ᠥᠪᠥᠷ ᠮᠣᠩᠭᠣᠯ᠎ᠤᠨ ᠡᠯ᠎ᠡ ᠱᠠᠲᠤᠨ᠎ᠤ ᠡᠮᠡᠭᠲᠡᠶ᠋ᠢᠴᠦᠳ᠎ᠦᠨ ᠬᠣᠯᠪᠣᠭ᠎ᠠ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠬᠡᠦᠬᠡᠳ᠎ᠢ ᠬᠠᠯᠠᠮᠵᠢᠯᠠᠨ ᠬᠠᠶ᠋ᠢᠷᠠᠯᠠᠬᠤ ᠠᠵᠢᠯᠯᠠᠭ᠎ᠠ ᠦᠷᠨᠢᠭᠦᠯᠵᠦ ᠪᠤᠢ
2026-07-27 10:57:20
ᠵᠣᠬᠢᠶᠠᠭ᠍ᠴᠢ᠄
​ᠬᠤᠩ ᠰᠢᠶᠠ
ᠣᠩᠱᠢᠭ᠍ᠰᠠᠨ ᠣᠳᠠᠭ᠎ᠠ᠄
★★★☆☆

ᠵᠤᠨ᠎ᠤ ᠠᠮᠠᠷᠠᠯᠳᠠ ᠵᠢᠨ ᠬᠤᠭᠤᠴᠠᠭᠠᠨ᠎ᠳᠦ᠂ ᠪᠦᠬᠦ ᠤᠷᠤᠨ᠎ᠤ ᠡᠯ᠎ᠡ ᠱᠠᠲᠤᠨ᠎ᠤ ᠡᠮᠡᠭᠲᠡᠶ᠋ᠢᠴᠦᠳ᠎ᠦᠨ ᠬᠣᠯᠪᠣᠭ᠎ᠠ ᠤᠯᠠᠨ ᠶᠠᠩᠵᠦ ᠬᠡᠯᠪᠡᠷᠢ ᠵᠢᠨ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠬᠡᠦᠬᠡᠳ᠎ᠢ ᠬᠠᠯᠠᠮᠵᠢᠯᠠᠨ ᠬᠠᠶ᠋ᠢᠷᠠᠯᠠᠬᠤ ᠠᠵᠢᠯᠯᠠᠭ᠎ᠠ ᠦᠷᠨᠢᠭᠦᠯᠪᠡ᠃

ᠬᠥᠬᠡᠬᠣᠲᠠ᠎ᠶᠢᠨ ᠡᠮᠡᠭᠲᠡᠶ᠋ᠢᠴᠦᠳ᠎ᠦᠨ ᠬᠣᠯᠪᠣᠭ᠎ᠠ᠂ ᠬᠣᠲᠣᠩ ᠠᠷᠠᠳ᠎ᠤᠨ ᠲᠣᠭᠣᠷᠢᠭ᠎ᠤᠨ ᠡᠮᠡᠭᠲᠡᠶ᠋ᠢᠴᠦᠳ᠎ᠦᠨ ᠬᠣᠯᠪᠣᠭ᠎ᠠ ᠬᠠᠮᠳᠤᠷᠠᠨ 《ᠨᠤᠮ ᠵᠢᠡᠷ ᠣᠶᠤᠨ᠎ᠢᠶᠠᠨ ᠬᠡᠬᠡᠷᠡᠭᠦᠯᠵᠦ ᠦᠰᠦᠨ ᠪᠣᠶ᠋ᠢᠵᠢᠯᠲᠠ ᠳ᠋ᠦ ᠬᠠᠨᠢ ᠪᠤᠯᠤᠨᠠᠮ》 ᠭᠡᠬᠦ 2026 ᠣᠨ᠎ᠤ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠬᠡᠦᠬᠡᠳ᠎ᠢ ᠬᠠᠯᠠᠮᠵᠢᠯᠠᠨ ᠬᠠᠶ᠋ᠢᠷᠠᠯᠠᠬᠤ ᠦᠢᠯᠡᠴᠢᠯᠡᠭᠡᠨ᠎ᠦ ᠠᠵᠢᠯᠯᠠᠭ᠎ᠠ ᠵᠢ ᠡᠬᠢᠯᠡᠭᠦᠯᠵᠦ ᠂ ᠨᠡᠶ᠋ᠢᠭᠡᠮ ᠲᠣᠭᠣᠷᠢᠭ᠎ᠤᠨ ᠵᠣᠨ᠎ᠤ ᠠᠮᠠᠷᠠᠯᠲᠠ᠎ᠶᠢᠨ ᠨᠠᠶ᠋ᠢᠳᠠᠨ ᠬᠠᠮᠢᠶᠠᠷᠤᠭᠤᠯᠬᠤ ᠠᠩᠭᠢ ᠵᠡᠷᠭᠡ ᠪᠡᠷ ᠬᠢᠴᠢᠶᠡᠯ ᠡᠬᠢᠯᠡᠪᠡ᠃ ᠠᠵᠢᠯᠯᠠᠭ᠎ᠠ ᠳᠡᠭᠡᠷ᠎ᠡ ᠂ ᠬᠤᠳᠠ᠂ ᠲᠣᠭᠣᠷᠢᠭ ᠬᠣᠶᠠᠷ ᠱᠠᠲᠤᠨ᠎ᠤ ᠡᠮᠡᠭᠲᠡᠶ᠋ᠢᠴᠦᠳ᠎ᠦᠨ ᠬᠣᠯᠪᠣᠭ᠎ᠠ 《〈ᠨᠤᠮ ᠵᠢᠡᠷ ᠣᠶᠤᠨ᠎ᠢᠶᠠᠨ ᠬᠡᠬᠡᠷᠡᠭᠦᠯᠵᠦ ᠦᠰᠦᠨ ᠪᠣᠶ᠋ᠢᠵᠢᠯᠲᠠ ᠳ᠋ᠦ ᠬᠠᠨᠢ ᠪᠤᠯᠤᠨᠠᠮ〉 ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠬᠡᠦᠬᠡᠳ᠎ᠢ ᠬᠠᠯᠠᠮᠵᠢᠯᠠᠨ ᠬᠠᠶ᠋ᠢᠷᠠᠯᠠᠬᠤ ᠦᠢᠯᠡᠴᠢᠯᠡᠭᠡᠨ᠎ᠦ ᠠᠵᠢᠯᠯᠠᠭ᠎ᠠ᠎ᠶᠢᠨ ᠰᠠᠨᠠᠭᠠᠴᠢᠯᠠᠭ᠎ᠠ᠎ᠶᠢᠨ ᠪᠢᠴᠢᠭ》 ᠢ᠋ ᠨᠡᠶ᠋ᠢᠲᠡᠯᠡᠵᠦ᠍᠂ ᠪᠦᠬᠦ᠌ ᠨᠡᠶ᠋ᠢᠭᠡᠮ᠎ᠢᠶᠡᠷ᠎ᠢᠶᠡᠨ ᠬᠡᠦᠬᠡᠳ᠎ᠦᠨ ᠦᠰᠦᠨ ᠪᠣᠶ᠋ᠢᠵᠢᠯᠲᠠ᠎ᠶᠢᠨ ᠵᠠᠮᠴᠢᠯᠠᠬᠴᠢ᠂ ᠡᠷᠬᠡ ᠠᠰᠢᠭ᠎ᠤᠨ ᠬᠠᠮᠠᠭᠠᠯᠠᠭᠴᠢ᠂ ᠢᠷᠡᠭᠡᠳᠦᠢ᠎ᠶᠢᠨ ᠵᠡᠭᠦᠳᠦ᠎ᠪᠡᠨ ᠲᠡᠷᠭᠡᠯᠰᠢᠭᠦᠯᠦᠭᠴᠢ ᠪᠣᠯᠬᠤ᠎ᠶᠢ ᠤᠷᠢᠶᠠᠯᠠᠪᠠ᠃

ᠪᠤᠭᠤᠲᠤ ᠬᠤᠳᠠ ᠵᠢᠨ ᠴᠢᠩᠱᠠᠨ ᠲᠣᠭᠣᠷᠢᠭ᠎ᠤᠨ ᠡᠮᠡᠭᠲᠡᠶ᠋ᠢᠴᠦᠳ᠎ᠦᠨ ᠬᠣᠯᠪᠣᠭ᠎ᠠ᠎ᠠᠴᠠ ᠴᠢᠩᠱᠠᠨ ᠲᠣᠭᠣᠷᠢᠭ᠎ᠤᠨ ᠡᠪᠯᠡᠯ᠎ᠦᠨ ᠬᠣᠷᠢᠶ᠎ᠠ᠂ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠶ ᠬᠠᠮᠲᠤᠷᠠᠨ ᠡᠷᠬᠢᠯᠡᠭᠰᠡᠨ 2026 ᠣᠨ᠎ᠤ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳᠠᠬᠢ ᠬᠠᠶ᠋ᠢᠷ᠎ᠠ ᠬᠠᠯᠠᠮᠵᠢ᠎ᠶᠢᠨ ᠨᠠᠶ᠋ᠢᠳᠠᠨ ᠬᠠᠮᠢᠶᠠᠷᠤᠭᠤᠯᠬᠤ ᠠᠩᠭᠢ ᠬᠢᠴᠢᠶᠡᠯ ᠡᠬᠢᠯᠡᠪᠡ᠃ ᠲᠣᠰ ᠤᠳᠠᠭ᠎ᠠ ᠴᠢᠩᠱᠠᠨ ᠲᠣᠭᠣᠷᠢᠭ᠎ᠤᠨ ᠨᠠᠰᠤᠨ᠎ᠳᠤ ᠥᠯᠥ᠍ ᠭᠦᠷᠦᠭᠰᠡᠳ᠎ᠢ ᠬᠠᠮᠠᠭᠠᠯᠠᠬᠤ ᠲᠥᠪ (ᠬᠡᠦᠬᠡᠳ᠎ᠦᠨ ᠪᠦᠯᠢ) ᠪᠠ ᠬᠠᠳᠠ ᠨᠡᠶ᠋ᠢᠭᠡᠮ ᠲᠣᠭᠣᠷᠢᠭ ᠬᠣᠶᠠᠷ ᠶᠡᠬᠡ ᠨᠡᠶ᠋ᠢᠲᠡ᠎ᠶᠢᠨ ᠠᠰᠠᠷᠠᠮᠵᠢ᠎ᠶᠢᠨ ᠨᠠᠶ᠋ᠢᠳᠠᠨ ᠬᠠᠮᠢᠶᠠᠷᠤᠭᠤᠯᠬᠤ ᠴᠡᠭ ᠲᠣᠰ ᠲᠣᠰ 30 ᠨᠠᠰᠤᠨ᠎ᠳᠤ ᠥᠯᠥ᠍ ᠭᠦᠷᠦᠭᠰᠡᠳ᠎ᠢ ᠡᠯᠰᠡᠵᠦ᠍᠂ ᠬᠠᠷᠢᠶ᠎ᠠ ᠲᠣᠭᠣᠷᠢᠭ᠎ᠤᠨ 60 ᠬᠡᠦᠬᠡᠳ ᠲᠤᠰᠬᠠᠶ ᠮᠡᠷᠭᠡᠵᠢᠯ᠎ᠦᠨ ᠵᠣᠨ᠎ᠤ ᠠᠮᠠᠷᠠᠯᠲᠠ᠎ᠶᠢᠨ ᠨᠠᠶ᠋ᠢᠳᠠᠨ ᠬᠠᠮᠢᠶᠠᠷᠬᠤ ᠦᠢᠯᠡᠴᠢᠯᠡᠭᠡ᠎ᠶᠢ ᠦᠨ᠎ᠡ ᠲᠥᠯᠥᠪᠦᠷᠢ ᠥᠬᠡᠶ᠎ᠪᠡᠷ ᠭᠥᠷᠳᠡᠭᠡᠪᠡ᠃

ᠤᠯᠠᠭᠠᠨᠴᠠᠪ ᠬᠤᠳᠠ ᠵᠢᠨ ᠯᠢᠶᠠᠩᠴᠧᠩ ᠰᠢᠶᠠᠨ᠎ᠤ ᠡᠮᠡᠭᠲᠡᠶ᠋ᠢᠴᠦᠳ᠎ᠦᠨ ᠬᠣᠯᠪᠣᠭ᠎ᠠ ᠂ ᠰᠢᠶᠠᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠰᠢᠶᠠᠨ᠎ᠤ ᠠᠵᠢᠯᠴᠢᠨ᠎ᠤ ᠶᠡᠷᠦᠩᠬᠡᠢ ᠡᠪᠯᠡᠯ ᠲᠠᠢ ᠬᠠᠮᠳᠤᠷᠠᠨ 《ᠠᠨᠠᠷ᠎ᠤᠨ ᠴᠡᠴᠡᠭᠡᠰ ᠪᠠᠳᠠᠷᠠᠨ ᠳᠡᠯᠭᠡᠷᠡᠵᠦ᠍ ᠠᠨᠠᠷ᠎ᠤᠨ ᠦᠷ᠎ᠡ ᠰᠡᠳᠬᠢᠯ ᠨᠢᠭᠡᠳᠬᠦ》 ᠯᠢᠶᠠᠩᠴᠧᠩ ᠰᠢᠶᠠᠨ᠎ᠤ 2026 ᠣᠨ᠎ᠤ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠬᠡᠦᠬᠡᠳ᠎ᠦᠨ ᠤᠷᠠᠨ ᠰᠠᠶ᠋ᠢᠬᠠᠨ᠎ᠤ ᠲᠣᠭᠯᠠᠯᠲᠠ ᠭᠠᠷᠭᠠᠪᠠ᠃

ᠪᠠᠶᠠᠨᠨᠠᠭᠤᠷ ᠬᠣᠲᠠ᠎ᠶᠢᠨ ᠡᠮᠡᠭᠲᠡᠶ᠋ᠢᠴᠦᠳ᠎ᠦᠨ ᠬᠣᠯᠪᠣᠭ᠎ᠠ ᠡᠨᠡᠷᠢᠩᠬᠦᠢ ᠡᠵᠢ ᠬᠠᠪᠰᠤᠷᠤᠯᠴᠠᠭ᠎ᠠ ᠪᠠᠢᠭᠤᠯᠤᠨ ᠬᠠᠯᠠᠮᠵᠢᠯᠠᠨ ᠬᠠᠶ᠋ᠢᠷᠠᠯᠠᠬᠤ ᠭᠤᠷᠪᠠᠨ ᠵᠢᠯ᠎ᠦᠨ ᠠᠵᠢᠯᠯᠠᠭ᠎ᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠪᠠᠭᠠᠴᠤᠳ ᠬᠡᠦᠬᠡᠳ᠎ᠦᠨ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠂ ᠲᠠᠨᠭᠰᠤᠭ ᠰᠠᠢᠬᠠᠨ ᠠᠮᠠᠷᠠᠯᠳᠠ ᠵᠢ ᠪᠤᠢ ᠪᠤᠯᠭᠠᠬᠤ ᠵᠢᠨ ᠲᠥᠯᠤᠭᠡ 《ᠪᠠᠭᠠᠴᠤᠳ ᠬᠡᠦᠬᠡᠳ ᠨᠠᠮ᠎ᠢᠶᠠᠨ ᠳᠠᠭᠠᠨ᠎ᠠ》 ᠭᠡᠬᠦ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠡᠴᠢᠭᠡ ᠡᠬᠡ ᠦᠷ᠎ᠡ ᠬᠡᠦᠬᠡᠳ᠎ᠦᠨ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠭᠦᠯᠵᠦ᠂ 50 ᠭᠠᠷᠤᠶ ᠬᠥᠮᠦᠨ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号