ᠭᠤᠷᠪᠠᠨ ᠲᠠᠯ᠎ᠠ᠎ᠵᠢᠨ ᠬᠢᠨ ᠬᠡᠯᠡᠯᠴᠡᠭᠡᠷ ᠲᠤᠬᠳᠠᠵᠤ ᠠᠬᠠᠮᠠᠳ ᠴᠡᠷᠢᠭ᠎ᠲᠦ ᠴᠢᠨᠠᠷ ᠰᠠᠢᠳᠠᠢ ᠡᠮᠴᠢᠯᠡᠭᠡᠨ ᠤ᠋ ᠪᠠᠳᠤᠯᠠᠭ᠎ᠠ ᠬᠠᠡᠭᠭᠠᠵᠦ ᠪᠤᠢ
2026-07-28 11:20:53
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

 ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠴᠡᠷᠢᠭ ᠠᠡᠬᠬᠢ ᠵᠢᠨ ᠠᠵᠢᠯ ᠡᠴᠨ ᠪᠠᠨ ᠲᠠᠷᠬᠠᠯᠠᠬᠳᠠᠬᠰᠠᠨ ᠠᠵᠢᠯ ᠡᠴᠨ ᠪᠠᠨ ᠠᠮᠠᠷᠠᠬᠰᠠᠨ ᠺᠠᠳ᠋ᠷᠴᠤᠳ᠎ᠦᠨ ᠦᠢᠯᠡᠴᠢᠯᠡᠭᠡᠨ᠎ᠦ ᠲᠥᠪ᠂ ᠬᠥᠬᠡᠬᠣᠲᠠ᠎ᠶᠢᠨ ᠴᠡᠷᠢᠭ ᠠᠡᠬᠬᠢ ᠵᠢᠨ ᠠᠵᠢᠯ ᠡᠴᠨ ᠪᠠᠨ ᠲᠠᠷᠬᠠᠯᠠᠬᠳᠠᠬᠰᠠᠨ ᠠᠵᠢᠯ ᠡᠴᠨ ᠪᠠᠨ ᠠᠮᠠᠷᠠᠬᠰᠠᠨ ᠺᠠᠳ᠋ᠷᠴᠤᠳ᠎ᠦᠨ ᠦᠢᠯᠡᠴᠢᠯᠡᠭᠡᠨ ᠎ᠦ ᠲᠥᠪ᠎ᠤᠨ ᠬᠢᠨ ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠡᠮᠨᠡᠯᠭᠡ᠎ᠶᠢᠨ ᠬᠣᠷᠢᠶ᠎ᠠ (ᠥᠪᠥᠷ ᠮᠣᠩᠭᠣᠯ᠎ᠤᠨ ᠵᠢᠷᠦᠬᠡ ᠲᠠᠷᠢᠬᠢᠨ ᠤ᠋ ᠴᠢᠰᠤᠨ ᠰᠤᠳᠠᠯ᠎ᠤᠨ ᠡᠮᠨᠡᠯᠭᠡ᠎ᠶᠢᠨ ᠬᠣᠷᠢᠶ᠎ᠠ ) ᠲᠠᠢ ᠡᠮᠴᠢᠯᠡᠭᠡᠨ᠎ᠦ ᠦᠢᠯᠡᠴᠢᠯᠡᠭᠡᠨ ᠤ᠋ ᠪᠠᠲᠤᠯᠠᠭ᠎ᠠ᠎ᠶᠢᠨ ᠬᠠᠮᠲᠤᠷᠠᠯᠴᠠᠭᠠᠨ᠎ᠤ ᠭᠡᠯᠡᠯᠴᠡᠭᠡᠷ ᠲᠣᠭᠲᠠᠬᠤ ᠶᠣᠰᠣᠯᠠᠯ ᠶᠠᠪᠤᠭᠤᠯᠵᠤ᠂ ᠭᠤᠷᠪᠠᠨ ᠲᠠᠯ᠎ᠠ᠎ᠪᠠᠷ᠎ᠢᠶᠠᠨ ᠣᠷᠳᠣ᠌ ᠬᠤᠭᠤᠴᠠᠭᠠᠨ᠎ᠤ ᠡᠮᠴᠢᠯᠡᠭᠡᠨ᠎ᠦ ᠬᠠᠮᠲᠤ᠎ᠪᠠᠷ ᠪᠠᠶ᠋ᠢᠭᠤᠯᠬᠤ ᠲᠣᠭᠲᠡᠴᠡ᠎ᠶᠢ ᠲᠣᠬᠢᠷᠠᠯᠴᠠᠵᠤ᠂ ᠬᠣᠶᠠᠷ ᠱᠠᠲᠤᠨ᠎ᠤ  ᠴᠡᠷᠢᠭ ᠠᠡᠬᠬᠢ ᠵᠢᠨ ᠠᠵᠢᠯ ᠡᠴᠨ ᠲᠠᠷᠬᠠᠯᠠᠬᠳᠠᠬᠰᠠᠨ ᠠᠵᠢᠯ ᠡᠴᠨ ᠪᠠᠨ ᠠᠮᠠᠷᠠᠬᠰᠠᠨ ᠺᠠᠳ᠋ᠷ᠎ᠤᠨ ᠡᠷᠡᠭᠦᠯ ᠮᠡᠨᠳᠦ᠎ᠶᠢᠨ ᠪᠠᠲᠤᠯᠠᠭ᠎ᠠ᠎ᠶᠢᠨ ᠬᠠᠯᠠᠬᠪᠴᠢ ᠵᠢ ᠪᠡᠬᠢᠵᠢᠬᠦᠯᠵᠦ᠂ ᠠᠬᠠᠮᠠᠳ ᠴᠡᠷᠢᠭ᠎ᠦᠨ ᠡᠪᠡᠳᠴᠢᠨ ᠦᠵᠡᠭᠦᠯᠬᠦ᠎ᠳᠦ ᠲᠦᠪᠡᠭ᠎ᠲᠠᠢ ᠪᠠᠢᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ ᠵᠢ ᠵᠤᠷᠢᠪᠠ᠃

  ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠡᠮᠨᠡᠯᠭᠡ᠎ᠶᠢᠨ ᠬᠣᠷᠢᠶ᠎ᠠ ᠨᠢ ᠴᠡᠷᠢᠭ ᠠᠡᠬᠬᠢ ᠵᠢᠨ ᠠᠵᠢᠯ ᠡᠴᠨ ᠲᠠᠷᠬᠠᠯᠠᠬᠳᠠᠬᠰᠠᠨ ᠠᠵᠢᠯ ᠡᠴᠨ ᠪᠠᠨ ᠠᠮᠠᠷᠠᠬᠰᠠᠨ ᠺᠠᠳ᠋ᠷ᠎ᠢ ᠤᠷᠢᠳ᠎ᠢᠶᠠᠷ ᠬᠠᠷᠠᠭᠠᠯᠵᠠᠬᠤ ᠴᠣᠩᠬᠤᠪᠴᠢ ᠪᠠ ᠡᠪᠡᠳᠴᠢᠨ ᠦᠵᠡᠭᠦᠯᠬᠦ ᠰᠠᠭᠠᠳ ᠦᠭᠡᠢ ᠨᠡᠪᠳᠡᠷᠡᠬᠦ ᠵᠠᠮ᠎ᠢ ᠲᠤᠰᠬᠠᠢᠯᠠᠨ ᠨᠡᠭᠡᠭᠡᠵᠦ᠂ ᠡᠪᠡᠳᠴᠢᠨ ᠦᠵᠡᠭᠦᠯᠬᠦ᠂ ᠪᠠᠢᠴᠠᠭᠠᠬᠤ᠂ ᠡᠮᠨᠡᠨ ᠵᠠᠰᠠᠬᠤ᠂ ᠡᠪᠡᠳᠴᠢᠲᠡᠨ᠎ᠦ ᠣᠷᠣ᠌ ᠎ᠶᠢ ᠲᠥᠪᠬᠢᠨᠡᠭᠦᠯᠬᠦ ᠪᠥᠬᠥ ᠶᠠᠪᠤᠴᠠ᠎ᠳᠤ ᠬᠠᠷᠠᠭᠠᠯᠵᠠᠯ ᠦᠵᠡᠭᠦᠯᠦᠨ᠎ᠠ᠃ ᠡᠭᠦᠨ᠎ᠡᠴᠡ ᠭᠠᠳᠠᠨ᠎ᠠ᠂ ᠲᠣᠰ ᠡᠮᠨᠡᠯᠭᠡ᠎ᠶᠢᠨ ᠬᠣᠷᠢᠶ᠎ᠠ ᠴᠡᠷᠢᠭ ᠠᠡᠬᠬᠢ ᠵᠢᠨ ᠠᠵᠢᠯ ᠡᠴᠨ ᠲᠠᠷᠬᠠᠯᠠᠬᠳᠠᠬᠰᠠᠨ ᠠᠵᠢᠯ ᠡᠴᠨ ᠪᠠᠨ ᠠᠮᠠᠷᠠᠬᠰᠠᠨ ᠺᠠᠳ᠋ᠷᠴᠤᠳ᠎ᠦᠨ ᠦᠢᠯᠡᠴᠢᠯᠡᠭᠡᠨ ᠤ᠋ ᠵᠢᠬᠰᠠᠭᠠᠯ ᠤ᠋ᠨ ᠭᠠᠵᠠᠷ ᠲᠸ᠋ ᠪᠠᠢᠡᠭᠭᠤ ᠬᠦᠷᠴᠤ᠂ ᠠᠯᠪᠠᠨ ᠵᠢᠷᠤᠮ᠎ᠤᠨ ᠡᠮᠴᠢᠯᠡᠭᠡ᠂ ᠡᠷᠡᠭᠦᠯ ᠮᠡᠨᠳᠦ᠎ᠶᠢᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠢᠯᠤᠮᠵᠢ᠂ ᠤᠳᠠᠭᠠᠨ ᠴᠢᠨᠠᠷᠲᠠᠢ ᠡᠪᠡᠳᠴᠢᠨ᠎ᠢ ᠮᠥᠷᠳᠡᠨ ᠬᠠᠮᠢᠶᠠᠷᠬᠤ ᠵᠡᠷᠭᠡ ᠠᠵᠢᠯᠯᠠᠭ᠎ᠠ ᠦᠷᠨᠢᠬᠦᠯᠵᠦ᠂ ᠣᠯᠠᠨ ᠲᠠᠰ ᠳᠠᠪᠬᠤᠷᠭ᠎ᠠ᠎ᠪᠠᠷ ᠠᠬᠠᠮᠠᠳ ᠴᠡᠷᠢᠭ᠎ᠦᠨ ᠪᠡᠶ᠎ᠡ ᠰᠡᠳᠬᠢᠯ᠎ᠦᠨ ᠡᠷᠡᠭᠦᠯ ᠮᠡᠨᠳᠦ᠎ᠶᠢ ᠰᠠᠬᠢᠨ ᠬᠠᠮᠠᠭᠠᠯᠠᠨ᠎ᠠ᠃

ᠲᠣᠰ ᠤᠳᠠᠭᠠᠨ ᠎ᠤ ᠬᠠᠮᠲᠤᠷᠠᠯᠴᠠᠭ᠎ᠠ ᠨᠢ ᠴᠢᠨᠠᠷ ᠰᠠᠢᠲᠠᠢ ᠡᠮᠴᠢᠯᠡᠭᠡᠨ᠎ᠦ ᠦᠢᠯᠡᠴᠢᠯᠡᠭᠡᠨ ᠎ᠦ ᠠᠷᠭ᠎ᠠ ᠵᠠᠮ ᠎ᠢ ᠥᠷᠭᠡᠳᠬᠡᠵᠦ᠂ ᠣᠷᠣᠨ᠎ᠤ ᠲᠥᠪ᠎ᠦᠨ ᠴᠡᠷᠢᠭ ᠠᠡᠬᠬᠢ ᠵᠢᠨ ᠠᠵᠢᠯ ᠡᠴᠨ ᠲᠠᠷᠬᠠᠯᠠᠬᠳᠠᠬᠰᠠᠨ ᠠᠵᠢᠯ ᠡᠴᠨ ᠪᠠᠨ ᠠᠮᠠᠷᠠᠬᠰᠠᠨ ᠺᠠᠳ᠋ᠷᠴᠤᠳ᠎ᠦᠨ ᠦᠢᠯᠡᠴᠢᠯᠡᠭᠡᠨ᠎ᠦ ᠪᠠᠲᠤᠯᠠᠭ᠎ᠠ᠎ᠶᠢᠨ ᠠᠭᠤᠯᠤᠭᠳᠠᠬᠤᠨ᠎ᠢ ᠪᠠᠶᠠᠯᠢᠭ᠍ᠵᠢᠭᠤᠯᠤᠭᠰᠠᠨ᠎ᠢᠶᠠᠷ ᠪᠠᠷᠠᠬᠤ ᠦᠭᠡᠢ᠂ ᠨᠠᠩ ᠴᠤ᠌ ᠣᠨᠣᠴᠠᠲᠠᠶ ᠡᠮᠴᠢᠯᠡᠭᠡᠨ᠎ᠦ ᠦᠢᠯᠡᠴᠢᠯᠡᠭᠡ ᠪᠡᠷ ᠴᠡᠷᠢᠭ᠎ᠦᠨ ᠠᠯᠪᠠ᠎ᠡᠴᠡ ᠬᠠᠯᠠᠬᠳᠠᠬᠰᠠᠨ ᠠᠬᠠᠮᠠᠳ ᠴᠡᠷᠢᠭ᠎ᠲᠦ ᠬᠦᠨᠳᠦᠳᠬᠡᠯ ᠳᠡᠪᠰᠢᠭᠦᠯᠪᠡ᠃ ᠬᠥᠬᠡᠬᠣᠲᠠ ᠡᠮᠴᠢᠯᠡᠭᠡᠨ᠎ᠦ ᠪᠠᠢᠭᠤᠯᠤᠮᠵᠢ᠎ᠯᠤᠭ᠎ᠠ ᠬᠣᠯᠪᠤᠭᠠᠯᠠᠨ ᠬᠥᠳᠡᠯᠦᠯᠴᠡᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠴᠡᠷᠢᠭ ᠠᠡᠬᠬᠢ ᠵᠢᠨ ᠠᠵᠢᠯ ᠡᠴᠨ ᠲᠠᠷᠬᠠᠯᠠᠬᠳᠠᠬᠰᠠᠨ ᠠᠵᠢᠯ ᠡᠴᠨ ᠪᠠᠨ ᠠᠮᠠᠷᠠᠬᠰᠠᠨ ᠺᠠᠳ᠋ᠷᠴᠤᠳ᠎ᠦᠨ ᠦᠢᠯᠡᠴᠢᠯᠡᠭᠡᠨ ᠤ᠋ ᠠᠵᠢᠯ᠎ᠢ ᠪᠣᠳᠠᠲᠠᠢ ᠨᠠᠷᠢᠯᠢᠭ᠋ ᠬᠢᠵᠦ᠂ ᠲᠡᠳᠡᠨᠡᠷ ᠤ᠋ᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠢᠷᠠᠭᠤ ᠠᠯᠳᠠᠷᠳᠦ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠷᠢᠭ ᠵᠠᠰᠠᠭ ᠴᠡᠷᠢᠭ ᠠᠷᠠᠳ᠎ᠤᠨ ᠬᠠᠷᠢᠴᠠᠭ᠎ᠠ ᠵᠢ ᠤᠯᠠᠮ ᠪᠡᠬᠢᠵᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号