠳᠤᠨ ᠭᠤᠤᠯ ᠤ᠋ᠨ ᠶᠡᠬᠡ ᠲᠤᠬᠤᠢ ᠢ᠋ᠢᠨ ᠪᠤᠭᠤᠮᠳᠠ ᠰᠢᠪᠳᠤᠯᠬᠤ ᠲᠠᠢᠯᠠᠯᠳᠤᠭᠠᠨ
ᠦᠪᠤᠷ ᠮᠤᠨᠭᠭᠤᠯ ᠪᠤᠯ ᠬᠠᠲᠤᠨ ᠭᠤᠤᠯ ᠤ᠋ᠨ ᠤᠷᠤᠰᠤᠨ ᠥᠩᠭᠡᠷᠡᠬᠦ᠌ ᠵᠠᠮ ᠢ᠋ᠢᠡᠷ ᠬᠠᠮᠤᠭ ᠤ᠋ᠨ ᠣᠷᠳᠣ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠢ᠋ᠢᠨ ᠲᠠᠷᠬᠠᠯᠲᠠ ᠪᠡᠷ ᠬᠠᠮᠤᠭ ᠤ᠋ᠨ ᠲᠥᠪᠯᠡᠷᠡᠭᠰᠡᠨ ᠮᠤᠵᠢ ᠣᠷᠣᠨ ᠶᠤᠮ᠃ ᠬᠠᠲᠤᠨ ᠭᠤᠤᠯ ᠤ᠋ᠨ ᠶᠡᠬᠡ ᠲᠤᠬᠤᠢ ᠢ᠋ᠢᠨ ᠪᠣᠭᠣᠮᠲᠠ ᠰᠢᠪᠲᠤᠯᠬᠤ ᠣᠷᠣᠨᠳ᠋ᠤ᠌ ᠬᠦᠪᠴᠢ ᠢ᠋ᠢᠨ ᠡᠯᠡᠰᠦ᠂ ᠤᠯᠠᠭᠠᠨᠪᠤᠬᠡ ᠢ᠋ᠢᠨ ᠡᠯᠡᠰᠦ᠂ ᠲᠡᠭᠷᠢ ᠡᠯᠡᠰᠦ ᠭᠤᠷᠪᠡᠨ ᠶᠡᠬᠡ ᠡᠯᠡᠰᠦᠨ ᠴᠦᠯ ᠪᠠ ᠮᠤᠤᠠᠤᠰᠤ ᠢ᠋ᠢᠨ ᠡᠯᠡᠰᠦᠷᠭᠡᠭ ᠭᠠᠵᠠᠷ ᠲᠠᠷᠬᠠᠵᠤ᠂ ᠬᠠᠲᠤᠨ ᠭᠤᠤᠯ ᠤ᠋ᠨ ᠶᠡᠬᠡ ᠲᠤᠬᠤᠢ ᠶ᠋ᠢᠨ ᠪᠣᠭᠣᠮᠲᠠ ᠰᠢᠪᠲᠤᠯᠬᠤ ᠣᠷᠣᠨ ᠤ᠋ 83% ᠢ᠋ᠢᠨ ᠡᠯᠡᠰᠦᠷᠬᠡᠭᠵᠢᠭᠰᠡᠨ ᠭᠠᠵᠠᠷ ᠰᠢᠷᠣᠶᠶ᠋ᠢ ᠵᠠᠰᠠᠬᠤ ᠡᠭᠦᠷᠭᠡ ᠪᠣᠯᠤᠨ 74% ᠢ᠋ᠢᠨ ᠶᠡᠷᠦᠨᠭᠬᠡᠢᠯᠡᠨ ᠵᠠᠰᠠᠬᠤ ᠡᠭᠦᠷᠭᠡᠶ᠋ᠢ ᠡᠬᠦᠷᠬᠡᠯᠡᠵᠤ᠂ ᠥᠪᠥᠷ ᠮᠣᠩᠭᠣᠯ ᠤ᠋ᠨ 7 ᠠᠢᠮᠠᠭ ᠬᠣᠲᠠ ᠢ᠋ᠢᠨ 35 ᠬᠤᠰᠢᠭᠤ ᠰᠢᠶᠠᠨ ᠬᠤᠳᠠ ᠲᠤᠭᠤᠷᠢᠭ ᠲᠠᠢ ᠬᠤᠯᠪᠤᠭᠳᠠᠵᠤ ᠪᠠᠢᠳᠠᠭ᠃
ᠪᠣᠭᠣᠮᠲᠠ ᠰᠢᠪᠲᠤᠯᠬᠤ ᠲᠠᠢᠯᠠᠯᠳᠤᠭᠠᠨ ᠤ᠋ ᠳᠤᠮᠳᠠ᠂ ᠥᠪᠥᠷ ᠮᠣᠩᠭᠣᠯ ᠬᠠᠲᠤᠨ ᠭᠤᠤᠯ ᠤ᠋ᠨ ᠡᠷᠭᠢ ᠳᠠᠭᠠᠤ ᠢ᠋ᠢᠨ ᠨᠡᠬᠦᠳᠡᠯ ᠡᠯᠡᠰᠦ᠂ ᠡᠯᠡᠰᠦᠨ ᠲᠤᠪᠤᠴᠠᠭ᠂ ᠡᠯᠡᠰᠦᠨ ᠤ᠋ ᠡᠬᠢ᠂ ᠠᠷᠪᠠᠨ ᠶᠡᠬᠡ ᠬᠥᠨᠳᠡᠶ᠂ ᠪᠣᠷᠣᠲᠣᠬᠣᠶ ᠢ᠋ᠢᠨ ᠲᠠᠯ᠎ᠠ ᠭᠠᠵᠠᠷ ᠤ᠋ᠨ ᠬᠤᠵᠢᠷᠯᠢᠭ ᠭᠠᠵᠠᠷ ᠵᠡᠷᠬᠡ ᠪᠣᠭᠣᠮᠲᠠ ᠰᠢᠪᠲᠤᠯᠬᠤ ᠭᠤᠤᠯᠳᠠᠯᠭ᠎ᠠ ᠲᠠᠢ ᠤᠷᠤᠨ ᠪᠦᠰᠡ ᠳ᠋ᠤ᠌ ᠠᠨᠭᠬᠠᠷᠤᠯ ᠢ᠋ᠢᠡᠨ ᠲᠦᠪᠯᠡᠷᠡᠬᠦᠯᠤᠨ᠂ ᠠᠭᠤᠯᠠ ᠢ᠋ᠢ ᠬᠠᠮᠠᠭᠠᠯᠠᠬᠤ᠂ ᠤᠰᠤ ᠠᠷᠪᠢᠯᠠᠬᠤ᠂ ᠤᠢᠵᠢᠭᠤᠯᠬᠤ᠂ ᠲᠠᠷᠢᠶᠠᠨ ᠭᠠᠵᠠᠷ ᠢ᠋ ᠰᠠᠢᠵᠢᠷᠠᠭᠤᠯᠬᠤ᠂ ᠨᠠᠭᠤᠷ ᠴᠦᠬᠦᠷᠦᠮ ᠢ᠋ ᠬᠠᠮᠠᠭᠠᠯᠠᠬᠤ᠂ ᠡᠪᠡᠰᠤ ᠲᠠᠷᠢᠬᠤ᠂ ᠡᠯᠡᠰᠦ ᠢ᠋ᠢ ᠵᠠᠰᠠᠬᠤ ᠢ᠋ᠢ ᠨᠢᠬᠡᠳᠤᠯᠳᠡᠢ ᠲᠦᠯᠦᠪᠵᠢᠬᠦᠯᠵᠤ᠂ ᠭᠠᠵᠠᠷ ᠣᠷᠣᠨ ᠤ᠋ ᠪᠠᠢᠳᠠᠯᠳᠠᠭᠠᠨ ᠲᠣᠬᠢᠷᠠᠭᠤᠯᠤᠨ ᠬᠠᠲᠤᠨ ᠭᠤᠤᠯᠳ᠋ᠤ᠌ ᠤᠷᠤᠰᠤᠨ ᠤᠷᠤᠬᠤ ᠡᠯᠡᠰᠦ ᠮᠠᠩᠬ᠎ᠠ ᠢ᠋ᠢᠨ ᠡᠬᠢ ᠰᠤᠷᠪᠤᠯᠵᠢ ᠢ᠋ᠢ ᠬᠤᠷᠢᠭᠯᠠᠵᠤ᠂ ᠠᠯᠠᠱᠠ ᠠᠭᠤᠯᠠ ᠢ᠋ᠢᠨ ᠠᠮᠢ ᠠᠬᠤᠶ ᠢ᠋ᠢᠨ ᠬᠣᠩᠭᠢᠯ ᠪᠣᠯᠤᠨ ᠤᠯᠠᠭᠠᠨᠰᠤᠬᠠᠢ ᠵᠡᠷᠭᠡ ᠭᠤᠤᠯᠳᠠᠯᠭᠠᠲᠠᠶ ᠣᠷᠣᠨ ᠪᠦᠰᠡ ᠢ᠋ᠢᠨ ᠵᠠᠰᠠᠯᠲᠠᠶ᠋ᠢ ᠪᠠᠢᠷᠢᠯᠠᠭᠤᠯᠤᠨ ᠦᠷᠨᠢᠬᠦᠯᠵᠤ ᠴᠢᠬᠤᠯᠠ ᠶᠡᠬᠡ ᠦᠷ᠎ᠡ ᠪᠦᠳᠦᠮᠵᠢ ᠤᠯᠪᠠ᠃
ᠬᠦᠪᠴᠢ ᠢ᠋ᠢᠨ ᠡᠯᠡᠰᠦᠨ ᠳ᠋ᠤ᠌ ᠡᠯᠡᠰᠦᠨ ᠴᠦᠯ ᠢ᠋ ᠡᠮᠵᠢᠶᠡᠷᠢᠯᠡᠬᠦ ᠤᠢ ᠡᠪᠡᠰᠤᠨ ᠤ᠋ ᠪᠦᠰᠡ᠂ ᠨᠤᠭᠤᠭᠠᠷᠠᠭᠤᠯᠤᠯᠳᠡ ᠢ᠋ᠢᠨ ᠪᠦᠰᠡ᠂ ᠬᠡᠷᠡᠯᠴᠢ ᠴᠡᠨᠡᠭ ᠢ᠋ᠢᠡᠷ ᠡᠯᠡᠰᠦ ᠢ᠋ᠢ ᠵᠠᠰᠠᠬᠤ ᠪᠦᠰᠡ᠂ ᠨᠦᠯᠦᠮᠡᠯ ᠭᠠᠵᠠᠷ ᠤ᠋ᠨ ᠬᠠᠰᠢᠯᠭ᠎ᠠ ᠵᠡᠷᠬᠡ 《ᠲᠦᠷᠪᠡᠨ ᠰᠡᠷᠭᠡᠢᠯᠡᠯᠲᠡ ᠢ᠋ᠢᠨ ᠱᠤᠭᠤᠮ》 ᠢ᠋ ᠲᠦᠷᠬᠡᠳᠬᠡᠨ ᠪᠠᠢᠭᠤᠯᠵᠤ᠂ ᠬᠠᠳᠤᠨ ᠭᠣᠣᠯ ᠤ᠋ᠨ ᠬᠣᠶᠠᠷ ᠡᠷᠬᠢ ᠳ᠋ᠤ᠌ 620 ᠺᠢᠯᠤᠮᠸᠲᠷ ᠤ᠋ᠨ ᠤᠢ ᠰᠢᠭᠤᠢ ᠪᠡ ᠨᠤᠳᠤᠭ ᠪᠡᠯᠴᠢᠬᠡᠷ ᠤ᠋ᠨ ᠬᠠᠮᠠᠭᠠᠯᠠᠯᠳᠡ ᠢ᠋ᠢᠨ ᠪᠦᠰᠡ ᠪᠦᠬᠦ ᠱᠤᠭᠤᠮ ᠢ᠋ᠢᠡᠷ ᠨᠡᠪᠳᠡᠷᠡᠵᠤ᠂ ᠠᠯᠠᠱᠠ ᠠᠭᠤᠯᠠ ᠡᠴᠡ ᠮᠤᠨᠢ ᠠᠭᠤᠯᠠ ᠬᠦᠷᠬᠦ ᠬᠡᠰᠡᠭ ᠤ᠋ᠨ180 ᠺᠢᠯᠤᠮᠸᠲᠷ ᠤ᠋ᠨ ᠬᠠᠳᠤᠨ ᠭᠣᠣᠯ ᠤ᠋ᠨ ᠡᠷᠬᠢ ᠳᠠᠭᠠᠤ ᠢ᠋ᠢᠨ ᠨᠡᠭᠦᠳᠡᠯ ᠡᠯᠡᠰᠦ ᠢ᠋ᠢ ᠰᠢᠰᠲ᠋ᠸᠮ ᠲᠠᠢ ᠵᠠᠰᠠᠬᠤ ᠢᠨᠵᠸᠨ᠋ᠸᠷᠢᠨᠭ ᠢ᠋ ᠬᠡᠷᠡᠭᠵᠢᠭᠦᠯᠵᠦ᠂ ᠮᠤᠤᠠᠤᠰᠤ ᠵᠢᠨ ᠡᠯᠡᠰᠦᠷᠬᠡᠭ ᠭᠠᠵᠠᠷ ᠢ᠋ ᠵᠠᠰᠠᠭᠰᠠᠨ ᠨᠤᠷᠮ᠎ᠡ 80% ᠳ᠋ᠤ᠌ ᠬᠦᠷᠴᠤ᠂ ᠬᠠᠳᠤᠨ ᠭᠣᠣᠯ ᠤ᠋ᠨ ᠠᠮᠤᠷ ᠠᠮᠤᠭᠤᠯᠠᠩ ᠢ᠋ ᠪᠦᠬᠦ ᠬᠦᠴᠦᠨ ᠢ᠋ᠢᠡᠷ ᠢ᠋ᠢᠡᠨ ᠰᠠᠬᠢᠨ ᠬᠠᠮᠠᠭᠠᠯᠠᠪᠠ᠃
ᠤᠯᠠᠭᠠᠨᠪᠤᠬᠡ ᠢ᠋ᠢᠨ ᠡᠯᠡᠰᠦᠨ ᠴᠦᠯ ᠳ᠋ᠤ᠌ ᠬᠠᠳᠤᠨ ᠭᠤᠤᠯ ᠡᠴᠡ ᠡᠯᠡᠰᠦᠨ ᠴᠦᠯ ᠤ᠋ᠨ ᠬᠦᠪᠡᠬᠡ ᠬᠦᠷᠳᠡᠯᠡᠬᠢ ᠲᠤᠷᠤᠭ ᠮᠤᠳᠤ ᠪᠡᠷ ᠡᠯᠡᠰᠦ ᠢ᠋ᠢ ᠬᠠᠰᠢᠬᠤ ᠤᠢ ᠢ᠋ᠢᠨ ᠪᠦᠰᠡ᠂ ᠪᠤᠳᠠ ᠮᠤᠳᠤ ᠪᠡᠷ ᠡᠯᠡᠰᠦ ᠢ᠋ᠢ ᠬᠠᠰᠢᠬᠤ ᠤᠢ ᠢ᠋ᠢᠨ ᠪᠦᠰᠡ᠂ ᠪᠤᠳᠠ ᠮᠤᠳᠤ ᠪᠡᠷ ᠡᠯᠡᠰᠦ ᠢ᠋ᠢ ᠲᠤᠭᠳᠠᠪᠤᠷᠢᠵᠢᠭᠤᠯᠬᠤ ᠲᠤᠤᠷ ᠵᠡᠷᠬᠡ 3 ᠰᠡᠷᠬᠡᠢᠯᠡᠯᠳᠡ ᠢ᠋ᠢᠨ ᠱᠤᠭᠤᠮ ᠢ᠋ ᠪᠠᠢᠭᠤᠯᠵᠤ᠂ ᠡᠷᠬᠢ ᠲᠠᠭᠠᠤ ᠢ᠋ᠢᠨ ᠡᠯᠡᠰᠦ ᠮᠠᠨᠭᠬᠡ ᠬᠠᠳᠤᠨ ᠭᠤᠤᠯ ᠳ᠋ᠤ᠌ ᠤᠷᠤᠰᠤᠨ ᠤᠷᠤᠬᠤ ᠢ᠋ᠢ ᠪᠦᠳᠦᠮᠵᠢᠳᠡᠢ ᠬᠤᠷᠢᠭᠯᠠᠪᠠ᠃ ᠤᠯᠠᠭᠠᠨᠰᠤᠬᠠᠢ ᠨᠠᠭᠤᠷ ᠤ᠋ᠨ ᠰᠠᠪᠠ ᠭᠠᠵᠠᠷ ᠲᠦ᠍ ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢᠳᠤ ᠨᠤᠳᠤᠭ ᠪᠡᠯᠴᠢᠬᠡᠷ ᠡᠯᠡᠰᠦ ᠮᠠᠨᠭᠬᠡ ᠢ᠋ᠢ ᠶᠡᠷᠦᠨᠭᠬᠡᠢᠯᠡᠨ ᠵᠠᠰᠠᠵᠤ ᠂ ᠤᠯᠠᠭᠠᠨᠰᠤᠬᠠᠢ ᠨᠠᠭᠤᠷ ᠨᠢ ᠰᠢᠪᠠᠭᠤᠳ ᠤ᠋ᠨ ᠴᠡᠨᠭᠬᠡᠯ ᠤ᠋ᠨ ᠤᠷᠤᠨ ᠪᠤᠯᠵᠡᠢ᠃ ᠬᠠᠳᠤᠨ ᠭᠤᠤᠯ ᠳ᠋ᠤ᠌ ᠤᠷᠤᠰᠤᠨ ᠤᠷᠤᠬᠤ ᠪᠦᠳᠦᠬᠦᠯᠢᠭ ᠡᠯᠡᠰᠦ ᠰᠢᠪᠡᠷ ᠤ᠋ᠨ ᠭᠤᠤᠯ ᠢᠷᠡᠯᠳᠡ ᠨᠢ 《ᠠᠷᠪᠡᠨ ᠶᠡᠬᠡ ᠬᠦᠨᠳᠡᠢ》 ᠢ᠋ᠢᠨ ᠡᠯᠡᠰᠦ ᠰᠢᠪᠡᠷ ᠪᠠᠢᠵᠤ᠂ ᠤᠷᠳᠤᠰ ᠬᠤᠳᠠ 《ᠠᠭᠤᠯᠠᠨ ᠤᠷᠤᠢ ᠳ᠋ᠤ᠌ ᠮᠤᠳᠤ ᠲᠠᠷᠢᠵᠤ ᠤᠢᠵᠢᠭᠤᠯᠬᠤ᠂ ᠠᠭᠤᠯᠠᠨ ᠪᠠᠯ ᠳ᠋ᠤ᠌ ᠲᠠᠷᠢᠶᠠᠯᠠᠬᠤ ᠪᠡᠨ ᠵᠤᠭᠰᠤᠵᠤ ᠡᠪᠡᠰᠤ ᠲᠠᠷᠢᠬᠤ᠂ ᠠᠭᠤᠯᠠᠨ ᠭᠤᠤ ᠢ᠋ᠢᠨ ᠨᠦᠯᠦᠮᠡᠯ ᠭᠠᠵᠠᠷ ᠲᠦ᠍ ᠬᠠᠰᠢᠯᠭ᠎ᠠ ᠪᠤᠰᠬᠠᠬᠤ》 ᠵᠠᠰᠠᠯᠳᠡ ᠢ᠋ᠢᠨ ᠵᠠᠭᠪᠤᠷ ᠢ᠋ ᠠᠪᠴᠤ᠂ ᠶᠡᠷᠦᠨᠭᠬᠡᠢᠯᠡᠨ ᠵᠠᠰᠠᠬᠤ ᠪᠡᠷ ᠲᠠᠮᠵᠢᠨ ᠬᠠᠳᠤᠨ ᠭᠣᠣᠯ ᠳ᠋ᠤ᠌ ᠤᠷᠤᠰᠤᠨ ᠣᠷᠣᠬᠤ ᠡᠯᠡᠰᠦᠨ ᠤ᠋ ᠬᠡᠮᠵᠢᠶ᠎ᠡ 2700 ᠲᠦᠮᠡᠨ ᠲᠣᠨ ᠪᠠᠢᠭᠰᠠᠨ ᠡᠴᠡᠪᠠᠨ400 ᠲᠦᠮᠡᠨ ᠲᠣᠨ ᠡᠴᠡ ᠳᠣᠷᠣᠭ᠍ᠰᠢ ᠪᠤᠯᠳᠠᠯ᠎ᠡ ᠪᠠᠭᠤᠷᠡᠨ᠂ ᠤᠰᠤ ᠰᠢᠷᠤᠢ ᠢ᠋ᠢᠨ ᠢᠳᠡᠭᠳᠡᠯ ᠢ᠋ ᠵᠠᠰᠠᠭᠰᠠᠨ ᠨᠤᠷᠮ᠎ᠡ 35% ᠪᠠᠢᠭᠰᠠᠨ ᠡᠴᠡ ᠪᠡᠨ ᠨᠡᠮᠡᠭᠳᠡᠭᠡᠳ 61% ᠪᠤᠯᠵᠡᠢ᠃

ᠡᡁᠸᠰᠢ ᠢ᠋ᠢᠨ ᠬᠣᠩᠭᠢᠯ — ᠲᠠᠺᠯᠢᠮᠠᠺᠠᠠ ᠡᠯᠡᠰᠦᠨ ᠴᠦᠯ ᠤ᠋ᠨ ᠬᠦᠪᠡᠬᠡ ᠲᠠᠭᠠᠤ ᠢ᠋ᠢᠨ ᠬᠤᠷᠢᠭᠯᠠᠯᠳᠡ ᠢ᠋ᠢᠨ ᠲᠠᠢᠯᠠᠯᠳᠤᠭᠠᠨ
ᠡᡁᠸᠰᠢ ᠢ᠋ᠢᠨ ᠬᠣᠩᠭᠢᠯ — ᠲᠠᠺᠯᠢᠮᠠᠺᠠᠠ ᠡᠯᠡᠰᠦᠨ ᠴᠦᠯ ᠤ᠋ᠨ ᠬᠦᠪᠡᠬᠡ ᠲᠠᠭᠠᠤ ᠢ᠋ᠢᠨ ᠬᠤᠷᠢᠭᠯᠠᠯᠳᠡ ᠢ᠋ᠢᠨ ᠲᠠᠢᠯᠠᠯᠳᠤᠭᠠᠨ ᠨᠢ ᠮᠠᠨ ᠤ᠋ ᠤᠷᠤᠨ ᠤ᠋ ᠠᠯᠠᠱᠠ ᠠᠢᠮᠠᠭ ᠤ᠋ᠨ ᠠᠯᠠᠱᠠ ᠪᠠᠷᠠᠭᠤᠨ ᠬᠤᠰᠢᠭᠤ ᠪᠠ ᠡᠵᠡᠨ᠎ᠡ ᠬᠤᠰᠢᠭᠤᠨ ᠳ᠋ᠤ᠌ ᠬᠤᠯᠪᠤᠭᠳᠠᠵᠤ᠂ ᠪᠠᠳᠡᠢ ᠢ᠋ᠢᠨ ᠵᠢᠷᠡᠨ ᠤ᠋ ᠶᠡᠬᠡᠨᠭᠬᠡᠢ ᠬᠡᠰᠡᠭ ᠪᠠ ᠲᠡᠭᠷᠢ ᠡᠯᠡᠰᠦᠨ ᠤ᠋ ᠪᠠᠭ᠎ᠠ ᠬᠡᠰᠡᠭ ᠢ᠋ ᠬᠠᠮᠤᠷᠴᠡᠢ᠃
ᠮᠠᠨ ᠤ᠋ ᠤᠷᠤᠨ ᠪᠠᠳᠠᠢ ᠢ᠋ᠢᠨ ᠵᠢᠷᠡᠨ ᠪᠡ ᠲᠡᠭᠷᠢ ᠡᠯᠡᠰᠦ ᠢ᠋ᠢᠨ ᠬᠦᠪᠡᠬᠡ ᠵᠠᠬᠡ ᠵᠢᠴᠢ ᠨᠤᠭᠤᠭᠠᠨ ᠪᠦᠷᠢᠳᠤ ᠢ᠋ᠢᠨ ᠬᠦᠪᠡᠬᠡᠨ ᠳ᠋ᠤ᠌ ᠠᠨᠭᠬᠠᠷᠤᠯ ᠢ᠋ᠢᠡᠨ ᠲᠦᠪᠯᠡᠷᠡᠬᠦᠯᠤᠨ᠂ ᠪᠤᠳᠠᠯᠢᠭ ᠮᠤᠳᠤ ᠡᠪᠡᠰᠤ ᠤᠷᠭᠤᠮᠠᠯ ᠢ᠋ᠢᠡᠷ ᠭᠤᠤᠯ ᠪᠤᠯᠭᠠᠭᠰᠠᠨ ᠡᠯᠡᠰᠦᠨ ᠴᠦᠯ ᠢ᠋ ᠡᠮᠵᠢᠶᠡᠷᠢᠯᠡᠬᠦ ᠬᠠᠯᠬᠠᠪᠴᠢ ᠪᠦᠰᠡ ᠢ᠋ᠢ ᠲᠦᠷᠬᠡᠳᠬᠡᠨ ᠪᠠᠢᠭᠤᠯᠵᠤ᠂ ᠡᠯᠡᠰᠦᠨ ᠴᠦᠯ ᠤ᠋ᠨ ᠨᠤᠭᠤᠭᠠᠨ ᠪᠦᠷᠢᠳᠤ ᠢ᠋ᠢᠨ ᠠᠮᠢ ᠠᠬᠤᠢ ᠢ᠋ᠢ ᠬᠠᠮᠠᠭᠠᠯᠠᠵᠤ᠂ ᠪᠠᠳᠡᠢ ᠢ᠋ᠢᠨ ᠵᠢᠷᠡᠨ ᠪᠠ ᠲᠡᠭᠷᠢ ᠡᠯᠡᠰᠦ ᠢ᠋ᠢᠨ ᠠᠭᠤᠯᠵᠠᠷ ᠬᠡᠰᠡᠭ ᠲᠦ᠍ ᠡᠯᠡᠰᠦᠨ ᠴᠦᠯ ᠢ᠋ ᠲᠤᠭᠳᠠᠪᠤᠷᠢᠵᠢᠭᠤᠯᠬᠤ ᠤᠢ ᠡᠪᠡᠰᠤᠨ ᠤ᠋ ᠪᠦᠰᠡ ᠢ᠋ᠢᠨ ᠪᠦᠳᠦᠬᠡᠨ ᠪᠠᠢᠭᠤᠯᠤᠯᠳᠡ ᠪᠤᠯᠤᠨ ᠡᠯᠡᠰᠦ ᠰᠠᠯᠬᠢᠨ ᠤ᠋ ᠠᠮᠠ ᠢ᠋ᠢᠨ ᠵᠠᠰᠠᠯᠳᠡ ᠢ᠋ᠢ ᠴᠢᠨᠭᠭᠠᠳᠬᠠᠨ᠂ ᠪᠠᠳᠡᠢ ᠢ᠋ᠢᠨ ᠵᠢᠷᠡᠨ ᠪᠠ ᠲᠡᠭᠷᠢ ᠡᠯᠡᠰᠦᠨ ᠴᠦᠯ ᠤ᠋ᠨ ᠵᠠᠯᠭᠠᠯᠳᠤᠬᠤ ᠢ᠋ᠢ ᠬᠤᠷᠢᠭᠯᠠᠪᠠ᠃
ᠳᠠᠶ᠋ᠢᠯᠠᠯᠳᠤᠭᠠᠨ ᠢ᠋ ᠪᠦᠬᠦ᠌ ᠲᠠᠯᠠᠪᠠᠷ ᠠᠬᠢᠭᠤᠯᠬᠤ ᠶᠠᠪᠤᠴᠠ ᠳ᠋ᠤ᠌᠂ ᠥᠪᠥᠷ ᠮᠣᠩᠭᠣᠯ ᠣᠷᠣᠨ ᠪᠦᠰᠡ ᠠᠯᠤᠰᠯᠠᠨ ᠬᠠᠮᠳᠤᠷᠡᠨ ᠰᠡᠷᠭᠡᠶ᠋ᠢᠯᠡᠵᠦ᠍ ᠬᠠᠮᠳᠤᠷᠡᠨ ᠵᠠᠰᠠᠬᠤᠶᠢ ᠴᠢᠩᠭᠠᠳᠬᠠᠵᠤ᠂ ᠨᠢᠭᠡ ᠪᠦᠯᠦᠭ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠢ᠋ᠢ ᠵᠠᠰᠠᠬᠤ ᠢᠨᠵᠧᠨᠧᠷᠢᠩ ᠢ᠋ ᠬᠡᠷᠡᠭᠵᠢᠭᠦᠯᠵᠦ᠍᠂ ᠤᠷᠤᠨ ᠨᠤᠳᠤᠭ ᠤ᠋ᠨ ᠪᠠᠢᠳᠡᠯ ᠳ᠋ᠠᠭᠠᠨ ᠲᠤᠬᠢᠷᠠᠭᠤᠯᠤᠨ ᠤᠷᠭᠤᠮᠠᠯ ᠤ᠋ᠨ ᠬᠤᠴᠢᠯᠭᠠᠶᠢ ᠰᠡᠷᠭᠦᠭᠡᠬᠦ᠌ ᠵᠠᠭᠪᠤᠷ ᠢ᠋ ᠰᠣᠩᠭᠣᠵᠤ᠂ ᠤᠰᠤ ᠠᠷᠪᠢᠯᠠᠵᠤ ᠤᠢᠵᠢᠭᠤᠯᠬᠤ ᠢ᠋ᠢ ᠳᠡᠯᠭᠡᠷᠡᠭᠦᠯᠦᠨ ᠬᠡᠷᠡᠭᠯᠡᠵᠦ᠍᠂ ᠡᠯᠡᠰᠦᠨ ᠤ᠋ ᠠᠵᠤ ᠦᠢᠯᠡᠰ ᠢ᠋ ᠲᠣᠭᠲᠠᠭᠤᠨ ᠢ᠋ᠢᠡᠷ ᠬᠦᠭᠵᠢᠬᠦᠯᠵᠤ᠂ ᠡᠯ᠎ᠡ ᠲᠠᠯ᠎ᠠ ᠢ᠋ᠢᠨ ᠬᠦᠴᠦᠨ ᠢ᠋ ᠭᠦᠢᠴᠡᠳ ᠳᠠᠢ᠌ᠴᠢᠯᠠᠨ ᠨᠡᠶ᠋ᠢᠲᠡ ᠢ᠋ᠢᠨ ᠠᠰᠠᠷᠠᠮᠵᠢ ᠢ᠋ᠢᠨ ᠴᠢᠨᠠᠷᠲᠠᠢᠪᠠᠷ ᠡᠯᠡᠰᠦᠶᠢ ᠵᠠᠰᠠᠵᠤ᠂ ᠳᠤᠰᠬᠠᠢ ᠬᠤᠷᠰᠢᠶ᠎ᠠ ᠪᠤᠯᠤᠨ ᠬᠠᠮᠲᠤ ᠢ᠋ᠢᠨ ᠠᠵᠤ ᠠᠬᠤᠢ ᠢ᠋ᠢᠨ ᠵᠣᠬᠢᠶᠠᠨ ᠪᠠᠶ᠋ᠢᠭᠤᠯᠤᠯᠲᠠ ᠢ᠋ᠢᠨ ᠡᠯᠡᠰᠦᠶᠢ ᠵᠠᠰᠠᠬᠤ ᠳ᠋ᠤ᠌ ᠣᠷᠣᠯᠴᠠᠬᠤ ᠰᠢᠨ᠎ᠡ ᠲᠣᠭᠲᠠᠴᠠᠶᠢ ᠬᠠᠶ᠋ᠢᠨ ᠰᠦᠪᠡᠭᠴᠢᠯᠡᠭᠰᠡᠨ ᠪᠠᠢᠨ᠎ᠡ᠃
ᠬᠠᠷ᠎ᠠ ᠭᠤᠤᠯ ᠤ᠋ᠨ ᠳᠤᠤᠷᠠᠳᠤ ᠤᠷᠤᠰᠬᠠᠯ᠂ ᠡᠵᠡᠨ᠎ᠡ ᠢ᠋ᠢᠨ ᠨᠣᠭᠣᠭᠠᠨ ᠪᠦᠷᠢᠳᠦ ᠢ᠋ᠢᠨ ᠬᠥᠪᠡᠭᠡ ᠵᠠᠬ᠎ᠠ ᠢ᠋ᠢᠨ 52 ᠲᠦᠮᠡᠨ ᠮᠥ᠍ ᠠᠮᠢ ᠠᠬᠤᠶ ᠢ᠋ᠢᠨ ᠬᠣᠩᠭᠢᠯ ᠤ᠋ᠨ ᠪᠥᠲᠥᠭᠡᠨ ᠪᠠᠶ᠋ᠢᠭᠤᠯᠤᠯᠲᠠᠶᠢ ᠠᠬᠢᠭᠤᠯᠪᠠ᠃ ᠥᠪᠥᠷ ᠮᠣᠩᠭᠣᠯ ᠪᠤᠯᠤᠨ ᠭᠠᠨᠰᠦ ᠢ᠋ᠢᠨ ᠠᠭᠤᠯᠵᠠᠷ ᠤᠷᠤᠨ ᠳ᠋ᠤ᠌ ᠬᠠᠮᠲᠤᠷᠠᠨ ᠰᠡᠷᠭᠡᠶ᠋ᠢᠯᠡᠵᠦ᠍ ᠬᠠᠮᠲᠤᠷᠠᠨ ᠵᠠᠰᠠᠬᠤ ᠠᠵᠢᠯ ᠢ᠋ ᠦᠷᠨᠢᠬᠦᠯᠵᠤ᠂ 318 ᠲᠦᠮᠡᠨ ᠮᠦ᠍ ᠬᠠᠯᠬᠠᠪᠴᠢ ᠪᠦᠰᠡ ᠢ᠋ᠢ ᠪᠠᠶ᠋ᠢᠭᠤᠯᠪᠠ᠃
ᠪᠠᠳᠡᠢ ᠢ᠋ᠢᠨ ᠵᠢᠷᠡᠨ᠂ ᠤᠯᠠᠭᠠᠨᠪᠤᠬᠡ᠂ ᠲᠡᠭᠷᠢ ᠡᠯᠡᠰᠦ ᠭᠤᠷᠪᠡᠨ ᠶᠡᠬᠡ ᠡᠯᠡᠰᠦᠨ ᠴᠦᠯ ᠤ᠋ᠨ ᠬᠦᠪᠡᠬᠡ ᠲᠠᠭᠠᠤ 1856 ᠺᠢᠯᠦᠮᠸᠲ᠋ᠷ ᠤ᠋ᠨ ᠤᠢ ᠡᠪᠡᠰᠤᠨ ᠤ᠋ ᠪᠦᠰᠡ ᠢ᠋ᠢ ᠪᠦᠬᠦ ᠲᠠᠯ᠎ᠡ ᠪᠡᠷ ᠨᠡᠪᠳᠡᠷᠡᠬᠦᠯᠵᠤ᠂ ᠭᠤᠷᠪᠡᠨ ᠶᠡᠬᠡ ᠡᠯᠡᠰᠦᠨ ᠴᠦᠯ ᠤ᠋ᠨ ᠵᠠᠯᠭᠠᠯᠳᠤᠬᠤ ᠢ᠋ᠢ ᠬᠤᠷᠢᠭᠯᠠᠪᠠ᠃
ᠠᠯᠠᠱᠠ ᠠᠶ᠋ᠢᠮᠠᠭ 《ᠬᠡᠷᠡᠯᠴᠢ ᠴᠡᠨᠡᠭ + ᠡᠯᠡᠰᠦᠶᠢ ᠵᠠᠰᠠᠬᠤ + ᠵᠠᠰᠠᠨ ᠰᠡᠷᠭᠦᠭᠡᠬᠦ᠌》 ᠵᠠᠭᠪᠤᠷ ᠢ᠋ ᠰᠢᠨᠡᠴᠢᠯᠡᠨ ᠬᠡᠷᠡᠭᠵᠢᠭᠦᠯᠵᠤ᠂ ᠬᠡᠷᠡᠯᠴᠢ ᠴᠡᠨᠡᠭ ᠢ᠋ᠢᠡᠷ 23.3 ᠲᠦᠮᠡᠨ ᠮᠥ᠍ ᠡᠯᠡᠰᠦᠨ ᠴᠥᠯ ᠢ᠋ ᠵᠠᠰᠠᠪᠠ᠃
ᠠᠯᠠᠱᠠ ᠠᠢᠮᠠᠭ ᠪᠥᠬᠥ᠌ ᠤᠯᠤᠰ ᠤ᠋ᠨ ᠣᠲᠣ ᠦᠶ᠎ᠡ ᠢ᠋ᠢᠨ ᠠᠮᠢ ᠠᠬᠤᠶ ᠢ᠋ᠢᠨ ᠡᠯᠡᠰᠦᠨ ᠤ᠋ ᠠᠵᠤ ᠤᠢᠯᠡᠰ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠢ᠋ ᠪᠦᠳᠦᠭᠡᠨ ᠪᠠᠶ᠋ᠢᠭᠤᠯᠵᠤ᠂ ᠴᠠᠭᠠᠨ ᠭᠣᠶᠣᠣ ᠡᠳ᠋ᠰᠢᠭᠦᠯᠬᠦ᠌ ᠪᠡᠷ ᠭᠤᠤᠯ ᠪᠣᠯᠭᠠᠭᠰᠠᠨ ᠠᠮᠢ ᠠᠬᠤᠶ ᠢ᠋ᠢᠨ ᠡᠯᠡᠰᠦᠨ ᠤ᠋ ᠠᠵᠤ ᠤᠢᠯᠡᠰ ᠤ᠋ᠨ ᠠᠵᠤ ᠠᠬᠤᠶ᠋ᠢᠯᠠᠯᠨᠢ 120 ᠭᠠᠷᠤᠶ ᠵᠦᠢᠯ ᠤ᠋ᠨ ᠤᠢᠯᠡᠳᠬᠦᠨ ᠢ᠋ ᠰᠤᠳᠤᠯᠤᠨ ᠨᠡᠭᠡᠭᠡᠵᠦ᠍᠂ 2025 ᠣᠨ ᠤ᠋ ᠤᠢᠯᠡᠳᠬᠦᠨ ᠤ᠋ ᠥᠷᠲᠡᠭᠨᠢ 25 ᠳ᠋ᠦᠩᠰᠢᠭᠤᠷ ᠲᠥᠭᠥᠷᠢᠭ ᠢ᠋ ᠲᠡᠪᠡᠵᠤ᠂ 《ᠠᠵᠤ ᠠᠬᠤᠶ᠋ᠢᠯᠠᠯ + ᠰᠠᠭᠤᠷᠢᠨ + ᠳᠤᠰᠬᠠᠢ ᠬᠣᠷᠰᠢᠶ᠎ᠠ + ᠮᠠᠯᠵᠢᠬᠤ ᠲᠠᠷᠢᠶᠠᠯᠠᠬᠤ ᠡᠷᠦᠬᠡ》 ᠢ᠋ᠢᠨ ᠬᠣᠯᠪᠣᠭᠠᠨ ᠤ᠋ ᠲᠣᠭᠲᠠᠴᠠᠨᠢ 3 ᠲᠦᠮᠡ ᠭᠠᠷᠤᠶ ᠣᠯᠠᠨ ᠲᠦᠮᠡᠨ ᠢ᠋ ᠠᠵᠤ ᠤᠢᠯᠡᠰ ᠤ᠋ᠨ ᠬᠡᠯᠬᠢᠶ᠎ᠡ ᠳ᠋ᠤ᠌ ᠤᠷᠤᠯᠴᠠᠭᠤᠯᠵᠤ 《ᠰᠢᠷᠭᠠᠯ ᠡᠯᠡᠰᠦᠨᠡᠴᠡ ᠠᠯᠲᠠ ᠲᠤᠨᠭᠭᠠᠬᠤ》 ᠬᠤᠪᠢᠷᠠᠯᠲᠠᠶᠢ ᠪᠡᠶᠡᠯᠡᠬᠦᠯᠵᠡᠢ᠃
ᠤᠯᠤᠰ ᠤ᠋ᠨ 《ᠤᠮᠠᠷᠠᠳᠤ ᠢ᠋ᠢᠨ ᠭᠤᠷᠪᠡᠨ ᠤᠷᠤᠨ》 ᠤ᠋ ᠢᠨᠵᠧᠨᠧᠷᠢᠩ ᠳ᠋ᠤ᠌ ᠲᠦᠰᠢᠭᠯᠡᠨ᠂ ᠠᠯᠠᠱᠠ ᠠᠢᠮᠠᠭ ᠭᠤᠷᠪᠠᠨ ᠶᠡᠬᠡ ᠡᠯᠡᠰᠦᠨ ᠤ᠋ ᠬᠥᠪᠡᠭᠡ ᠵᠠᠬᠠᠳᠠᠬᠢ ᠴᠦᠯᠯᠡᠷᠭᠡᠭᠵᠢᠯ ᠢ᠋ ᠵᠠᠰᠠᠬᠤ ᠠᠵᠢᠯ ᠢ᠋ ᠦᠷᠭᠦᠯᠵᠢᠯᠡᠨ ᠠᠬᠢᠭᠤᠯᠵᠤ᠂ ᠡᠯᠡᠰᠦᠷᠭᠡᠭᠵᠢᠯ ᠢ᠋ ᠰᠡᠷᠬᠡᠢᠯᠡᠨ ᠡᠯᠡᠰᠦᠶᠢ ᠵᠠᠰᠠᠭᠰᠠᠨ ᠲᠠᠯᠠᠪᠠᠶ 1 ᠳ᠋ᠦᠩᠰᠢᠭᠤᠷ ᠮᠦ᠍ᠶᠢ ᠲᠠᠪᠠᠵᠤ᠂ ᠣᠶ ᠰᠢᠭᠤᠶ ᠢ᠋ᠢᠨ ᠪᠦᠷᠬᠦᠴᠡ ᠢ᠋ᠢᠨ ᠨᠣᠷᠮᠠᠨᠢ ᠠᠶ᠋ᠢᠮᠠᠭ ᠪᠠᠶ᠋ᠢᠭᠤᠯᠤᠭᠳᠠᠭᠰᠠᠨ ᠡᠬᠢᠨ ᠤ᠋ ᠦᠶ᠎ᠡ ᠢ᠋ᠢᠨ 2.96% ᠪᠠᠶ᠋ᠢᠭᠰᠠᠨ ᠡᠴᠡᠪᠠᠨ ᠨᠡᠮᠡᠭᠳᠡᠭᠡᠳ 8.42% ᠪᠤᠯᠵᠤ᠂ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠢ᠋ᠢᠨ ᠪᠦᠷᠬᠦᠴᠡ 15% ᠬᠥᠷᠬᠥ᠌ ᠥᠬᠡᠶ ᠪᠠᠶ᠋ᠢᠭᠰᠠᠨ ᠡᠴᠡᠪᠠᠨ ᠨᠡᠮᠡᠭᠳᠡᠬᠡᠳ 23.18% ᠪᠤᠯᠵᠤ᠂ ᠠᠮᠢ ᠠᠬᠤᠶ ᠢ᠋ᠢᠨ ᠬᠠᠯᠬᠠᠪᠴᠢ ᠢ᠋ᠢᠨ ᠴᠢᠳᠠᠮᠵᠢ ᠢᠯᠡᠳᠳᠡ ᠴᠢᠩᠭᠠᠷᠠᠪᠠ᠃

(ᠲᠤᠰ ᠨᠢᠭᠤᠷ ᠤ᠋ᠨ ᠭᠡᠷᠡᠯ ᠵᠢᠷᠤᠭ ᠢ᠋ ᠰᠢᠨᠬᠤᠸᠠ ᠬᠤᠷᠢᠶ᠎ᠠ ᠡᠴᠡ ᠠᠪᠤᠪᠠ)