ᠥᠪᠥᠷ ᠮᠣᠩᠭᠣᠯ ᠎ᠤᠨ ᠬᠣᠶᠠᠳᠤᠭᠠᠷ ᠬᠤᠭᠤᠴᠠᠭᠠᠨ ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠷᠤᠯᠳᠤᠭᠠᠨ ᠶᠠᠪᠤᠬᠳᠠᠪᠠ
2026-07-28 11:45:53
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠡᠴᠡ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠵᠡᠷᠭᠡ ᠨᠢᠭᠡᠴᠢ ᠲᠠᠢ ᠬᠠᠮᠲᠤᠷᠠᠨ ᠪᠥᠬᠥ ᠣᠷᠣᠨ᠎ᠤ ᠬᠣᠶᠠᠳᠤᠭᠠᠷ ᠬᠤᠭᠤᠴᠠᠭᠠᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠷᠤᠯᠳᠤᠭᠠᠨ ᠡᠷᠭᠢᠯᠡᠪᠡ᠃

ᠤᠷᠤᠯᠳᠤᠭᠠᠨ ᠨᠢ 《ᠵᠠᠯᠠᠭᠤᠴᠤᠳ〈ᠠᠷᠪᠠᠨ ᠲᠠᠪᠤᠳᠤᠭᠠᠷ ᠲᠠᠪᠤᠨ ᠵᠢᠯ 〉 ᠳ᠋ᠤ ᠡᠷᠡᠯᠬᠡᠭᠯᠡᠨ ᠤᠷᠤᠭᠰᠢᠯᠠᠵᠦ᠂ ᠠᠮᠤᠷ ᠲᠦᠪᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠬᠠᠭᠤᠳᠠᠰᠤ᠎ᠶᠢ ᠪᠢᠴᠢᠭᠯᠡᠬᠦ 》 ᠪᠠᠷ ᠭᠣᠣᠯ ᠰᠡᠳᠦᠪ ᠪᠣᠯᠭᠠᠵᠤ᠂ ᠡᠯ᠎ᠡ ᠰᠠᠯᠪᠤᠷᠢ ᠠᠩᠭᠢ᠎ᠶᠢᠨ 20 ᠣᠷᠣᠯᠴᠠᠭ᠍ᠴᠢ ᠲᠣᠰ ᠪᠡᠶ᠎ᠡ᠎ᠶᠢᠨ ᠠᠵᠢᠯ᠎ᠤᠨ ᠪᠠᠢᠷᠢ᠎ᠶᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠭᠠᠯ᠎ᠤᠨ ᠠᠶᠤᠯ ᠡᠴᠡ ᠠᠮᠢ ᠵᠢᠭᠤᠲᠠᠨ ᠥᠪᠡᠷ᠎ᠢ᠎ᠪᠡᠨ ᠠᠪᠤᠷᠠᠬᠤ ᠤᠷ᠎ᠠ ᠮᠡᠷᠭᠡᠵᠢᠯ᠂ ᠭᠠᠯ ᠤᠨᠲᠠᠷᠠᠭᠠᠬᠤ ᠠᠮᠤᠷ ᠲᠦᠪᠰᠢᠨ᠎ᠦ ᠢᠯᠡᠳᠬᠡᠮᠵᠢ ᠲᠡᠮᠳᠡᠭ᠎ᠦᠨ ᠦᠨᠳᠦᠰᠦᠨ ᠦᠢᠯᠡᠳᠦᠯ᠂ ᠡᠳᠦᠷ ᠲᠤᠲᠤᠮ᠎ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠠᠭᠤᠯᠭ᠎ᠠ᠎ᠶᠢᠨ ᠲᠣᠭᠣᠷᠢᠨ᠎ᠳᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠢᠯᠤᠮᠵᠢ ᠬᠢᠪᠡ᠃ ᠲᠤᠬᠠᠢ᠎ᠶᠢᠨ ᠲᠠᠯᠠᠪᠠᠶ᠎ᠳᠤ ᠪᠠᠰᠠ ᠤᠯᠠᠨ ᠲᠦᠮᠡᠨ᠎ᠤ ᠠᠰᠠᠭᠤᠯᠲᠠ ᠬᠠᠷᠢᠭᠤᠯᠲᠠ᠂ ᠬᠠᠮᠤᠭ᠎ᠤᠨ ᠰᠠᠢᠨ ᠢᠯᠡᠷᠡᠯ ᠲᠠᠢ ᠤᠷᠤᠯᠴᠠᠬᠴᠢ᠎ᠵᠢ ᠰᠢᠯᠭᠠᠷᠠᠭᠤᠯᠬᠤ ᠵᠡᠷᠭᠡ ᠬᠠᠷᠢᠯᠴᠠᠨ ᠦᠢᠯᠡᠳᠦᠯᠴᠡᠬᠦ ᠭᠣᠭᠴᠣᠭ᠎ᠠ ᠲᠣᠬᠢᠷᠠᠭᠤᠯᠵᠤ᠂ ᠣᠯᠠᠨ ᠲᠦᠮᠡᠨ᠎ᠳᠦ ᠠᠮᠤᠷ ᠲᠦᠪᠰᠢᠨ᠎ᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠪᠡ᠃

ᠣᠷᠳᠣ᠌ ᠬᠤᠭᠤᠴᠠᠭᠠᠨ᠎ᠤ ᠲᠤᠷᠰᠢ᠂ ᠪᠥᠬᠥ ᠣᠷᠣᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠤᠬᠠᠭᠤᠯᠭ᠎ᠠ᠎ᠵᠢᠨ ᠠᠵᠢᠯ᠎ᠢ ᠰᠠᠢᠲᠤᠷ ᠠᠳᠬᠤᠵᠦ᠂ ᠰᠡᠷᠭᠡᠢᠯᠡᠯᠲᠡ᠎ᠶᠢᠨ ᠱᠤᠭᠤᠮ᠎ᠢ ᠴᠢᠩᠭ᠎ᠠ ᠰᠠᠬᠢᠵᠦ᠂ ᠪᠥᠬᠥ ᠨᠡᠢᠭᠡᠮ᠎ᠦᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠡᠪ ᠴᠢᠨᠠᠷ᠎ᠤᠨ ᠪᠦᠬᠦᠯᠢ ᠴᠣᠭᠴᠠ᠎ᠶᠢᠨ ᠳᠡᠭᠡᠭᠰᠢᠯᠡᠯᠲᠡ᠎ᠶᠢ ᠬᠦᠴᠦᠲᠡᠢ ᠠᠬᠢᠭᠤᠯᠪᠠ᠃ ᠣᠳᠣᠬᠠᠨ᠎ᠳᠤ᠂ ᠶᠡᠷᠦᠩᠬᠡᠢ ᠠᠩᠬᠢ ᠨᠢ 39 ᠬᠥᠮᠥᠨ᠎ᠢ ᠭᠠᠯ ᠰᠡᠷᠬᠡᠢᠯᠡᠵᠦ ᠭᠠᠯ ᠤᠨᠲᠠᠷᠠᠭᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠢᠯᠪᠤᠷᠢᠯᠠᠭ᠍ᠴᠢ᠎ᠶᠢᠨ ᠴᠢᠳᠠᠪᠤᠷᠢᠲᠠᠨ᠎ᠤ ᠬᠥᠮᠥᠷᠭᠡ᠎ᠳᠦ ᠣᠷᠣᠭᠤᠯᠵᠤ᠂ ᠲᠤᠬᠠᠢᠯᠠᠭᠰᠠᠨ ᠠᠵᠢᠯ᠎ᠢ ᠮᠡᠳᠡᠬᠦ᠂ ᠲᠠᠢᠯᠪᠤᠷᠢᠯᠠᠬᠤ᠎ᠳᠠᠭᠠᠨ ᠴᠢᠳᠠᠮᠠᠭᠠᠢ᠂ ᠲᠤᠬᠠᠢᠯᠠᠬᠰᠠᠨ ᠠᠵᠢᠯ ᠳ᠋ᠠᠭᠠᠨ ᠭᠠᠷᠮᠠᠭᠠᠢ ᠦᠨᠳᠦᠰᠦᠨ ᠱᠠᠲᠤᠨ᠎ᠤ ᠭᠠᠯ ᠰᠡᠷᠬᠡᠢᠯᠡᠵᠦ ᠭᠠᠯ ᠤᠨᠲᠠᠷᠠᠭᠠᠬᠤ ᠤᠬᠠᠭᠤᠯᠭ᠎ᠠ᠎ᠶᠢᠨ ᠨᠢᠭᠡᠨ ᠰᠠᠯᠠᠭ᠎ᠠ ᠭᠣᠣᠯᠯᠠᠬᠴᠢ ᠡᠩᠨᠡᠭᠡ᠎ᠶᠢ ᠵᠣᠬᠢᠶᠠᠨ ᠪᠠᠢᠭᠤᠯᠵᠤ᠂ ᠪᠦᠬᠦ ᠣᠷᠣᠨ᠎ᠤ ᠭᠠᠯ ᠰᠡᠷᠬᠡᠢᠯᠡᠵᠦ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠎ᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋ ᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号