《ᠰᠢᠨᠬᠤᠸᠠ ᠲᠣᠯᠢ ᠪᠢᠴᠢᠭ》 (13 ᠳ᠋ᠤᠭᠠᠷ ᠬᠡᠪᠯᠡᠯ) ᠢ᠋ ᠬᠤᠳᠠᠯᠳᠤᠭᠠᠨ᠎ᠤ ᠶᠠᠪᠤᠳᠠᠯ ᠤᠨ ᠬᠡᠪᠯᠡᠯ᠎ᠦᠨ ᠭᠠᠵᠠᠷ᠎ᠠᠴᠠ ᠬᠡᠪᠯᠡᠭᠦᠯᠵᠡᠢ᠃ 26 ᠤ᠋ ᠡᠳᠦᠷ ᠪᠡᠭᠡᠵᠢᠩ᠎ᠳᠦ ᠶᠠᠪᠤᠭᠳᠠᠭᠰᠠᠨ ᠬᠡᠪᠯᠡᠯ᠎ᠦᠨ ᠶᠠᠷᠢᠯᠴᠠᠬᠤ ᠬᠤᠷᠠᠯ ᠳᠡᠭᠡᠷ᠎ᠡ᠂ ᠪᠥᠬᠥ ᠤᠯᠤᠰ ᠤᠨ ᠬᠡᠯᠡᠨ᠎ᠦ ᠰᠢᠨᠵᠢᠯᠡᠭᠡᠨ᠎ᠦ ᠡᠲᠡᠭᠡᠳ᠂ ᠲᠣᠯᠢ ᠪᠢᠴᠢᠭ᠎ᠦᠨ ᠤᠬᠠᠭᠠᠨ ᠤ ᠡᠲᠡᠭᠡᠳ᠂ ᠬᠡᠪᠯᠡᠯ ᠦᠨ ᠡᠲᠡᠭᠡᠳ᠂ ᠰᠤᠷᠭᠠᠨ ᠬᠥᠮᠦᠵᠢᠯ᠎ᠦᠨ ᠡᠲᠡᠭᠡᠳ᠎ᠦᠨ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠨᠡᠢᠭᠡᠮ᠎ᠦᠨ ᠡᠯ᠎ᠡ ᠡᠲᠡᠭᠡᠳ᠎ᠦᠨ ᠬᠦᠨᠳᠦᠲᠦ ᠵᠣᠴᠢᠳ ᠨᠢᠭᠡ ᠲᠠᠩᠬᠢᠮ᠎ᠳᠤ ᠴᠤᠭᠯᠠᠷᠠᠵᠤ᠂ 《ᠰᠢᠨᠬᠤᠸᠠ ᠲᠣᠯᠢ ᠪᠢᠴᠢᠭ》 ᠤ᠋ᠨ 70 ᠭᠠᠷᠤᠢ ᠵᠢᠯ᠎ᠦᠨ ᠨᠠᠢᠷᠠᠭᠤᠯᠤᠨ ᠲᠤᠭᠤᠷᠪᠢᠭ᠍ᠰᠠᠨ ᠪᠠ ᠵᠠᠰᠠᠪᠤᠷᠢ ᠣᠷᠣᠭᠤᠯᠤᠭᠰᠠᠨ ᠥᠩᠭᠡᠷᠡᠯᠲᠡ᠎ᠶᠢ ᠡᠷᠭᠢᠴᠡᠭᠦᠯᠵᠦ᠂ 《ᠰᠢᠨᠬᠤᠸᠠ ᠲᠣᠯᠢ ᠪᠢᠴᠢᠭ》 (13 ᠳ᠋ᠤᠭᠠᠷ ᠬᠡᠪᠯᠡᠯ) ᠳᠤ᠌ ᠵᠠᠰᠠᠪᠤᠷᠢ ᠣᠷᠣᠭᠤᠯᠤᠭᠰᠠᠨ ᠣᠢᠯᠠᠭᠠᠭᠳᠠᠬᠤᠨ᠂ ᠴᠠᠭ ᠦᠶ᠎ᠡ᠎ᠶᠢᠨ ᠦᠨ᠎ᠡ ᠥᠷᠲᠡᠭ᠂ ᠦᠭᠡ ᠬᠡᠯᠡ ᠥᠰᠥᠭ ᠪᠢᠴᠢᠭ᠎ᠦᠨ ᠰᠣᠶᠣᠯ᠎ᠢ ᠤᠯᠠᠮᠵᠢᠯᠠᠨ ᠳᠡᠯᠭᠡᠷᠡᠭᠦᠯᠬᠦ ᠵᠡᠷᠭᠡ ᠵᠥᠪᠯᠡᠬᠦ ᠰᠡᠳᠦᠪ ᠦᠨ ᠲᠣᠭᠣᠷᠢᠨ᠎ᠳᠤ ᠭᠦᠨᠵᠡᠭᠡᠢ ᠰᠣᠯᠢᠯᠴᠠᠭ᠎ᠠ ᠥᠷᠨᠢᠭᠦᠯᠵᠦ᠂ ᠰᠢᠨ᠎ᠡ ᠴᠠᠭ ᠦᠶ᠎ᠡ᠎ᠶᠢᠨ ᠲᠣᠯᠢ ᠪᠢᠴᠢᠭ᠎ᠤᠨ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠪᠥᠬᠥ ᠠᠷᠠᠳ᠎ᠤᠨ ᠤᠩᠰᠢᠨ ᠳᠡᠯᠭᠡᠷᠡᠭᠦᠯᠬᠦ᠂ ᠦᠨᠳᠦᠰᠦᠲᠡᠨ᠎ᠦ ᠠᠭᠤᠰᠤᠯᠴᠠᠯ ᠬᠢᠭᠡᠳ ᠣᠯᠠᠨ ᠤᠯᠤᠰ᠎ᠤᠨ ᠰᠣᠶᠣᠯ᠎ᠤᠨ ᠰᠣᠯᠢᠯᠴᠠᠭᠠᠨ᠎ᠤ ᠦᠢᠯᠡᠳᠦᠯᠭᠡ᠎ᠶᠢᠨ ᠠᠷᠭ᠎ᠠ ᠵᠠᠮ᠎ᠢ ᠠᠬᠢᠭᠤᠯᠬᠤ᠎ᠳᠦ ᠳᠤᠰᠠᠯᠠᠬᠤ ᠵᠡᠷᠭᠡ ᠳᠠᠯ᠎ᠠ ᠪᠡᠷ ᠰᠤᠳᠤᠯᠤᠨ ᠶᠠᠷᠢᠯᠴᠠᠪᠠ᠃
ᠬᠤᠷᠠᠯ᠎ᠳᠤ ᠣᠷᠣᠯᠴᠠᠭᠰᠠᠨ ᠵᠣᠴᠢᠳ᠎ᠤᠨ ᠦᠵᠡᠬᠦ᠎ᠪᠡᠷ᠂ 《ᠰᠢᠨᠬᠤᠸᠠ ᠲᠣᠯᠢ ᠪᠢᠴᠢᠭ》 ᠪᠣᠯ ᠦᠰᠦᠭ᠎ᠦᠨ ᠵᠤᠷᠪᠤᠰ᠎ᠤᠨ ᠬᠡᠯᠪᠡᠷᠢ᠎ᠪᠡᠷ ᠢᠯᠡᠷᠡᠭᠰᠡᠨ ᠮᠡᠳᠡᠯᠭᠡ᠎ᠶᠢᠨ ᠢᠨᠵᠧᠨᠧᠷᠢᠩ ᠪᠣᠯᠣᠨ᠎ᠠ᠂ ᠡᠭᠦᠨ᠎ᠳᠦ ᠰᠣᠶᠣᠯ᠎ᠤᠨ ᠭᠧᠨ᠂ ᠬᠤᠷᠢᠶᠠᠨ ᠬᠠᠳᠠᠭᠠᠯᠠᠬᠤ ᠤᠯᠤᠰ ᠬᠡᠷ᠎ᠤᠨ ᠳᠤᠷᠠᠰᠤᠮᠵᠢ ᠪᠠᠭᠲᠠᠨ᠎ᠠ᠃ ᠲᠡᠭᠦᠨ᠎ᠢ ᠨᠠᠢᠷᠠᠭᠤᠯᠤᠨ ᠪᠢᠴᠢᠬᠦ᠂ ᠵᠠᠰᠠᠪᠤᠷᠢ ᠣᠷᠣᠭᠤᠯᠬᠤ ᠪᠠ ᠬᠡᠷᠡᠭᠯᠡᠬᠦ ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠢ ᠬᠠᠮᠠᠭᠠᠯᠠᠵᠤ᠂ ᠰᠢᠨ᠎ᠡ ᠶᠡᠷᠦ᠎ᠶᠢᠨ ᠮᠡᠳᠡᠯᠭᠡ᠎ᠶᠢ ᠲᠣᠳᠣᠷᠬᠠᠢᠯᠠᠨ ᠥᠭᠦᠯᠡᠳᠡᠭ᠃ 《ᠰᠢᠨᠬᠤᠸᠠ ᠲᠣᠯᠢ ᠪᠢᠴᠢᠭ》 (13 ᠳ᠋ᠤᠭᠠᠷ ᠬᠡᠪᠯᠡᠯ) ᠤ᠋ᠨ ᠬᠡᠪᠯᠡᠭᠳᠡᠭᠰᠡᠨ ᠨᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠲᠣᠯᠢ ᠪᠢᠴᠢᠭ ᠦᠨ ᠦᠢᠯᠡᠰ᠎ᠦᠨ ᠴᠢᠬᠤᠯᠠ ᠦᠷ᠎ᠡ ᠪᠦᠲᠦᠭᠡᠯ ᠪᠣᠯᠬᠤ ᠪᠥᠭᠡᠳ ᠪᠠᠰᠠ ᠰᠣᠶᠣᠯ ᠤᠨ ᠤᠯᠠᠮᠵᠢᠯᠠᠯ ᠬᠥᠭᠵᠢᠯᠲᠡ᠎ᠶᠢᠨ ᠦᠨᠡᠨ ᠵᠢᠷᠤᠭᠯᠠᠯ ᠪᠣᠯᠣᠨ᠎ᠠ᠃ 《ᠰᠢᠨᠬᠤᠸᠠ ᠲᠣᠯᠢ ᠪᠢᠴᠢᠭ》 ᠢᠮᠠᠭᠲᠠ ᠴᠠᠭ ᠦᠶ᠎ᠡ᠎ᠲᠠᠢ ᠬᠠᠮᠲᠤ ᠤᠷᠤᠭᠰᠢᠯᠠᠵᠤ᠂ ᠠᠷᠠᠳ ᠲᠦᠮᠡᠨ᠎ᠲᠠᠢ ᠰᠡᠳᠬᠢᠯ ᠨᠢᠭᠡᠳᠴᠦ᠂ 《ᠪᠠᠭ᠎ᠠ ᠲᠣᠯᠢ》 ᠪᠡᠷ 《ᠶᠡᠬᠡ ᠰᠣᠶᠣᠯ》 ᠢ᠋ ᠪᠢᠴᠢᠭᠯᠡᠵᠦ᠂ 《ᠪᠠᠭ᠎ᠠ ᠲᠣᠯᠢ》 ᠪᠡᠷ 《ᠶᠡᠬᠡ ᠪᠠᠢᠯᠳᠤᠬᠤ ᠪᠣᠳᠣᠯᠭ᠎ᠠ》 ᠳ᠋ᠤ᠌ ᠦᠢᠯᠡᠴᠢᠯᠡᠪᠡ᠃
《ᠰᠢᠨᠬᠤᠸᠠ ᠲᠣᠯᠢ ᠪᠢᠴᠢᠭ》 1953 ᠣᠨ᠎ᠳᠤ ᠠᠩᠬ᠎ᠠ ᠤᠳᠠᠭ᠎ᠠ ᠬᠡᠪᠯᠡᠭᠳᠡᠪᠡ᠂ ᠡᠨᠡ ᠪᠣᠯ ᠰᠢᠨ᠎ᠡ ᠳᠤᠮᠳᠠᠳᠤ ᠤᠯᠤᠰ᠎ᠤᠨ ᠠᠩᠬᠠᠳᠠᠭ᠍ᠴᠢ ᠤᠳᠤ ᠦᠶ᠎ᠡ᠎ᠶᠢᠨ ᠬᠢᠲᠠᠳ ᠬᠡᠯᠡᠨ᠎ᠦ ᠳᠦᠷᠢᠮᠵᠢᠭᠰᠡᠨ ᠲᠣᠯᠢ ᠪᠣᠯᠣᠨ᠎ᠠ᠂ ᠪᠠᠰᠠ ᠴᠤ᠌ ᠤᠳᠤ ᠪᠣᠯᠲᠠᠯᠠᠬᠢ ᠬᠠᠮᠤᠭ᠎ᠤᠨ ᠶᠡᠬᠡ ᠨᠥᠯᠥᠭᠡᠯᠡᠬᠦ ᠬᠦᠴᠦᠨ᠎ᠲᠠᠢ ᠵᠢᠵᠢᠭ ᠬᠡᠯᠪᠡᠷᠢ᠎ᠶᠢᠨ ᠬᠢᠲᠠᠳ ᠬᠡᠯᠡᠨ ᠦ ᠲᠣᠯᠢ ᠪᠣᠯᠣᠨ᠎ᠠ;ᠨᠡᠶ᠋ᠢᠲᠡ 7 ᠳ᠋ᠦᠩᠰᠢᠭᠤᠷ ᠭᠠᠷᠤᠢ ᠳᠡᠪᠲᠡᠷ ᠳᠠᠷᠤᠮᠠᠯᠯᠠᠨ ᠲᠠᠷᠬᠠᠭᠠᠵᠤ᠂ ᠪᠥᠬᠥ ᠳᠡᠯᠡᠬᠡᠢ᠎ᠶᠢᠨ ᠲᠠᠷᠬᠠᠭᠠᠯᠲᠠ᠎ᠶᠢᠨ ᠬᠡᠮᠵᠢᠶ᠎ᠡ᠎ᠪᠡᠷ ᠬᠠᠮᠤᠭ᠎ᠤᠨ ᠶᠡᠬᠡ ᠭᠠᠷ ᠠᠪᠤᠯᠭ᠎ᠠ᠎ᠶᠢᠨ ᠨᠣᠮ ᠪᠣᠯᠵᠠᠢ᠃ ᠣᠳᠣᠬᠠᠨ᠎ᠳᠤ᠂ ᠬᠤᠳᠠᠯᠳᠤᠭᠠᠨ᠎ᠤ ᠶᠠᠪᠤᠳᠠᠯ᠎ᠤᠨ ᠬᠡᠪᠯᠡᠯ᠎ᠤᠨ ᠭᠠᠵᠠᠷ ᠶᠠᠭ 《ᠰᠢᠨᠬᠤᠸᠠ ᠲᠣᠯᠢ ᠪᠢᠴᠢᠭ》 ᠤ᠋ᠨ 15 ᠲᠥᠷᠥᠯ᠎ᠦᠨ ᠬᠡᠯᠡᠨ᠎ᠦ ᠬᠢᠲᠠᠳ ᠭᠠᠳᠠᠭᠠᠳᠤ ᠬᠡᠯᠡᠨ᠎ᠦ ᠣᠷᠴᠢᠭᠤᠯᠭ᠎ᠠ᠎ᠶᠢᠨ ᠬᠡᠪᠯᠡᠯ᠎ᠦᠨ ᠠᠵᠢᠯ᠎ᠢ ᠠᠬᠢᠭᠤᠯᠵᠤ ᠪᠠᠢᠨ᠎ᠠ᠂ ᠡᠭᠦᠨ᠎ᠳᠦ ᠶᠠᠫᠤᠨ ᠬᠡᠯᠡᠨ᠎ᠦ ᠬᠡᠪᠯᠡᠯ ᠪᠠ ᠠᠨᠭ᠌ᠭ᠌ᠯᠢ ᠬᠡᠯᠡᠨ᠎ᠦ ᠬᠡᠪᠯᠡᠯ᠎ᠢ ᠨᠢᠭᠡᠨᠲᠡ ᠵᠢᠩᠬᠢᠨᠢ᠎ᠪᠡᠷ ᠲᠠᠷᠬᠠᠭᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 26 ᠤ᠋ ᠴᠠᠬᠢᠯᠭᠠᠨ ᠮᠡᠳᠡᠭᠡ )