ᠠᠷᠪᠠᠨ ᠬᠣᠶᠠᠳᠤᠭᠠᠷ ᠪᠦᠯᠦᠭ᠎ᠤᠨ ᠲᠥᠪ᠎ᠦᠨ ᠨᠢᠭᠡᠴᠢ᠎ᠶᠢᠨ ᠰᠢᠨᠵᠢᠶᠠᠩ᠎ᠢ ᠲᠤᠰᠠᠯᠠᠬᠤ ᠺᠠᠳ᠋ᠷ ᠴᠢᠳᠠᠪᠤᠷᠢᠲᠠᠨ ᠰᠢᠨᠵᠢᠶᠠᠩ᠎ᠳᠤ ᠠᠵᠢᠯᠯᠠᠬᠤ ᠪᠡᠷ ᠬᠦᠷᠴᠠᠢ
2026-07-28 10:42:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 26 ᠎ᠤ᠋ ᠡᠳᠦᠷ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠣᠯᠪᠣᠭᠳᠠᠯ ᠪᠥᠬᠥᠶ ᠬᠠᠷᠢᠭᠤᠴᠠᠯᠭᠠᠲᠠᠨ ᠨᠥᠬᠥᠳ ᠪᠦᠯᠬᠦᠮ ᠳᠠᠭᠠᠭᠤᠯᠤᠨ ᠠᠷᠪᠠᠨ ᠬᠣᠶᠠᠳᠤᠭᠠᠷ ᠪᠦᠯᠦᠭ᠎ᠤᠨ ᠲᠥᠪ᠎ᠦᠨ ᠨᠢᠭᠡᠴᠢ᠎ᠶᠢᠨ ᠰᠢᠨᠵᠢᠶᠠᠩ᠎ᠢ ᠲᠤᠰᠠᠯᠠᠬᠤ ᠺᠠᠳ᠋ᠷ ᠴᠢᠳᠠᠪᠤᠷᠢᠲᠠᠨ᠎ᠢ ᠦᠷᠦᠮᠴᠢ᠎ᠳᠦ ᠬᠦᠷᠭᠡᠪᠡ᠃ ᠡᠭᠦᠨ᠎ᠡᠴᠡ ᠡᠬᠢᠯᠡᠨ᠂  ᠠᠷᠪᠠᠨ ᠬᠣᠶᠠᠳᠤᠭᠠᠷ ᠪᠦᠯᠦᠭ᠎ᠤᠨ ᠰᠢᠨᠵᠢᠶᠠᠩ᠎ᠢ ᠲᠤᠰᠠᠯᠠᠬᠤ ᠺᠠᠳ᠋ᠷ ᠴᠢᠳᠠᠪᠤᠷᠢᠲᠠᠨ ᠠᠵᠢᠯ ᠲᠥᠷᠥᠯ᠎ᠢᠶᠡᠷ᠎ᠰᠢᠨᠵᠢᠶᠠᠩ᠎ᠢ ᠲᠤᠰᠠᠯᠠᠬᠤ 《ᠪᠤᠤᠭᠢᠶ᠎ᠠ》 ᠵᠢ ᠲᠤᠰᠤᠨ ᠠᠪᠴᠤ᠌᠂ 3 ᠵᠢᠯ᠎ᠤᠨ ᠬᠤᠭᠤᠴᠠᠭ᠎ᠠ ᠲᠠᠢ ᠰᠢᠨᠵᠢᠶᠠᠩ᠎ᠢ ᠲᠤᠰᠠᠯᠠᠬᠤ ᠠᠵᠢᠯ᠎ᠢᠶᠡᠨ ᠡᠬᠢᠯᠡᠭᠦᠯᠵᠡᠢ᠃

1997 ᠣᠨ᠎ᠡᠴᠡ ᠨᠠᠭᠠᠰᠢ᠂ ᠨᠠᠮ᠎ᠤᠨ ᠲᠥᠪ ᠬᠤᠷᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭᠠᠷ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ ᠤᠷᠢᠳ ᠬᠣᠵᠢᠳ ᠠᠷᠪᠠᠨ ᠬᠣᠶᠠᠷ ᠪᠦᠯᠦᠭ ᠎ᠤᠨ ᠨᠡᠶ᠋ᠢᠲᠡ 3 ᠲᠦᠮᠡ ᠭᠠᠷᠤᠶ ᠺᠠᠳ᠋ᠷ ᠴᠢᠳᠠᠪᠤᠷᠢᠲᠠᠨ᠎ᠢ ᠵᠣᠬᠢᠶᠠᠨ ᠪᠠᠶ᠋ᠢᠭᠤᠯᠤᠨ ᠰᠢᠨᠵᠢᠶᠠᠩ᠎ᠳᠤ ᠣᠴᠢᠭᠤᠯᠵᠤ ᠠᠵᠢᠯᠯᠠᠭᠤᠯᠤᠭᠰᠠᠨ ᠪᠠᠶ᠋ᠢᠨ᠎ᠠ᠃ ᠰᠢᠨᠵᠢᠶᠠᠩ᠎ᠢ ᠲᠤᠰᠠᠯᠠᠬᠤ ᠥᠷᠭᠡᠨ ᠤᠯᠠᠨ ᠺᠠᠳ᠋ᠷ ᠴᠢᠳᠠᠪᠤᠷᠢᠲᠠᠨ ᠨᠠᠮ᠎ᠤᠨ ᠲᠥᠪ ᠬᠤᠷᠢᠶ᠎ᠠ ᠵᠢᠨ ᠬᠣᠯᠪᠣᠭᠳᠠᠯ ᠪᠦᠬᠦᠢ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠠ ᠰᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠶ᠋ᠢᠭᠤᠯᠤᠯᠲᠠ᠎ᠶᠢᠨ ᠪᠢᠩᠲ᠋ᠤᠸᠠᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠲᠤᠬᠢᠷᠠᠭᠤᠯᠤᠯᠳᠠ ᠶᠣᠰᠣᠭᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ᠌ ᠴᠣᠭᠴᠠᠯᠠᠬᠤ ᠭᠣᠣᠯ ᠰᠢᠵᠢᠮ᠎ᠲᠡᠶ ᠨᠢᠭᠲᠠ ᠤᠶᠠᠯᠳᠤᠭᠤᠯᠤᠨ᠂ ᠰᠢᠨᠵᠢᠶᠠᠩ ᠎ᠤᠨ ᠠᠵᠢᠯ ᠎ᠤᠨ ᠶᠡᠷᠦᠩᠬᠡᠢ ᠬᠠᠷᠠᠯᠲᠠ᠎ᠶᠢ ᠪᠠᠲᠤ᠌ ᠡᠵᠡᠮᠳᠡᠵᠦ᠍᠂ ᠰᠢᠨᠵᠢᠶᠠᠩ᠎ᠤᠨ ᠦᠨᠳᠦᠰᠦᠲᠡᠨ᠎ᠨᠦᠭᠦᠳ ᠎ᠦᠨ ᠺᠠᠳ᠋ᠷ ᠤᠯᠠᠨ ᠲᠦᠮᠡᠨ ᠎ᠲᠡᠶ ᠬᠠᠮᠲᠤ᠎ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠪᠣᠳᠠᠲᠠᠢ ᠠᠵᠢᠯᠯᠠᠵᠤ ᠰᠢᠷᠭᠠᠭᠤ ᠬᠠᠲᠠᠭᠤᠵᠢᠯᠲᠠᠢ ᠠᠵᠢᠯᠯᠠᠨ᠂ ᠬᠠᠤᠯᠢ ᠶᠣᠰᠣᠭᠠᠷ ᠰᠢᠨᠵᠢᠶᠠᠩ ᠎ᠢ ᠵᠠᠰᠠᠬᠤ᠂ ᠪᠦᠯᠬᠦᠮᠳᠡᠨ ᠰᠢᠨᠵᠢᠶᠠᠩ᠎ᠢ ᠲᠣᠭᠲᠠᠪᠤᠷᠢᠵᠢᠭᠤᠯᠬᠤ᠂ ᠰᠣᠶᠣᠯ᠎ᠢᠶᠠᠷ ᠰᠢᠨᠵᠢᠶᠠᠩ ᠎ᠢ  ᠤᠮᠳᠠᠯᠠᠬᠤ᠂ ᠠᠷᠠᠳ᠎ᠢ ᠪᠠᠶᠠᠵᠢᠭᠤᠯᠤᠨ ᠰᠢᠨᠵᠢᠶᠠᠩ᠎ᠢ ᠬᠥᠭᠵᠢᠭᠦᠯᠬᠦ᠌᠂ ᠤᠷᠳᠤ ᠬᠤᠭᠤᠴᠠᠭ᠎ᠠ᠎ᠪᠠᠷ ᠰᠢᠨᠵᠢᠶᠠᠩ᠎ᠢ ᠪᠦᠳᠦᠭᠡᠨ ᠪᠠᠶ᠋ᠢᠭᠤᠯᠬᠤ ᠠᠵᠢᠯ᠎ᠤᠨ ᠰᠢᠨ᠎ᠡ ᠠᠬᠢᠴᠠ᠎ᠲᠠᠶ ᠪᠤᠯᠵᠤ ᠰᠢᠨ᠎ᠡ ᠦᠷ᠎ᠡ ᠪᠦᠲᠦᠮᠵᠢ ᠣᠯᠬᠤ ᠵᠢ ᠢᠳᠡᠪᠬᠢᠲᠡᠢ ᠪᠡᠷ ᠠᠬᠢᠭᠤᠯᠵᠤ᠂ ᠰᠢᠨᠵᠢᠶᠠᠩ᠎ᠢ ᠲᠤᠰᠠᠯᠠᠬᠤ ᠺᠠᠳ᠋ᠷ ᠴᠢᠳᠠᠪᠤᠷᠢᠲᠠᠨ᠎ᠤ ᠰᠠᠨᠠᠭ᠎ᠠ ᠠᠬᠤᠢ ᠪᠠ ᠴᠤᠭ ᠵᠢᠪᠬᠤᠭ᠎ᠠ᠎ᠶᠢ ᠢᠯᠡᠷᠡᠭᠦᠯᠪᠡ᠃

ᠡᠨᠡ ᠵᠢᠯ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠢᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶᠢ ᠪᠠᠷᠢᠮᠲᠠᠯᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠰᠢᠨᠵᠢᠶᠠᠩ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠺᠠᠳ᠋ᠷ ᠴᠢᠳᠠᠪᠤᠷᠢᠲᠠᠨ᠎ᠤ ᠠᠵᠢᠯ ᠲᠥᠷᠥᠯ᠎ᠢᠶᠡᠷ ᠲᠤᠰᠠᠯᠠᠬᠤ ᠠᠵᠢᠯ᠎ᠤᠨ ᠲᠣᠬᠢᠷᠠᠭᠤᠯᠤᠯᠲᠠ᠎ᠶᠢ ᠦᠨᠳᠦᠰᠦᠯᠡᠨ᠂ ᠰᠢᠨᠵᠢᠶᠠᠩ᠎ᠢ ᠲᠤᠰᠠᠯᠠᠬᠤ ᠰᠢᠨ᠎ᠡ ᠨᠢᠭᠡ ᠪᠦᠯᠦᠭ᠎ᠤᠨ ᠺᠠᠳ᠋ᠷ ᠴᠢᠳᠠᠪᠤᠷᠢᠲᠠᠨ᠎ᠢ ᠰᠣᠩᠭᠣᠨ ᠲᠣᠮᠢᠯᠠᠵᠤ ᠡᠭᠡᠯᠵᠢᠯᠡᠨ ᠰᠣᠯᠢᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠠᠷᠪᠠᠨ ᠬᠣᠶᠠᠳᠤᠭᠠᠷ ᠪᠦᠯᠦᠭ᠎ᠤᠨ ᠲᠥᠪ᠎ᠦᠨ ᠨᠢᠭᠡᠴᠢ᠎ᠶᠢᠨ ᠰᠢᠨᠵᠢᠶᠠᠩ ᠎ᠢ ᠲᠤᠰᠠᠯᠠᠬᠤ ᠺᠠᠳ᠋ᠷ ᠴᠢᠳᠠᠪᠦᠷᠢᠲᠠᠨ ᠨᠡᠶ᠋ᠢᠲᠡ 130 ᠭᠠᠷᠤᠶ ᠲᠥᠪ᠎ᠦᠨ ᠨᠢᠭᠡᠴᠢ᠎ᠵᠢᠨ 800 ᠭᠠᠷᠤᠶ ᠬᠥᠮᠦᠨ ᠪᠠᠶ᠋ᠢᠵᠤ᠂ ᠶᠡᠷᠦᠩᠬᠡᠶ᠎ᠳᠡᠭᠡᠨ ᠢᠳᠡᠷ ᠵᠠᠯᠠᠭᠤ ᠬᠦᠴᠦ᠍ ᠳᠣᠷᠪᠢᠲᠠᠶ᠂ ᠶᠡᠷᠦᠩᠬᠡᠶ᠋ᠢᠯᠡᠭᠰᠡᠨ ᠬᠡᠪ ᠴᠢᠨᠠᠷ᠎ᠢᠶᠡᠷ ᠨᠡᠯᠢᠶᠡᠳ ᠰᠠᠶ᠋ᠢᠨ᠂ ᠪᠦᠲᠦᠴᠡ ᠨᠢ ᠨᠡᠯᠢᠶᠡᠳ ᠵᠦᠶ ᠵᠣᠬᠢᠰᠲᠠᠶ ᠪᠠᠶ᠋ᠢᠵᠤ᠂ ᠰᠢᠨᠵᠢᠶᠠᠩ᠎ᠤᠨ ᠣᠳᠣᠬᠠᠨ᠎ᠤ ᠪᠠ ᠬᠣᠶ᠋ᠢᠰᠢᠳᠠ᠎ᠶᠢᠨ ᠨᠢᠭᠡ ᠬᠤᠭᠤᠴᠠᠭᠠᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠬᠡᠷᠡᠭᠴᠡᠭᠡ᠎ᠳᠦ ᠨᠡᠶ᠋ᠢᠴᠡᠵᠦ᠍ ᠪᠠᠶ᠋ᠢᠨ᠎ᠠ᠃

7 ᠰᠠᠷ᠎ᠠ᠎ᠶᠢᠨ 27 ᠎ᠡᠴᠡ 8 ᠰᠠᠷ᠎ᠠ᠎ᠶᠢᠨ 2 ᠎ᠤ᠋ᠨ ᠡᠳᠦᠷ ᠪᠣᠯᠲᠠᠯ᠎ᠠ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠂ ᠬᠥᠮᠦᠨ ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠢᠨ ᠦᠷᠦᠮᠴᠢ ᠎ᠳᠦ ᠪᠣᠯᠪᠠᠰᠤᠷᠠᠯ᠎ᠤᠨ ᠠᠩᠭᠢ ᠡᠷᠬᠢᠯᠡᠵᠦ᠍᠂ ᠲᠥᠪ᠎ᠦᠨ ᠨᠢᠭᠡᠴᠢ᠎ᠶᠢᠨ ᠰᠢᠨᠵᠢᠶᠠᠩ᠎ᠢ ᠲᠤᠰᠠᠯᠠᠬᠤ ᠺᠠᠳ᠋ᠷ ᠴᠢᠳᠠᠪᠤᠷᠢᠲᠠᠨ᠎ᠳ᠋ᠤ ᠪᠠᠶ᠋ᠢᠳᠠᠯ᠎ᠢ ᠡᠷᠲᠡᠬᠡᠨ ᠣᠶ᠋ᠢᠯᠠᠭᠠᠭᠤᠯᠵᠤ᠂ ᠡᠷᠲᠡᠬᠡᠨ ᠠᠵᠢᠯ᠎ᠤᠨ ᠪᠠᠶ᠋ᠢᠳᠠᠯ᠎ᠳᠤ ᠨᠢ ᠣᠷᠣᠭᠤᠯᠬᠤ ᠪᠣᠯᠤᠨ᠎ᠠ᠃

ᠣᠶ᠋ᠢᠯᠠᠭᠠᠭᠰᠠᠨ᠎ᠢᠶᠠᠷ᠂ ᠠᠵᠢᠯ ᠲᠥᠷᠥᠯ᠎ᠢᠶᠡᠷ ᠲᠤᠰᠠᠯᠠᠬᠤ ᠬᠠᠮᠢᠶ᠎ᠠ ᠪᠥᠬᠥᠶ ᠮᠤᠵᠢ ᠬᠣᠲᠠ᠎ᠶᠢᠨ ᠰᠣᠩᠭᠣᠨ ᠲᠣᠮᠢᠯᠠᠭᠰᠠᠨ ᠠᠷᠪᠠᠨ ᠬᠣᠶᠠᠳᠤᠭᠠᠷ ᠪᠦᠯᠦᠭ ᠎ᠦᠨ  ᠰᠢᠨᠵᠢᠶᠠᠩ᠎ᠢ ᠲᠤᠰᠠᠯᠠᠬᠤ 7400 ᠭᠠᠷᠤᠶ ᠺᠠᠳ᠋ᠷ ᠴᠢᠳᠠᠪᠤᠷᠢᠲᠠᠨ 2026 ᠣᠨ ᠎ᠤ 5 ᠰᠠᠷ᠎ᠠ᠎ᠶᠢᠨ ᠰᠡᠭᠦᠯᠴᠢ ᠡᠴᠡ ᠡᠮᠦᠨ᠎ᠡ ᠰᠢᠨᠵᠢᠶᠠᠩ᠎ᠳᠤ ᠬᠦᠷᠴᠦ ᠠᠵᠢᠯ᠎ᠢᠶᠡᠨ ᠡᠬᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号