ᠥᠪᠥᠷ ᠮᠣᠩᠭᠣᠯ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠲᠡᠭᠡᠭᠰᠢᠯᠡᠬᠦᠯᠬᠦ ᠪᠡᠯᠡ ᠮᠦᠨᠭᠭᠦ ᠵᠢ 16.44 ᠳ᠋ᠦᠩᠰᠢᠭᠤᠷ ᠲᠥᠭᠥᠷᠢᠭ ᠪᠠᠭᠤᠯᠭᠠᠪᠠ
2026-07-28 08:47:51
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠤᠢᠯᠠᠭᠠᠭᠰᠠᠨ ᠢ᠋ᠢᠡᠷ᠂ ᠥᠪᠥᠷ ᠮᠣᠩᠭᠣᠯ᠎ᠤᠨ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠌᠎ᠶᠢ ᠦᠷᠭᠦᠯᠵᠢᠯᠡᠨ ᠠᠬᠢᠭᠤᠯᠵᠤ᠂ ᠬᠤᠰᠢᠭᠤ ᠰᠢᠶᠠᠨ ᠤ᠋ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌᠎ᠶᠢᠨ ᠲᠥᠯᠥᠭᠡ  ᠡᠨᠡ ᠵᠢᠯ ᠮᠠᠨ ᠤ᠋ ᠤᠷᠤᠨ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠬᠠᠮᠢᠶ᠎ᠡ ᠪᠦᠬᠦᠢ ᠲᠤᠰᠬᠠᠢ ᠪᠡᠯᠡ ᠮᠥᠩᠭᠥ᠎ᠶᠢ ᠨᠡᠢ᠌ᠳᠡ 16.44 ᠳ᠋ᠦᠩᠰᠢᠭᠤᠷ ᠲᠥᠭᠥᠷᠢᠭ ᠨᠢᠭᠡᠳᠦᠯᠲᠡᠢ ᠲᠥᠯᠥᠪᠵᠢᠭᠦᠯᠦᠨ ᠪᠠᠭᠤᠯᠭᠠᠪᠠ᠃

ᠲᠣᠰ ᠤᠳᠠᠭ᠎ᠠ ᠪᠠᠭᠤᠯᠭᠠᠭᠰᠠᠨ ᠲᠤᠰᠬᠠᠶ ᠪᠠᠯᠠ ᠮᠥᠩᠭᠥ᠎ᠶᠢ ᠭᠤᠤᠯᠳᠠᠭᠤ ᠭᠤᠷᠪᠠᠨ ᠶᠡᠬᠡ ᠬᠦᠷᠢᠶᠡᠨ᠎ᠳᠦ ᠤᠷᠤᠭᠤᠯᠤᠨ᠎ᠡ᠃ ᠨᠡᠶ᠋ᠢᠲᠡ᠎ᠶᠢᠨ ᠬᠡᠷᠡᠭᠯᠡᠭᠡᠨ᠎ᠦ ᠵᠠᠷᠤᠳᠠᠯ᠎ᠳ᠋ᠤ᠌ 2.72 ᠳ᠋ᠦᠩᠰᠢᠭᠤᠷ ᠲᠥᠭᠥᠷᠢᠭ ᠤ᠋ᠨ ᠨᠥᠬᠥᠪᠥᠷᠢ ᠮᠥᠩᠭᠥ᠌ ᠲᠤᠬᠢᠷᠠᠭᠤᠯᠵᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ᠌ ᠵᠠᠷᠤᠳᠠᠯ᠎ᠤᠨ ᠪᠠᠲᠤᠯᠠᠭ᠎ᠠ᠎ᠶᠢᠨ ᠪᠠᠷᠢᠮᠵᠢᠶ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠍᠂ ᠰᠤᠷᠭᠠᠭᠤᠯᠢ᠎ᠶᠢᠨ ᠡᠳᠦᠷ ᠲᠤᠲᠤᠮ᠎ᠤᠨ ᠵᠢᠭᠠᠨ ᠰᠤᠷᠭᠠᠯᠲᠠ᠎ᠶᠢᠨ ᠠᠵᠢᠯᠯᠠᠭᠠᠨ᠂ ᠰᠤᠷᠭᠠᠭᠤᠯᠢ᠎ᠶᠢᠨ ᠬᠦᠷᠢᠶᠡᠨ᠎ᠦ ᠠᠵᠢᠯᠯᠠᠭᠠᠨ᠎ᠤ ᠬᠠᠮᠠᠭᠠᠯᠠᠯᠲᠠ ᠵᠢᠴᠢ ᠵᠢᠭᠠᠨ ᠰᠤᠷᠭᠠᠯᠲᠠ᠎ᠶᠢᠨ ᠰᠤᠳᠤᠯᠭᠠᠨ᠎ᠤ ᠠᠵᠢᠯᠯᠠᠭ᠎ᠠ ᠵᠡᠷᠭᠡ ᠦᠨᠳᠦᠰᠦᠨ ᠬᠡᠷᠡᠭᠴᠡᠭᠡ᠎ᠶᠢ ᠦᠨᠡᠨ ᠬᠦ᠌ ᠬᠠᠩᠭᠠᠨ᠎ᠠ᠃ ᠰᠤᠷᠭᠠᠭᠤᠯᠢ ᠡᠷᠭᠢᠯᠡᠬᠦ᠌ ᠨᠥᠬᠥᠴᠡᠯ᠎ᠢ ᠰᠠᠶ᠋ᠢᠵᠢᠷᠠᠭᠤᠯᠬᠤ ᠠᠵᠢᠯ ᠳ᠋ᠤ᠌ 3.61 ᠳ᠋ᠦᠩᠰᠢᠭᠤᠷ ᠲᠥᠭᠥᠷᠢᠭ ᠤ᠋ᠨ ᠨᠦᠬᠦᠪᠤᠷᠢ ᠮᠦᠨᠭᠬᠦ ᠲᠣᠬᠢᠷᠠᠭᠤᠯᠵᠤ᠂ ᠬᠤᠰᠢᠭᠤ ᠰᠢᠶᠠᠨ ᠤ᠋ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠥᠭᠵᠢᠯᠲᠡ᠎ᠶᠢᠨ ᠪᠠᠭᠤᠷᠠᠶ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠢᠭᠠᠨ ᠰᠤᠷᠭᠠᠯᠲᠠ᠎ᠶᠢᠨ ᠲᠥᠬᠥᠭᠡᠷᠦᠮᠵᠢ᠎ᠶᠢ ᠰᠢᠨᠡᠳᠬᠡᠬᠦ᠌᠎ᠶᠢ ᠳᠡᠮᠵᠢᠵᠦ᠍᠂ ᠬᠥᠳᠡᠯᠭᠡᠭᠡᠨ᠎ᠦ ᠲᠠᠯᠠᠪᠤᠷ ᠭᠠᠵᠠᠷ᠎ᠢ ᠲᠡᠭᠦᠯᠳᠡᠷᠵᠢᠭᠦᠯᠦᠨ᠂ ᠬᠣᠭᠣᠯᠠ ᠬᠣᠨᠣᠭ᠎ᠤᠨ ᠢᠵᠢ ᠪᠦᠷᠢᠳᠦᠭᠦᠯᠬᠦ᠌ ᠲᠥᠬᠥᠭᠡᠷᠦᠮᠵᠢ᠎ᠶᠢ ᠰᠢᠯᠢᠳᠡᠭᠵᠢᠭᠦᠯᠵᠦ᠍᠂ ᠬᠣᠲᠠ ᠬᠥᠳᠡᠭᠡ᠂ ᠣᠷᠣᠨ ᠪᠦᠰᠡ᠎ᠶᠢᠨ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ᠌ ᠵᠥᠷᠢᠶ᠎ᠡ᠎ᠶᠢ ᠠᠯᠬᠤᠮ ᠠᠯᠬᠤᠮ᠎ᠢᠶᠠᠷ ᠪᠠᠭᠠᠰᠬᠠᠨ᠎ᠠ᠃ ᠰᠤᠷᠤᠭᠴᠢᠳ᠎ᠢ ᠲᠤᠰᠠᠯᠠᠬᠤ ᠲᠤᠰᠠᠯᠠᠮᠵᠢ᠎ᠶᠢᠨ ᠵᠠᠷᠤᠳᠠᠯ ᠳ᠋ᠤ᠌ 10.11 ᠳ᠋ᠦᠩᠰᠢᠭᠤᠷ ᠲᠥᠭᠥᠷᠢᠭ ᠲᠤᠬᠢᠷᠠᠭᠤᠯᠵᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠰᠤᠯᠠ ᠵᠠᠷᠤᠳᠠᠯ᠎ᠢ ᠬᠡᠯᠲᠦᠷᠢᠭᠦᠯᠬᠦ᠌ ᠲᠥᠷᠥ᠎ᠶᠢᠨ ᠪᠣᠳᠣᠯᠭ᠎ᠠ᠎ᠶᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠡᠷ ᠪᠦᠯᠢ᠎ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ᠎ᠢ ᠣᠨᠣᠪᠴᠢᠲᠠᠶ ᠢᠯᠭᠠᠨ ᠲᠠᠨᠢᠵᠤ᠂ ᠤᠯᠤᠰ᠎ᠤᠨ ᠰᠤᠷᠤᠯᠭ᠎ᠠ᠎ᠶᠢᠨ ᠲᠡᠳᠬᠦᠮᠵᠢ᠎ᠶᠢᠨ ᠮᠥᠩᠭᠥ᠎ᠶᠢ ᠴᠠᠭ ᠲᠤᠬᠠᠶ᠎ᠳᠤᠨᠢ ᠲᠣᠭ᠎ᠠ ᠶᠣᠰᠣᠭᠠᠷ ᠨᠢ ᠭᠦᠢᠴᠡᠳ ᠣᠯᠭᠣᠵᠤ᠂ ᠰᠤᠷᠤᠯᠭ᠎ᠠ᠎ᠶᠢ ᠲᠡᠳᠬᠦᠬᠦ᠌ ᠲᠣᠣᠷ ᠰᠦᠯᠵᠢᠶ᠎ᠡ᠎ᠶᠢ ᠨᠢᠭᠲᠠ ᠰᠦᠯᠵᠢᠵᠦ᠍᠂ ᠰᠤᠷᠤᠯᠭ᠎ᠠ᠎ᠡᠴᠡ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ᠎ᠶᠢ ᠪᠦᠬᠦ᠌ ᠬᠦᠴᠦᠨ᠎ᠢᠶᠡᠷ᠎ᠢᠶᠡᠨ ᠬᠤᠷᠢᠭᠯᠠᠬᠤ ᠪᠤᠯᠤᠨ᠎ᠠ᠃

ᠪᠡᠯᠡ ᠮᠥᠩᠭᠥ᠎ᠶᠢᠨ ᠪᠠᠲᠤᠯᠠᠭ᠎ᠠ᠎ᠶᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ᠂ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠤᠨ ᠬᠢᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠲᠤᠰᠬᠠᠶ ᠪᠡᠯᠡ ᠮᠥᠩᠭᠥ᠎ᠶᠢᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢ ᠵᠡᠷᠭᠡ᠎ᠳᠦᠨᠢ ᠴᠢᠩᠭᠠᠳᠬᠠᠵᠤ᠂ ᠡᠯ᠎ᠡ ᠭᠠᠵᠠᠷ᠎ᠤᠨ ᠪᠡᠯᠡ ᠮᠥᠩᠭᠥ᠌ ᠬᠡᠷᠡᠭᠯᠡᠬᠦ᠌ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠤᠨ᠂ ᠪᠡᠯᠡ ᠮᠥᠩᠭᠥ᠌ ᠬᠡᠷᠡᠭᠯᠡᠬᠦ᠌ ᠪᠣᠭᠣᠮᠲᠠ᠎ᠶᠢ ᠴᠢᠩᠭ᠎ᠠ ᠠᠳᠬᠤᠵᠤ᠂ ᠡᠯ᠎ᠡ ᠭᠠᠵᠠᠷ᠎ᠤ᠋ᠨ ᠡᠳ᠋᠎ᠦᠨ ᠵᠠᠰᠠᠭ᠎ᠤᠨ ᠰᠠᠯᠠᠭ᠎ᠠ ᠮᠦᠴᠢᠷ ᠢ᠋ ᠬᠦᠳᠦᠯᠦᠨ ᠵᠢᠯᠤᠭᠤᠳᠴᠤ ᠪᠡᠯᠡ ᠮᠥᠩᠭᠥ᠎ᠢ᠋ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠂ ᠣᠨᠴᠠᠯᠢᠭᠲᠤ᠌ ᠰᠢᠨᠵᠢᠯᠡᠭᠡᠨ᠎ᠦ ᠪᠠᠶ᠋ᠢᠭᠤᠯᠤᠯᠲᠠ ᠵᠢᠴᠢ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠪᠠᠶ᠋ᠢᠭᠤᠯᠤᠯᠲᠠ ᠵᠡᠷᠭᠡ ᠭᠣᠣᠯᠳᠠᠯᠭ᠎ᠠ᠎ᠲᠠᠶ ᠠᠵᠢᠯ ᠲᠡᠢᠰᠢ ᠬᠡᠯᠪᠡᠢᠯᠬᠡᠬᠦ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号