ᠣᠢᠷ᠎ᠠ᠎ᠳᠤ᠂ ᠪᠥᠬᠥ ᠣᠷᠣᠨ᠎ᠤ ᠠᠬᠠᠮᠠᠳ ᠺᠠᠳ᠋ᠷᠴᠤᠳ᠎ᠤᠨ ᠠᠵᠢᠯ᠎ᠤᠨ ᠰᠠᠯᠠᠭ᠎ᠠ ᠮᠦᠴᠢᠷ ᠤ᠋ᠨ ᠠᠵᠢᠯᠲᠠᠨ᠎ᠤ ᠲᠥᠷᠥ᠎ᠶᠢᠨ ᠪᠣᠳᠣᠯᠭ᠎ᠠ ᠪᠠ ᠲᠤᠬᠠᠢᠯᠠᠭᠰᠠᠨ ᠠᠵᠢᠯ᠎ᠤᠨ ᠮᠡᠳᠡᠯᠭᠡ᠎ᠶᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠬᠥᠬᠡᠡᠡᠣᠲᠠ᠎ᠳᠤ ᠶᠠᠪᠤᠭᠳᠠᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ᠎ᠶᠢᠨ ᠤᠳᠤᠷᠢᠳᠬᠤ ᠪᠠᠭ᠎ᠤᠨ ᠪᠦᠷᠢᠯᠳᠦᠭᠦᠨ ᠠᠵᠢᠯᠯᠠᠭ᠎ᠠ᠎ᠳᠤ ᠣᠷᠣᠯᠴᠠᠭᠰᠠᠨ ᠪᠥᠭᠡᠳ ᠱᠠᠩᠨᠠᠯ ᠭᠥᠷᠳᠡᠭᠰᠡᠨ ᠲᠥᠯᠥᠭᠡᠯᠡᠭᠴᠢᠳ᠎ᠲᠦ ᠱᠠᠩᠨᠠᠯ ᠭᠠᠷᠳᠠᠭᠤᠯᠪᠠ᠃
ᠤᠢᠯᠠᠭᠠᠬᠰᠠᠨ ᠵᠢᠡᠷ᠂ ᠡᠨᠡ ᠵᠢᠯ᠎ᠤᠨ 4 ᠰᠠᠷ᠎ᠠ᠎ᠳᠤ ᠳᠤᠰ ᠤᠷᠤᠯᠳᠤᠭᠠᠨ ᠡᠬᠢᠯᠡᠭᠰᠡᠨ ᠡᠴᠡ ᠨᠠᠭᠠᠰᠢ᠂ ᠪᠦᠬᠦ ᠤᠷᠤᠨ᠎ᠤ ᠡᠯ᠎ᠡ ᠱᠠᠲᠦᠨ᠎ᠤ ᠠᠬᠠᠮᠠᠳ ᠺᠠᠳ᠋ᠷᠴᠤᠳ᠎ᠤᠨ ᠠᠵᠢᠯ᠎ᠤᠨ ᠰᠠᠯᠠᠭ᠎ᠠ ᠮᠦᠴᠢᠷ ᠤ᠋ᠨ ᠬᠢᠨ 《ᠦᠪᠦᠷ ᠮᠤᠩᠭᠤᠯ᠎ᠤᠨ ᠠᠵᠢᠯ ᠡᠴᠡ ᠪᠠᠨ ᠳᠠᠷᠬᠠᠯᠠᠬᠳᠠᠬᠰᠠᠨ ᠠᠵᠢᠯ ᠡᠴᠡ ᠪᠠᠨ ᠠᠮᠠᠷᠠᠬᠰᠠᠨ ᠺᠠᠳ᠋ᠷ ᠨᠠᠮ᠎ᠤᠨ ᠬᠡᠰᠢᠬᠦᠨ᠎ᠤ ᠭᠡᠷ ᠪᠦᠯᠢ》 ᠵᠢᠷᠬᠢᠶ᠎ᠡ᠎ᠵᠢᠨ ᠤᠯᠠᠨ ᠨᠡᠢᠲᠡ᠎ᠶᠢᠨ ᠲᠡᠪᠴᠡᠩ᠎ᠳᠤ ᠲᠦᠰᠢᠭᠯᠡᠨ ᠠᠬᠠᠮᠠᠳ ᠺᠠᠳ᠋ᠷᠴᠤᠳ᠎ᠤᠨ ᠠᠵᠢᠯ᠎ᠤᠨ ᠰᠠᠯᠠᠭ᠎ᠠ ᠮᠦᠴᠢᠷ ᠤ᠋ᠨ ᠠᠵᠢᠯᠲᠠᠨ᠎ᠤ ᠲᠥᠷᠥ᠎ᠶᠢᠨ ᠪᠣᠳᠣᠯᠭ᠎ᠠ ᠪᠠ ᠲᠤᠬᠠᠢᠯᠠᠬᠰᠠᠨ ᠠᠵᠢᠯ᠎ᠤᠨ ᠮᠡᠳᠡᠯᠭᠡ᠎ᠵᠢ ᠲᠤᠬᠲᠠᠮᠠᠯ ᠬᠤᠭᠤᠴᠠᠭ᠎ᠠ ᠲᠠᠢ ᠪᠡᠷ ᠲᠠᠨᠢᠯᠴᠠᠭᠤᠯᠤᠨ ᠨᠡᠢᠲᠡᠯᠡᠵᠦ᠂ ᠨᠡᠢᠲᠡ 4500 ᠭᠠᠷᠤᠢ ᠬᠦᠮᠦᠨ ᠤᠳᠠᠭ᠎ᠠ ᠤᠷᠤᠯᠴᠠᠪᠠ; ᠤᠷᠤᠨ᠎ᠤ ᠰᠢᠭᠤᠳ ᠬᠠᠷᠢᠶ᠎ᠠ 73 ᠨᠢᠭᠡᠴᠢ᠎ᠵᠢᠨ 165 ᠠᠬᠠᠮᠠᠳ ᠺᠠᠳ᠋ᠷ ᠠᠵᠢᠯᠲᠠᠨ ᠠᠩᠬᠠᠨ᠎ᠤ ᠤᠷᠤᠯᠳᠤᠭᠠᠨ᠎ᠤ ᠪᠢᠷ᠎ᠤᠨ ᠰᠢᠯᠭᠠᠯᠲᠠ᠎ᠵᠢ ᠲᠦᠪᠯᠡᠷᠡᠬᠦᠯᠦᠨ ᠦᠷᠨᠢᠬᠦᠯᠵᠦ᠂ ᠡᠯ᠎ᠡ ᠠᠢᠮᠠᠭ ᠬᠤᠲᠠ᠎ᠵᠢᠨ ᠨᠠᠮ᠎ᠤᠨ ᠬᠤᠷᠢᠶᠠᠨ᠎ᠤ ᠠᠬᠠᠮᠠᠳ ᠺᠠᠳ᠋ᠷᠴᠤᠳ᠎ᠤᠨ ᠲᠤᠪᠴᠢᠶ᠎ᠠ ᠲᠤᠰ ᠲᠤᠰ ᠠᠩᠬᠠᠨ᠎ᠤ ᠤᠷᠤᠯᠳᠤᠭᠠᠨ᠎ᠤ ᠰᠢᠯᠭᠠᠷᠠᠭᠤᠯᠤᠯᠲᠠ᠎ᠵᠢ ᠵᠤᠬᠢᠶᠠᠨ ᠪᠠᠢᠭᠤᠯᠪᠠ᠃ ᠱᠠᠲᠦ ᠱᠠᠲᠦ ᠪᠡᠷ ᠰᠢᠯᠢᠨ ᠰᠤᠩᠭᠤᠬᠤ ᠪᠡᠷ ᠳᠠᠮᠵᠢᠨ ᠡᠯ᠎ᠡ ᠠᠢᠮᠠᠭ ᠬᠤᠲᠠ ᠪᠠ ᠤᠷᠤᠨ᠎ᠤ ᠰᠢᠭᠤᠳ ᠬᠠᠷᠢᠶ᠎ᠠ ᠨᠢᠭᠡᠴᠢ᠎ᠶᠢᠨ 24 ᠲᠦᠯᠦᠭᠡᠯᠡᠭᠴᠢᠳ᠎ᠤᠨ ᠠᠩᠬᠢ᠂ 72 ᠲᠤᠬᠠᠢᠯᠠᠬᠰᠠᠨ ᠠᠵᠢᠯ᠎ᠤᠨ ᠭᠤᠤᠯᠯᠠᠬᠴᠢ ᠬᠦᠴᠦᠨ ᠴᠤᠯᠭᠤᠷᠠᠨ ᠭᠠᠷᠴᠠᠢ᠃ ᠤᠷᠤᠯᠳᠤᠭᠠᠨ ᠨᠢ ᠶᠡᠷᠦᠩᠬᠡᠢ ᠱᠦᠵᠢ ᠰᠢ ᠵᠢᠨ ᠫᠢᠩ᠎ᠦᠨ ᠠᠬᠠᠮᠠᠳ ᠺᠠᠳ᠋ᠷᠴᠤᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠨᠠᠮ᠎ᠤᠨ ᠦᠨᠳᠦᠰᠦᠲᠡᠨ᠎ᠦ ᠣᠨᠣᠯᠲᠥᠷᠥᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠂ ᠠᠬᠠᠮᠠᠳ ᠺᠠᠳ᠋ᠷᠴᠤᠳ᠎ᠤᠨ ᠠᠵᠢᠯ᠎ᠤᠨ ᠲᠥᠷᠥ᠎ᠶᠢᠨ ᠪᠣᠳᠣᠯᠭ᠎ᠠ ᠪᠠ ᠲᠤᠬᠠᠢᠯᠠᠭᠰᠠᠨ ᠠᠵᠢᠯ᠎ᠤᠨ ᠮᠡᠳᠡᠯᠭᠡ ᠵᠡᠷᠭᠡ ᠠᠭᠤᠯᠭ᠎ᠠ᠎ᠶᠢᠨ ᠲᠣᠭᠣᠷᠢᠨ᠎ᠳᠤ ᠶᠠᠪᠤᠬᠳᠠᠵᠦ᠂ ᠬᠤᠪᠢ ᠬᠥᠮᠥᠨ᠎ᠦ ᠵᠠᠪᠠᠯ ᠬᠠᠷᠢᠭᠤᠯᠬᠤ ᠰᠡᠳᠦᠪ᠂ ᠪᠦᠯᠬᠦᠮ ᠨᠡᠶ᠋ᠢᠲᠡ᠎ᠶᠢᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠵᠡᠷᠭᠡ ᠭᠣᠭᠴᠣᠭ᠎ᠠ᠎ᠶᠢ ᠲᠣᠬᠢᠷᠠᠭᠤᠯᠪᠠ᠃
ᠤᠷᠤᠯᠳᠤᠭᠠᠨ᠎ᠤ ᠡᠴᠦᠰ᠎ᠲᠤ᠂ ᠠᠯᠠᠱᠠ ᠠᠢᠮᠠᠭ᠎ᠤᠨ ᠨᠠᠮ᠎ᠤᠨ ᠬᠤᠷᠢᠶ᠎ᠠ᠎ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶᠢᠨ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠲᠥᠯᠥᠭᠡᠯᠡᠭᠴᠢᠳ᠎ᠦᠨ ᠠᠩᠭᠢ ᠲᠣᠰ ᠲᠣᠰ ᠠᠢᠮᠠᠭ ᠬᠣᠲᠠ ᠪᠠ ᠣᠷᠣᠨ᠎ᠤ ᠰᠢᠭᠤᠳ ᠬᠠᠷᠢᠶ᠎ᠠ ᠵᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠂ ᠪᠤᠭᠤᠲᠤ ᠬᠣᠲᠠ᠎ᠶᠢᠨ ᠨᠠᠮ᠎ᠤᠨ ᠬᠤᠷᠢᠶ᠎ᠠ᠎ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠯᠪᠠᠨ ᠲᠢᠩᠬᠢᠮ ᠵᠡᠷᠭᠡ 4 ᠲᠥᠯᠥᠭᠡᠯᠡᠭᠴᠢᠳ᠎ᠦᠨ ᠠᠩᠭᠢ ᠲᠣᠰ ᠲᠣᠰ ᠠᠢᠮᠠᠭ ᠬᠣᠲᠠ ᠪᠠ ᠣᠷᠣᠨ᠎ᠤ ᠰᠢᠭᠤᠳ ᠬᠠᠷᠢᠶ᠎ᠠ ᠵᠢᠨ ᠳᠤᠭᠤᠢᠯᠠᠩ᠎ᠤᠨ ᠬᠣᠶᠠᠳᠤᠭᠠᠷ ᠳᠡᠰ᠎ᠤᠨ ᠱᠠᠩᠨᠠᠯ ᠭᠥᠷᠳᠡᠵᠦ᠂ ᠬᠥᠬᠡᠬᠣᠲᠠ᠎ᠶᠢᠨ ᠨᠠᠮ᠎ᠤᠨ ᠬᠤᠷᠢᠶ᠎ᠠ᠎ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠵᠡᠷᠭᠡ 6 ᠲᠥᠯᠥᠭᠡᠯᠡᠭᠴᠢᠳ᠎ᠦᠨ ᠠᠩᠭᠢ ᠲᠣᠰ ᠲᠣᠰ ᠠᠢᠮᠠᠭ ᠬᠣᠲᠠ ᠪᠠ ᠣᠷᠣᠨ᠎ᠤ ᠰᠢᠭᠤᠳ ᠬᠠᠷᠢᠶ᠎ᠠ ᠵᠢᠨ ᠳᠤᠭᠤᠢᠯᠠᠩ᠎ᠤᠨ ᠭᠤᠷᠪᠠᠳᠤᠭᠠᠷ ᠳᠡᠰ᠎ᠤᠨ ᠱᠠᠩᠨᠠᠯ ᠭᠥᠷᠳᠡᠪᠡ᠃