ᠥᠪᠥᠷ ᠮᠣᠩᠭᠣᠯ 5456 ᠲᠦᠮᠡᠨ ᠲᠥᠭᠥᠷᠢᠭ ᠤ᠋ᠨ ᠨᠦᠬᠦᠪᠤᠷᠢ ᠮᠥᠩᠭᠥ ᠪᠠᠭᠤᠯᠭᠠᠵᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠰᠦᠢᠳᠬᠡᠯ ᠬᠤᠷᠢᠶᠠᠬᠤ ᠦᠬᠡᠢ ᠪᠡᠷ ᠨᠡᠭᠡᠭᠡᠯᠳᠡ ᠬᠢᠬᠦ ᠢ᠋ᠢ ᠲᠡᠮᠵᠢᠪᠡ
2026-07-27 09:33:23
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

2026 ᠤᠨ ᠳ᠋ᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠤ᠋ᠨ ᠬᠢᠨ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠨᠡᠶ᠋ᠢᠭᠡᠮᠯᠢᠭ᠎ᠲᠡᠶ ᠬᠠᠮᠲᠤᠷᠠᠨ᠂ ᠰᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠣᠷᠳᠣᠨ᠎ᠤ᠋ ᠰᠦᠢᠳᠬᠡᠯ ᠬᠤᠷᠢᠶᠠᠬᠤ ᠦᠬᠡᠢ ᠪᠡᠷ ᠨᠡᠬᠡᠬᠡᠯᠳᠡ ᠬᠢᠬᠦ ᠢ᠋ᠢ ᠲᠤᠰᠠᠯᠠᠬᠤ ᠨᠦᠬᠦᠪᠤᠷᠢ ᠮᠥᠩᠭᠥ᠎ᠶᠢ 5456 ᠲᠦᠮᠡᠨ ᠲᠥᠭᠥᠷᠢᠭ ᠪᠠᠭᠤᠯᠭᠠᠵᠤ᠂ ᠪᠦᠬᠦ᠌ ᠣᠷᠣᠨ᠎ᠤ ᠡᠯ᠎ᠡ ᠱᠠᠲᠤᠨ᠎ᠤ ᠰᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠣᠷᠳᠣᠨ᠎ᠤ ᠨᠡᠶ᠋ᠢᠲᠡ᠎ᠶᠢᠨ ᠠᠰᠠᠷᠠᠮᠵᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠯᠠᠭ᠎ᠠ᠎ᠶᠢ ᠲᠤᠰᠬᠠᠢ ᠲᠦᠷᠦᠯ᠎ᠢᠶᠡᠷ ᠪᠠᠲᠤᠯᠠᠵᠤ᠂ ᠰᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠣᠷᠳᠣᠨ᠎ᠤ ᠪᠠᠢ᠌ᠩᠭᠤᠵᠢᠬᠰᠠᠨ ᠰᠦᠢᠳᠬᠡᠯ ᠬᠤᠷᠢᠶᠡᠬᠤ ᠦᠬᠡᠢ ᠪᠡᠷ ᠨᠡᠬᠡᠬᠡᠯᠳᠡ ᠬᠢᠬᠦ ᠢ᠋ᠢ ᠦᠷᠭᠦᠯᠵᠢᠯᠡᠨ ᠠᠬᠢᠭᠤᠯᠬᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲ᠋ᠧᠮ᠎ᠢ ᠪᠦᠷᠢᠨᠰᠢᠬᠦᠯᠬᠦ᠌᠎ᠳᠦ ᠪᠠᠲᠤ᠌ ᠪᠡᠬᠢ ᠡᠳ᠋᠎ᠦᠨ ᠬᠦᠴᠦᠨ᠎ᠦ ᠲᠤᠯᠭᠠᠭᠤᠷᠢᠯᠠᠯ ᠬᠠᠩᠭᠠᠪᠠ᠃

ᠪᠠᠯᠠ ᠮᠥᠩᠭᠥ᠎ᠶᠢᠨ ᠬᠤᠪᠢᠶᠠᠷᠢᠯᠠᠯᠲᠠ ᠨᠢ 《ᠡᠳ᠋᠎ᠦᠨ ᠵᠠᠰᠠᠭ᠎ᠤᠨ ᠶᠠᠮᠤᠨ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠶ᠋ᠢᠭᠡᠮᠯᠢᠭ ᠡᠴᠡ ᠲᠠᠷᠤᠮᠠᠯᠯᠠᠨ ᠲᠠᠷᠬᠠᠭᠠᠭᠰᠠᠨ 〈ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠰᠦᠢᠳᠬᠡᠯ ᠬᠤᠷᠢᠶᠠᠬᠤ ᠦᠬᠡᠢ ᠪᠡᠷ ᠨᠡᠬᠡᠬᠡᠯᠳᠡ ᠬᠢᠬᠦ ᠨᠥᠬᠥᠪᠥᠷᠢ᠎ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ〉》 ᠢ᠋ᠢᠨ ᠲᠤᠬᠠᠢ ᠬᠠᠮᠢᠶ᠎ᠡ ᠪᠦᠬᠦᠢ ᠲᠤᠭᠳᠠᠭᠠᠯ ᠢ᠋ ᠦᠨᠳᠦᠰᠦᠯᠡᠨ᠂ ᠡᠯ᠎ᠡ ᠣᠷᠳᠣᠨ᠎ᠤ ᠦᠵᠡᠬᠦᠯᠬᠡ᠎ᠶᠢᠨ ᠰᠤᠷᠭᠠᠨ ᠬᠥᠮᠦᠵᠢᠯ᠎ᠦᠨ ᠲᠠᠯᠠᠪᠠᠶ᠂ ᠣᠨ᠎ᠤ ᠦᠵᠡᠭᠴᠢᠳ᠎ᠦᠨ ᠬᠥᠮᠦᠨ ᠤᠳᠠᠭ᠎ᠠ᠂ ᠰᠤᠷᠭᠠᠨ ᠬᠥᠮᠦᠵᠢᠯ᠎ᠦᠨ ᠠᠵᠢᠯᠯᠠᠭ᠎ᠠ᠎ᠶᠢᠨ ᠲᠠᠯᠠᠪᠤᠷ ᠤᠳᠠᠭ᠎ᠠ ᠵᠡᠷᠭᠡ ᠬᠦᠴᠦᠨ ᠵᠦᠢᠯ ᠲᠡᠶ ᠤᠶᠠᠯᠳᠤᠭᠤᠯᠤᠨ ᠨᠢᠭᠡᠳᠦᠯᠲᠡᠶ ᠲᠦᠯᠦᠪᠵᠢᠬᠦᠯᠦᠨ ᠲᠥᠰᠦᠭᠡᠯᠡᠨ ᠪᠤᠳᠤᠵᠤ᠂ ᠣᠨᠣᠪᠴᠢᠲᠠᠶ᠎ᠪᠠᠷ ᠬᠤᠪᠢᠶᠠᠷᠢᠯᠠᠨ᠂ ᠰᠦᠢᠳᠬᠡᠯ ᠬᠤᠷᠢᠶᠠᠬᠤ ᠦᠬᠡᠢ ᠪᠡᠷ ᠨᠡᠬᠡᠬᠡᠯᠳᠡ ᠬᠢᠬᠦ ᠨᠥᠬᠥᠴᠡᠯ᠎ᠳᠦ ᠨᠡᠶ᠋ᠢᠴᠡᠬᠦ᠌ 63 ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯᠠᠪᠤᠷ ᠣᠷᠳᠣᠨ᠎ᠳᠤ ᠪᠠᠭᠤᠯᠭᠠᠪᠠ᠃ ᠡᠭᠦᠨ᠎ᠳᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ 1᠂ ᠠᠶ᠋ᠢᠮᠠᠭ ᠬᠣᠲᠠ᠎ᠶᠢᠨ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ 9᠂ ᠬᠣᠰᠢᠭᠤ ᠰᠢᠶᠠᠨ᠎ᠤ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ 53 ᠪᠠᠶ᠋ᠢᠵᠤ᠂ ᠬᠠᠮᠤᠷᠬᠤ ᠬᠡᠪᠴᠢᠶ᠎ᠡ᠎ᠨᠢ ᠳᠡᠭᠡᠷ᠎ᠡ ᠵᠢᠯ᠎ᠦᠨ᠎ᠬᠢ᠎ᠡᠴᠡ᠎ᠪᠡᠨ ᠤᠯᠠᠮ ᠨᠢᠭᠡ ᠠᠯᠬᠤᠮ ᠥᠷᠭᠡᠳᠪᠡ᠃ ᠲᠤᠰᠠᠯᠠᠮᠵᠢ᠎ᠶᠢᠨ ᠪᠡᠯᠡ ᠮᠥᠩᠭᠥ᠎ᠶᠢ ᠲᠤᠰᠬᠠᠶ ᠵᠣᠭᠣᠰ᠎ᠢ ᠲᠤᠰᠬᠠᠶ ᠵᠦᠢᠯ᠎ᠳᠦᠨᠢ ᠬᠡᠷᠡᠭᠯᠡᠬᠦ᠌᠎ᠶᠢ ᠲᠣᠳᠣᠷᠬᠠᠶ᠋ᠢᠯᠠᠵᠤ᠂ ᠲᠠᠯᠠᠪᠤᠷ ᠣᠷᠳᠣᠨ᠎ᠤ ᠡᠳᠦᠷ ᠲᠤᠲᠤᠮ᠎ᠤᠨ ᠠᠵᠢᠯᠯᠠᠭᠠᠨ᠎ᠤ ᠬᠠᠮᠠᠭᠠᠯᠠᠯᠲᠠ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠦᠵᠡᠬᠦᠯᠬᠡ᠎ᠶᠢᠨ ᠵᠦᠢᠯ᠎ᠢ ᠰᠢᠨᠡᠳᠬᠡᠨ ᠬᠠᠮᠠᠭᠠᠯᠠᠬᠤ᠂ ᠦᠵᠡᠰᠬᠦᠯᠡᠩ ᠡᠷᠬᠢᠯᠡᠬᠦ᠌ ᠵᠢᠴᠢ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠶ ᠰᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠠᠵᠢᠯᠯᠠᠭ᠎ᠠ᠂ ᠴᠢᠳᠠᠪᠤᠷᠢᠲᠠᠨ ᠬᠥᠮᠦᠵᠢᠭᠦᠯᠬᠦ᠌ ᠵᠡᠷᠭᠡ ᠲᠠᠯ᠎ᠠ᠎ᠳᠤ ᠭᠣᠣᠯᠳᠠᠯᠭ᠎ᠠ᠎ᠲᠠᠶ ᠬᠡᠷᠡᠭᠯᠡᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠪᠦᠬᠦᠯᠢ ᠡᠳᠦᠷ᠎ᠢᠶᠡᠷ ᠰᠦᠢᠳᠬᠡᠯ ᠬᠤᠷᠢᠶᠠᠬᠤ ᠦᠬᠡᠢ ᠪᠡᠷ ᠨᠡᠬᠡᠬᠡᠯᠳᠡ ᠬᠢᠬᠦ ᠤᠢᠯᠡᠴᠢᠯᠡᠬᠡ ᠢ᠋ᠢ ᠪᠦᠬᠦ᠌ ᠲᠠᠯ᠎ᠠ᠎ᠪᠠᠷ ᠲᠡᠮᠵᠢᠪᠡ᠃

ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠡᠯ᠎ᠡ ᠠᠶ᠋ᠢᠮᠠᠭ ᠬᠣᠲᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠢ ᠪᠠᠯᠠ ᠮᠥᠩᠭᠥ᠌ ᠪᠠᠭᠤᠯᠭᠠᠬᠤ ᠪᠠ ᠬᠡᠷᠡᠭᠵᠢᠭᠦᠯᠬᠦ᠌ ᠠᠬᠢᠴᠠ᠎ᠪᠠᠨ ᠤᠯᠠᠮ ᠨᠢᠭᠡ ᠠᠯᠬᠤᠮ ᠲᠦᠷᠭᠡᠳᠬᠡᠵᠦ᠍᠂ ᠪᠠᠯᠠ ᠮᠥᠩᠭᠥ᠎ᠶᠢᠨ ᠬᠡᠷᠡᠭᠯᠡᠯᠲᠡ ᠬᠠᠮᠢᠶᠠᠷᠤᠯᠲᠠ᠎ᠶᠢᠨ ᠲᠠᠷᠠᠭᠠᠯᠠᠯ ᠢ᠋ ᠵᠢᠷᠤᠮᠵᠢᠭᠤᠯᠤᠨ᠂ ᠲᠥᠰᠦᠪ᠎ᠦᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠤᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠰᠦᠢᠳᠬᠡᠯ ᠬᠤᠷᠢᠶᠠᠬᠤ ᠦᠬᠡᠢ ᠪᠡᠷ ᠨᠡᠭᠡᠭᠡᠯᠲᠡ ᠬᠢᠬᠦ᠌ ᠨᠥᠬᠥᠪᠥᠷᠢ᠎ᠮᠥᠩᠭᠥ᠎ᠶᠢ ᠬᠦᠢᠴᠡᠳ ᠰᠠᠶ᠋ᠢᠲᠤᠷ ᠬᠡᠷᠡᠭᠯᠡᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠬᠠᠩᠭᠠᠯᠭ᠎ᠠ᠎ᠶᠢ ᠦᠷᠭᠦᠯᠵᠢᠯᠡᠨ ᠪᠠᠶᠠᠯᠢᠭᠵᠢᠭᠤᠯᠵᠤ᠂ ᠡᠳ᠋᠎ᠦᠨ ᠵᠠᠰᠠᠭ᠎ᠤᠨ ᠪᠠᠯᠠ ᠮᠥᠩᠭᠥ᠌ ᠢ᠋ᠢᠨ ᠦᠷ᠎ᠡ ᠠᠰᠢᠭ᠎ᠢ ᠪᠠᠳᠠᠷᠠᠭᠤᠯᠬᠤ ᠬᠡᠷᠡᠭᠲᠡᠶ ᠭᠡᠵᠦ᠍ ᠱᠠᠭᠠᠷᠳᠠᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号