ᠲᠠᠯ᠎ᠠ ᠨᠤᠲᠤᠭ᠎ᠤ᠋ᠨ ᠤᠨᠴᠠᠯᠢᠬᠳᠤ ᠤᠷᠤᠯᠳᠤᠭᠠᠨ᠎ᠤ IP᠎ᠢ᠋ ᠴᠤᠬᠴᠠᠯᠠᠵᠦ ᠦᠪᠦᠷ ᠮᠤᠩᠭᠤᠯ ᠰᠤᠶᠤᠯ ᠵᠢᠭᠤᠯᠴᠢᠯᠠᠯ ᠪᠡ ᠪᠡᠶ᠎ᠡ᠎ᠶᠢᠨ ᠲᠠᠮᠢᠷ᠎ᠤᠨ ᠠᠭᠤᠰᠤᠯᠴᠠᠨ ᠬᠦᠭᠵᠢᠭᠰᠡᠨ ᠰᠤᠩᠭᠤᠳᠠᠭ ᠵᠢᠱ᠌ᠢᠶ᠎ᠠ᠎ᠵᠢ ᠪᠢᠴᠢᠭᠯᠡᠪᠡ
2026-07-29 16:53:52
ᠵᠣᠬᠢᠶᠠᠭ᠍ᠴᠢ᠄
ᠬᠦᠭᠵᠢᠯᠳᠦ ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠪᠡᠶ᠎ᠡ ᠵᠢᠨ ᠲᠠᠮᠢᠷ᠎ᠤᠨ ᠤᠯᠠᠨ ᠵᠦᠢᠯ᠎ᠤᠨ ᠤᠷᠤᠯᠳᠤᠭᠠᠨ ᠲᠡᠮᠡᠴᠡᠭᠡᠨ ᠦᠪᠦᠷ ᠮᠤᠨᠭᠭᠤᠯ᠎ᠤᠨ ᠰᠤᠶᠤᠯ ᠵᠢᠭᠤᠯᠴᠢᠯᠠᠯ᠎ᠤᠨ ᠦᠢᠯᠡᠰ ᠲᠸ᠋ ᠴᠤ᠋ ᠰᠢᠨ᠎ᠠ ᠠᠮᠢᠵᠢᠷᠠᠯ᠎ᠤᠯᠭᠤᠵᠦ ᠂《 ᠰᠣᠶᠣᠯ ᠵᠢᠭᠤᠯᠴᠢᠯᠠᠯ  +  ᠪᠡᠶ᠎ᠡ᠎ᠶᠢᠨ ᠲᠠᠮᠢᠷ 》 ᠤ᠋ᠨ ᠵᠠᠬᠪᠤᠷ ᠰᠤᠶᠤᠯ ᠵᠢᠭᠤᠯᠴᠢᠯᠠᠯ᠎ᠤᠨ ᠬᠦᠭᠵᠢᠯᠳᠡ ᠪᠠ ᠪᠡᠶ᠎ᠡ ᠵᠢᠨ ᠲᠠᠮᠢᠷ᠎ᠤᠨ ᠦᠢᠯᠡᠰ᠎ᠤᠨ ᠬᠦᠭᠵᠢᠯᠳᠡ ᠵᠢᠨ ᠰᠢᠨ᠎ᠠ ᠬᠦᠳᠡᠯᠭᠡᠬᠦ ᠡᠨ᠋ᠸᠷᠬᠢ ᠪᠤᠯᠪᠠ ᠃ ᠣᠶ᠋ᠢᠷ᠎ᠠ᠎ᠶᠢᠨ ᠵᠢᠯ᠎ᠦᠨ ᠲᠤᠷᠰᠢ ᠦᠪᠡᠷᠳᠡᠭᠡᠨ ᠵᠠᠰᠠᠬᠤ ᠤᠷᠤᠨ᠎ᠤ ᠪᠡᠶ᠎ᠠ ᠵᠢᠨ ᠲᠠᠮᠢᠷ᠎ᠤᠨ ᠲᠤᠪᠴᠢᠶ᠎ᠠ ᠂ ᠦᠪᠡᠷᠳᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠡᠭᠭᠢᠮ ᠬᠠᠮᠳᠤᠷᠠᠨ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭᠵᠢᠬᠦ᠌᠎ᠶᠢ ᠠᠬᠢᠭᠤᠯᠬᠤ ᠲᠤᠬᠠᠶ ᠰᠠᠨᠠᠯ 》 ᠢ᠋ ᠵᠠᠯᠭᠠᠭ᠎ᠠ᠎ᠪᠠᠷ ᠨᠡᠶ᠋ᠢᠲᠡᠯᠡᠵᠦ᠍ ᠂ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ᠎ᠤᠨ ᠰᠢᠨ᠎ᠡ ᠪᠠᠶ᠋ᠢᠳᠠᠯ ᠂ ᠰᠢᠨ᠎ᠡ ᠡᠵᠡᠩᠨᠡᠯᠲᠡ ᠂ ᠰᠢᠨ᠎ᠡ ᠵᠠᠭᠪᠤᠷ᠂ ᠰᠢᠨ᠎ᠡ ᠲᠣᠭᠲᠠᠴᠠ᠎ᠶᠢ ᠪᠠᠶ᠋ᠢᠭᠤᠯᠬᠤ᠎ᠪᠠᠷ ᠲᠣᠳᠣᠷᠬᠠᠶ ᠲᠤᠷᠠᠳᠤᠨ ᠬᠡᠷᠡᠭᠵᠢᠬᠦᠯᠵᠦ᠂ ᠥᠩᠭᠡᠷᠡᠭᠰᠡᠨ᠎ᠤ ᠵᠥᠪᠬᠡᠨ ᠦᠵᠡᠰᠬᠦᠯᠡᠡᠭᠳᠤ ᠰᠠᠢᠬᠠᠨ ᠪᠠᠢᠭᠠᠯᠢ ᠵᠢᠨ ᠦᠡᠭᠭᠡ ᠦᠵᠡᠮᠵᠢ᠎ᠳ᠋ᠡᠭᠡᠨ ᠲᠦᠰᠢᠭᠯᠡᠨ ᠵᠢᠭᠤᠯᠴᠢᠯᠠᠬᠰᠠᠳ᠎ᠢ ᠲᠠᠲᠠᠵᠤ ᠪᠠᠢᠬᠰᠠᠨ ᠪᠠᠢᠳᠠᠯ᠎ᠢ ᠪᠦᠷᠢᠮᠦᠰᠦᠨ ᠬᠤᠪᠢᠷᠠᠭᠤᠯᠵᠦ᠂ ᠠᠭᠤᠰᠤᠯᠴᠠᠯ ᠬᠦᠭᠵᠢᠯ᠎ᠤᠨ  ᠰᠢᠨ᠎ᠡ ᠵᠠᠬᠪᠤᠷ᠎ᠢ ᠪᠣᠶ ᠪᠣᠯᠭᠠᠵᠠᠢ᠃


QQ20260729-165301.png


2026 ᠤᠨ᠎ᠤ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠯ ᠪᠦᠮᠪᠤᠭᠡ ᠵᠢᠨ ᠬᠤᠯᠪᠤᠭᠠᠳᠤ ᠤᠷᠤᠯᠳᠤᠭᠠᠨ ᠤ᠋ ᠲᠦᠡᠭᠯᠢᠶᠤᠤ  ᠵᠢᠨ ᠬᠦᠯ ᠪᠦᠮᠪᠤᠭᠡ ᠵᠢᠨ ᠪᠠᠬ ᠪᠤᠯᠤᠨ ᠪᠠᠶᠠᠠᠨᠠᠭᠤᠷ  ᠤ᠋ᠨ ᠬᠦᠯ ᠪᠦᠮᠪᠤᠭᠡ ᠵᠢᠨ ᠪᠠᠬ ᠎ᠤ᠋ᠨ ᠤᠷᠤᠯᠳᠤᠭᠠᠨ᠎ᠤ ᠠᠬᠤᠢ ᠲᠠᠯᠠᠪᠠᠢ

ᠲᠤᠰ ᠰᠤᠨᠢᠨ᠎ᠤ  ᠰᠤᠷᠪᠤᠯᠵᠢᠯᠠᠬᠴᠢ   ᠪᠤᠤ ᠴᠢᠡᠭ ᠱᠸᠡᠭ ᠰᠡᠬᠦᠳᠡᠷᠯᠡᠪᠡ


QQ20260729-165311.png


ᠮᠠᠯᠴᠢᠨ ᠲᠠᠷᠢᠶᠠᠴᠢᠨ᠎ᠤ ᠠᠯᠠᠭᠠᠳᠠᠬᠤ ᠪᠥᠮᠪᠥᠭᠡ᠎ᠶᠢᠨ ᠤᠷᠤᠯᠳᠤᠭᠠᠠ

              ᠲᠤᠰ ᠰᠤᠨᠢᠨ᠎ᠤ  ᠰᠤᠷᠪᠤᠯᠵᠢᠯᠠᠬᠴᠢ   ᠪᠤᠶᠠᠠᠡᠨᠠᠷᠢᠯ   ᠰᠡᠬᠦᠳᠡᠷᠯᠡᠪᠡ


QQ20260729-165319.png


ᠮᠤᠡᠭᠭᠤᠯ ᠮᠤᠷᠢᠨ᠎ᠤ ᠬᠤᠯᠪᠤᠭᠠᠳᠤ ᠤᠷᠤᠯᠳᠤᠭᠠᠨ

    ᠲᠤᠰ ᠰᠤᠨᠢᠨ᠎ᠤ  ᠰᠤᠷᠪᠤᠯᠵᠢᠯᠠᠬᠴᠢ   ᠪᠢᠯᠢᠭᠪᠡᠭᠠᠳᠤᠷ  ᠰᠡᠬᠦᠳᠡᠷᠯᠡᠪᠡ


QQ20260729-165325.png


ᠬᠦᠯ ᠪᠦᠮᠪᠤᠭᠡ ᠵᠢᠨ ᠤᠷᠤᠯᠳᠤᠭᠠᠨ᠎ᠤ ᠲᠠᠯᠠᠪᠠᠢ᠎ᠳᠡᠬᠢ 

                                    ᠤᠷᠠᠨ ᠰᠠᠢᠬᠠᠨ᠎ᠤ ᠲᠤᠬᠯᠠᠯᠳᠠ

                        ᠤᠷᠴᠢᠯᠠᠡᠭ ᠰᠡᠬᠦᠳᠡᠷᠯᠡᠪᠡ


 ᠲᠠᠯ᠎ᠠ ᠨᠤᠲᠤᠭ᠎ᠤ᠋ᠨ ᠤᠨᠴᠠᠯᠢᠬᠳᠤ ᠤᠷᠤᠯᠳᠤᠭᠠᠨ᠎ᠤ IP᠎ᠢ᠋ ᠴᠤᠬᠴᠠᠯᠠᠪᠠ

5 ᠰᠠᠷ᠎ᠠ ᠵᠢᠨ 15᠎ᠤ᠋ ᠤᠷᠤᠢ᠂ ᠲᠠᠯᠠᠨ ᠬᠠᠷ᠎ᠠ ᠠᠭᠤᠯᠠ ᠵᠢᠨ ᠡᠡᠭᠭᠡᠷ ᠲᠡᠬᠢ ᠬᠦᠬᠡᠬᠤᠳᠠ ᠵᠢᠨ ᠪᠡᠶ᠎ᠠ ᠵᠢᠨ ᠲᠡᠮᠢᠷ᠎ᠤᠨ ᠲᠠᠯᠠᠪᠠᠢ᠎ᠳᠤ ᠬᠦᠮᠤᠨ ᠬᠠᠷ᠎ᠠ ᠴᠤᠪᠤᠷᠠᠯᠳᠤᠵᠤ᠂ ᠠᠶ᠎ᠠ ᠲᠠᠭᠤᠤ ᠤᠶᠠᠡᠭᠭᠠᠷᠠᠨ᠂ ᠲᠤᠭ ᠲᠠᠯᠪᠠᠭ᠎ᠠ ᠨᠠᠮᠢᠷᠠᠵᠤ᠂ ᠬᠦᠷ ᠬᠦᠭᠵᠢᠶᠡᠨ ᠵᠢᠡᠷ ᠪᠢᠯᠬᠠᠯ᠎ᠠ᠃ ᠮᠸᠡᠭ ᠨᠢᠤ 2026  ᠤᠨ᠎ᠤ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠯ ᠪᠦᠮᠪᠤᠭᠡ ᠵᠢᠨ ᠬᠤᠯᠪᠤᠭᠠᠳᠤ ᠤᠷᠤᠯᠳᠤᠭᠠᠨ᠎ᠤ ᠡᠬᠢᠯᠡᠯᠳᠡ ᠵᠢᠨ ᠶᠤᠰᠤᠯᠠᠯ ᠨᠢᠵᠢᠭᠢᠷ ᠰᠠᠢᠬᠠᠨ ᠡᠬᠢᠯᠡᠵᠤ᠂ ᠪᠡᠶ᠎ᠠ ᠵᠢᠨ ᠲᠠᠮᠢᠷ᠎ᠤᠨ ᠤᠷᠤᠯᠳᠤᠭᠠᠨ᠂ ᠰᠤᠶᠤᠯ ᠤᠷᠠᠯᠢᠭ᠎ᠤᠨ ᠦᠵᠡᠬᠦᠯᠭᠡ᠂ ᠬᠡᠷᠡᠭᠯᠡᠭᠡ ᠪᠡᠷ ᠠᠷᠠᠳ ᠲᠸ᠋ ᠠᠰᠢᠭ ᠬᠦᠷᠳᠡᠭᠡᠬᠦ ᠵᠢ ᠨᠢᠭᠡ ᠴᠤᠬᠴᠠᠵᠢᠭᠤᠯᠤᠬᠰᠠᠨ ᠦᠪᠡᠳᠡᠭᠰᠢ ᠴᠤᠭᠯᠠᠭᠠᠨ ᠦᠷᠭᠡᠨ ᠲᠦᠮᠡᠨ᠎ᠤ ᠬᠠᠷᠠᠭ᠎ᠠ ᠵᠢ ᠪᠠᠶᠠᠰᠬᠠᠵᠤ ᠤᠷᠮ᠎ᠠ᠎ᠵᠢ ᠬᠦᠭᠵᠢᠬᠡᠨ᠎ᠠ᠃

ᠡᠬᠢᠯᠡᠯᠳᠡ ᠵᠢᠨ ᠶᠤᠰᠤᠯᠠᠯ᠎ᠤᠨ ᠠᠬᠤᠢ ᠲᠠᠯᠠᠪᠠᠢ  ᠵᠢᠨ ᠲᠤᠮᠤ  ᠲᠡᠯᠭᠡᠴᠡ ᠲᠡᠭᠡᠷ᠎ᠠ 12 ᠠᠢᠮᠠᠭ ᠬᠤᠳᠠ ᠵᠢᠨ ᠤᠬᠠᠭᠤᠯᠭ᠎ᠠ ᠵᠢᠨ ᠹᠢᠯᠢᠮ ᠡᠭᠡᠯᠵᠢᠯᠡᠨ ᠭᠠᠷᠴᠤ᠂ ᠲᠦᠡᠭᠯᠢᠶᠤᠤ ᠬᠤᠳᠠ ᠵᠢᠨ ᠲᠠᠭᠤᠤ ᠪᠦᠵᠢᠭ  《 ᠸᠠᠨ ᠯᠢ 》᠂ ᠬᠦᠯᠤᠨ ᠪᠤᠢᠷ ᠬᠤᠳᠠ ᠵᠢᠨ ᠨᠠᠢᠷᠠᠯ ᠲᠠᠭᠤᠤ 《ᠬᠦᠯᠤᠨ ᠪᠤᠢᠷ᠎ᠤᠨ ᠲᠠᠯ᠎ᠠ ᠨᠤᠳᠤᠭ》 ᠂ ᠬᠦᠬᠡᠬᠤᠳᠠ ᠵᠢᠨ 《ᠴᠡᠯᠡᠭᠡᠷ ᠲᠠᠯ᠎ᠠ ᠵᠢᠨ ᠲᠠᠭᠤᠯᠠᠯ》 ᠁ ᠵᠡᠷᠭᠡ ᠤᠷᠠᠨ ᠰᠠᠢᠬᠠᠨ᠎ᠤ ᠲᠤᠬᠯᠠᠯᠳᠠ ᠨᠢ ᠠᠬᠤᠢ ᠲᠠᠯᠠᠪᠠᠢ ᠵᠢᠨ ᠦᠵᠡᠭᠴᠢ ᠲᠦᠮᠡᠨ᠎ᠤ ᠰᠡᠳᠬᠢᠯ᠎ᠢ ᠬᠦᠭᠵᠢᠭᠡᠵᠦ᠂ ᠵᠠᠯᠭᠠᠭᠠᠳ ᠶᠠᠪᠤᠭᠳᠠᠭᠰᠠᠨ ᠠᠡᠭᠬᠠᠨ᠎ᠤ ᠲᠠᠯᠠᠪᠠᠢ ᠤᠷᠤᠯᠳᠤᠭᠠᠨ᠎ᠳᠦ᠂ ᠬᠦᠬᠡᠬᠤᠳᠠ ᠵᠢᠨ ᠬᠦᠯ ᠪᠦᠮᠪᠤᠭᠡ ᠵᠢᠨ ᠪᠠᠬ ᠪᠤᠯᠤᠨ ᠤᠯᠠᠭᠠᠨᠬᠠᠳᠠ ᠵᠢᠨ ᠬᠦᠯ ᠪᠦᠮᠪᠤᠭᠡ ᠵᠢᠨ ᠪᠠᠬ ᠬᠦᠴᠦ ᠤᠬᠠᠭᠠᠨ ᠵᠢᠡᠨ ᠰᠤᠷᠢᠨ ᠤᠷᠤᠯᠳᠤᠵᠦ᠂ ᠬᠦᠯ ᠪᠦᠮᠪᠤᠭᠡ ᠵᠢᠨ ᠪᠠᠬᠠᠳᠠᠳ᠎ᠤᠨ ᠤᠤᠬᠠᠢ ᠬᠠᠰᠬᠢᠷᠤᠯᠳᠡ ᠤᠭᠳᠠᠷᠭᠤᠢ ᠳᠠᠮᠵᠢᠨ ᠴᠤᠤᠷᠢᠶᠡᠳᠤᠵᠦ᠂ ᠤᠷᠤᠨ᠎ᠤ ᠲᠦᠪ ᠬᠦᠭᠡᠬᠤᠳᠠ ᠵᠢ ᠬᠦᠷ ᠬᠦᠭᠵᠢᠶᠡᠨ ᠵᠢᠡᠷ ᠪᠢᠯᠬᠠᠭᠤᠯᠵᠠᠢ᠃

ᠪᠦᠬᠦ ᠤᠯᠤᠰ᠎ᠤᠨ ᠣᠯᠠᠨ ᠲᠦᠮᠡᠨᠴᠢ ᠬᠥᠯ ᠪᠥᠮᠪᠥᠭᠡ᠎ᠶᠢᠨ ᠤᠷᠤᠯᠳᠤᠭᠠᠨ᠎ᠤ ᠰᠤᠳᠤᠨ IP ᠪᠣᠯᠤᠭᠰᠠᠨ᠎ᠤ ᠬᠤᠪᠢ᠎ᠳᠤ᠂ 2026 ᠤᠨ᠎ᠤ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠣᠯᠪᠣᠭᠠᠲᠤ᠌ ᠤᠷᠤᠯᠳᠤᠭᠠᠨ᠎ᠳᠦ ᠪᠥᠬᠥ᠌ ᠣᠷᠣᠨ᠎ᠤ 12 ᠠᠶ᠋ᠢᠮᠠᠭ ᠬᠣᠲᠠ᠎ᠪᠦᠬᠦᠳᠡᠭᠡᠷ ᠢᠳᠡᠪᠬᠢᠯᠡᠨ ᠤᠷᠤᠯᠴᠠᠵᠦ᠂ ᠰᠤᠶᠤᠯ ᠵᠢᠭᠤᠯᠴᠢᠯᠠᠯ ᠬᠢᠭᠡᠳ ᠪᠡᠶ᠎ᠠ ᠲᠠᠮᠢᠷ᠎ᠤᠨ ᠠᠭᠤᠰᠤᠯᠴᠠᠯ᠎ᠤᠨ ᠰᠤᠩᠭᠤᠳᠠᠭ ᠵᠢᠱ᠌ᠢᠶ᠎ᠠ ᠪᠤᠯᠵᠠᠢ᠃

ᠬᠥᠬᠡᠬᠣᠲᠠ᠎ᠳᠤ ᠪᠡᠶ᠎ᠡ᠎ᠶᠢᠨ ᠲᠠᠮᠢᠷ ᠎ᠤᠨ ᠬᠡᠷᠡᠭᠰᠡᠯ᠎ᠦᠨ ᠳᠡᠯᠭᠡᠭᠦᠷ ᠡᠵᠡᠩᠨᠡᠵᠦ᠍ ᠪᠠᠶ᠋ᠢᠭ᠎ᠠ ᠸᠠᠩ ᠠᠪᠠᠭᠠᠢ᠎ᠶᠢᠨ ᠳᠡᠯᠭᠡᠭᠦᠷ ᠨᠢ ᠶᠠᠭ ᠬᠦᠬᠡᠬᠤᠳᠠ ᠵᠢᠨ ᠪᠡᠶ᠎ᠠ ᠵᠢᠨ ᠲᠡᠮᠢᠷ᠎ᠤᠨ ᠲᠠᠯᠠᠪᠠᠢ ᠬᠠᠪᠢᠳᠠᠨ ᠪᠠᠢᠷᠢᠯᠠᠵᠤ᠂ ᠤᠷᠤᠯᠳᠤᠭᠠᠨ᠎ᠤ ᠬᠤᠭᠤᠴᠠᠭᠠᠨ᠎ᠳᠤ ᠳᠠᠮᠢᠷ᠎ᠤᠨ ᠬᠤᠪᠴᠠᠰᠤ ᠵᠡᠷᠭᠡ ᠪᠦᠳᠤᠭᠡᠭᠳᠡᠬᠦᠨ᠎ᠤ ᠪᠣᠷᠣᠯᠠᠭᠤᠯᠭ᠎ᠠ ᠨᠢ ᠡᠩ᠎ᠦᠨ ᠦᠶ᠎ᠡ᠎ᠶᠢᠨ ᠬᠢ᠎ᠡᠴᠡ ᠭᠤᠷᠪᠠᠨ ᠲᠠᠬᠢᠨ᠎ᠢᠶᠠᠷ ᠨᠡᠮᠡᠭᠳᠡᠵᠦ᠍᠂ ᠴᠥᠭᠡᠨ ᠪᠤᠰᠤ ᠭᠠᠳᠠᠷ ᠣᠷᠣᠨ᠎ᠤ ᠪᠥᠮᠪᠥᠭᠡᠨ ᠬᠤᠷᠤᠬᠠᠢ᠌ᠲᠠᠳ ᠤᠷᠤᠯᠳᠤᠭᠠᠨ᠎ᠢ ᠦᠵᠡᠵᠦ᠍ ᠪᠠᠷᠠᠮᠠᠭᠴᠠ ᠲᠤᠰᠬᠠᠶ᠋ᠢᠯᠠᠨ ᠳᠡᠯᠭᠡᠭᠦᠷ᠎ᠲᠸ᠋ᠨᠢ ᠢᠷᠡᠵᠤ ᠪᠦᠮᠪᠤᠭᠡᠨ ᠤᠷᠤᠯᠳᠤᠭᠠᠨ ᠵᠢᠡᠷ ᠰᠡᠳᠤᠪᠯᠡᠭᠰᠡᠨ ᠰᠤᠶᠤᠯ᠎ᠤᠨ ᠪᠦᠳᠤᠭᠡᠯᠴᠢ ᠦᠢᠯᠡᠳᠬᠦᠨ ᠡᠴᠡ ᠰᠣᠩᠭᠣᠨ ᠠᠪᠴᠠᠭᠠᠯ᠎ᠠ᠃ 《ᠳᠡᠭᠡᠷ᠎ᠡ ᠰᠠᠷ᠎ᠠ ᠱᠠᠨᠰᠢ᠎ᠠᠴᠠ ᠢᠷᠡᠭᠰᠡᠨ ᠪᠥᠮᠪᠥᠭᠡᠨ ᠬᠤᠷᠤᠬᠠᠢ᠌ᠲᠠᠨ ᠤᠷᠤᠯᠳᠤᠭᠠᠨ᠎ᠢ ᠦᠵᠡᠵᠦ᠍ ᠪᠠᠷᠠᠭᠠᠳ ᠬᠥᠬᠡᠬᠣᠲᠠ᠎ᠳᠤ 5 ᠡᠳᠦᠷ ᠰᠠᠭᠤᠵᠤ᠂ ᠲᠠᠯᠠᠨ ᠬᠠᠷ᠎ᠠ ᠠᠭᠤᠯᠠ᠂ ᠴᠡᠯᠡᠭᠡᠷ ᠲᠠᠯ᠎ᠠ ᠨᠤᠲᠤᠭ  ᠵᠢᠡᠷ  ᠲᠤᠭᠤᠷᠢᠨ ᠵᠢᠭᠤᠯᠴᠢᠯᠠᠵᠦ᠂ ᠶᠠᠪᠤᠬᠤ᠎ᠠᠴᠠ᠎ᠪᠠᠨ ᠡᠮᠦᠨ᠎ᠡ ᠮᠠᠨ᠎ᠤ ᠲᠡᠯᠭᠡᠬᠦᠷ᠎ᠤᠨ ᠬᠠᠵᠠᠭᠤᠳᠡᠬᠢ ᠤᠨᠴᠠ ᠭᠠᠷᠤᠯᠳᠡ ᠵᠢᠨ ᠲᠡᠯᠭᠡᠬᠦᠷ ᠡᠴᠡ 1000 ᠰᠢᠬᠠᠮ ᠲᠦᠬᠦᠷᠢᠭ᠎ᠤᠨ ᠪᠠᠷᠠᠭ᠎ᠠ ᠬᠤᠳᠠᠯᠳᠤᠨ ᠠᠪᠴᠠᠶ 》 ᠬᠡᠵᠤ ᠸᠠᠡᠭ ᠠᠪᠠᠭᠠᠢ ᠪᠠᠶᠠᠷᠳᠠᠢᠬᠠᠨ ᠲᠠᠨᠢᠯᠴᠠᠭᠤᠯᠵᠤ ᠪᠠᠢᠯ᠎ᠠ᠃

2025 ᠤᠨ᠎ᠤ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠣᠯᠪᠣᠭᠠᠲᠤ᠌ ᠤᠷᠤᠯᠳᠤᠭᠠᠨ᠎ᠢ ᠠᠬᠤᠢ ᠲᠠᠯᠠᠪᠠᠶ᠎ᠳᠦ 89 ᠲᠦᠮᠡᠨ ᠬᠥᠮᠦᠨ ᠦᠵᠡᠵᠦ᠂ ᠳ᠋ᠠᠩ ᠲᠠᠯᠠᠪᠤᠷ ᠤᠷᠤᠯᠳᠤᠭᠠᠨ᠎ᠢ ᠦᠵᠡᠭᠰᠡᠨ ᠬᠥᠮᠦᠨ᠎ᠦ ᠲᠣᠭ᠎ᠠ ᠬᠠᠮᠤᠭ ᠠᠷᠪᠢᠨ᠎ᠳᠠᠭᠠᠨ 4.5  ᠲᠦᠮᠡ᠎ᠳᠦ ᠬᠦᠷᠴᠦ᠍᠂ 400 ᠲᠦᠮᠡ ᠰᠢᠬᠠᠮ ᠬᠥᠮᠦᠨ ᠰᠦᠯᠵᠢᠶᠡᠨ ᠲᠡᠭᠡᠷ᠎ᠠ ᠪᠢᠯᠧᠲ ᠬᠤᠳᠠᠯᠳᠤᠨ ᠠᠪᠴᠤ᠂ 2455 ᠲᠦᠮᠡᠨ ᠬᠦᠮᠤᠨ ᠤᠳᠠᠭ᠎ᠠ ᠰᠢᠭᠤᠳ ᠨᠡᠪᠳᠡᠷᠡᠬᠦᠯᠭᠡ ᠵᠢ ᠬᠦᠯᠢᠶᠡᠨ ᠠᠪᠴᠤ ᠦᠵᠡᠡ᠂ ᠪᠦᠬᠦ ᠤᠯᠤᠰ᠎ᠤᠨ ᠬᠡᠪᠴᠢᠶᠡᠨ᠎ᠳᠤ ᠨᠡᠷ᠎ᠠ ᠠᠯᠳᠠᠷᠰᠢᠯ ᠵᠢᠡᠨ ᠮᠠᠨᠳᠤᠭᠤᠯᠤᠬᠰᠠᠨ ᠵᠢᠡᠷ ᠪᠦᠬᠦ ᠤᠯᠤᠰ᠎ᠤᠨ 《ᠭᠤᠷᠪᠠᠨ ᠲᠣᠮᠣ ᠣᠯᠠᠨ ᠲᠦᠮᠡᠨᠴᠢ ᠪᠥᠮᠪᠥᠭᠡ᠎ᠶᠢᠨ ᠤᠷᠤᠯᠳᠤᠭᠠᠨ》 ᠤ᠋ ᠰᠣᠳᠣᠨ ᠵᠢᠱ᠌ᠢᠶ᠎ᠡ᠎ᠳᠤ ᠰᠤᠡᠭᠭᠤᠬᠳᠠᠵᠤ᠂ ᠪᠥᠬᠥ᠌ ᠤᠯᠤᠰ᠎ᠤᠨ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ᠎ᠢ ᠠᠭᠤᠰᠤᠯᠴᠠᠭᠤᠯᠤᠭᠰᠠᠨ ᠬᠡᠪ ᠳᠠᠭᠤᠷᠢᠶᠠᠯ ᠪᠤᠯᠵᠠᠢ᠃

2026 ᠤᠨ᠎ᠤ ᠰᠢᠷᠢᠰ ᠤᠷᠤᠯᠳᠤᠭᠠᠨ᠎ᠳᠤ ᠦᠪᠤᠷ ᠮᠤᠡᠭᠭᠤᠯ᠎ᠤᠨ ᠬᠦᠯ ᠪᠦᠮᠪᠤᠭᠡ ᠵᠢᠨ ᠬᠤᠯᠪᠤᠭᠠᠳᠤ ᠤᠷᠤᠯᠳᠤᠭᠠᠨ ᠪᠦᠬᠦ ᠲᠠᠯ᠎ᠠ ᠪᠡᠷ ᠲᠡᠰ ᠲᠡᠪᠰᠢᠵᠤ᠂ ᠪᠡᠶ᠎ᠠ ᠵᠢᠨ ᠲᠠᠮᠢᠷ ᠰᠤᠶᠤᠯ ᠵᠢᠭᠤᠯᠴᠢᠯᠠᠯ ᠬᠤᠳᠠᠯᠳᠤᠭ᠎ᠠ ᠲᠠᠷᠢᠶᠠᠯᠠᠡᠭ ᠮᠠᠯ ᠠᠵᠤ ᠠᠬᠤᠢ᠎ᠶᠢᠨ ᠠᠭᠤᠰᠤᠯᠴᠠᠯ᠎ᠢ ᠬᠦᠨᠵᠡᠭᠡᠢᠷᠡᠬᠦᠯᠵᠤ᠂ ᠡᠯ᠎ᠠ ᠭᠠᠵᠠᠷ᠎ᠤᠨ ᠬᠢᠨ ᠪᠤᠳᠠᠳᠠᠢ ᠠᠷᠭ᠎ᠠ ᠬᠡᠮᠵᠢᠶ᠎ᠠ ᠬᠡᠷᠡᠭᠵᠢᠬᠦᠯᠵᠦ ᠡᠬᠢᠯᠡᠵᠡᠢ᠃ ᠬᠦᠬᠡᠬᠤᠳᠠ 《 ᠨᠢᠭᠡ ᠪᠢᠯᠸᠲ᠎ᠢ ᠤᠯᠠᠨ ᠤᠳᠠᠭ᠎ᠠ ᠬᠡᠷᠡᠭᠯᠡᠵᠤ᠂ ᠨᠢᠭᠡ ᠪᠢᠯᠸᠲ ᠲᠸ᠋ ᠤᠯᠠᠨ ᠬᠠᠷᠠᠭᠠᠯᠵᠠᠯ ᠦᠵᠡᠬᠦᠯᠬᠦ 》 ᠬᠡᠷᠡᠭᠯᠡᠭᠡᠨ᠎ᠤ ᠵᠠᠬᠪᠤᠷ᠎ᠢ ᠬᠡᠷᠡᠭᠵᠢᠬᠦᠯᠵᠦ᠂ ᠪᠢᠯᠸᠲ ᠲᠠᠢ ᠦᠵᠡᠭᠴᠢᠳ ᠬᠢᠮᠳᠡᠷᠡᠯ ᠲᠠᠢ ᠬᠤᠭᠤᠯᠠ ᠤᠮᠳᠠ᠂ ᠬᠤᠨᠤᠭ ᠪᠠᠭᠤᠳᠠᠯ᠂ ᠬᠤᠳᠠᠯᠳᠤᠭ᠎ᠠ ᠲᠡᠯᠭᠡᠬᠦᠷ ᠵᠡᠷᠭᠡ ᠤᠯᠠᠨ ᠲᠠᠪᠬᠤᠷ ᠬᠠᠷᠠᠭᠠᠯᠵᠠᠯ᠎ᠢ ᠬᠦᠷᠳᠡᠭᠡᠭᠰᠡᠨ᠎ᠢᠶᠡᠷ ᠬᠡᠷᠡᠭᠯᠡᠭᠡ᠎ᠵᠢ ᠠᠬᠢᠭᠤᠯᠬᠤ᠂ ᠰᠤᠶᠤᠯ ᠵᠢᠭᠤᠯᠴᠢᠯᠠᠯ᠎ᠢ ᠬᠦᠭᠵᠢᠬᠡᠬᠦ ᠦᠷ᠎ᠠ ᠪᠦᠳᠦᠮᠵᠢ ᠮᠠᠰᠢ ᠰᠠᠢᠨ ᠪᠤᠯᠵᠠᠢ᠃ ᠪᠤᠭᠤᠳᠤ ᠬᠤᠳᠠ《ᠪᠢᠯᠸᠲ᠎ᠤᠨ ᠠᠵᠤ ᠠᠬᠤᠢ ᠵᠢᠨ IP 》 ᠵᠢ ᠡᠬᠦᠳᠤᠨ᠂ ᠪᠦᠬᠦ ᠬᠤᠳᠠ ᠵᠢᠨ 200 ᠭᠠᠷᠤᠢ ᠬᠤᠳᠠᠯᠳᠤᠭᠠᠴᠢᠨ ᠡᠷᠤᠭᠡ ᠲᠠᠢ ᠬᠤᠯᠪᠤᠭᠠᠯᠠᠨ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠦᠷᠢᠨ ᠪᠠᠷᠠᠭ᠎ᠠ᠂ ᠬᠡᠳᠤ ᠲᠡᠯᠭᠡᠬᠦᠷ᠂ ᠰᠤᠶᠤᠯ ᠵᠢᠭᠤᠯᠴᠢᠯᠠᠯ ᠵᠡᠷᠭᠡ ᠬᠡᠳᠤᠨ ᠲᠤᠮᠤ ᠡᠵᠡᠡᠭᠨᠡᠯᠳᠡ ᠵᠢᠨ ᠬᠡᠯᠪᠡᠷᠢ ᠵᠢ ᠬᠠᠮᠤᠷᠴᠤ᠂ 《ᠤᠷᠤᠯᠳᠤᠭᠠᠨ ᠨᠢ ᠪᠤᠭᠤᠳᠤ᠎ᠳᠤ᠂ ᠬᠡᠷᠡᠭᠯᠡᠭᠡ ᠨᠢ ᠪᠦᠬᠦ ᠤᠷᠤᠨ᠎ᠳᠤ᠂ ᠪᠦᠬᠦ ᠦᠶᠡᠯᠡᠯ᠎ᠤᠨ ᠬᠤᠭᠤᠴᠠᠭᠠᠨ᠎ᠳᠤ ᠠᠰᠢᠭ ᠬᠦᠷᠳᠡᠭᠡᠬᠦ》 ᠰᠢᠰᠲᠸᠮ᠎ᠢ ᠪᠦᠷᠢᠯᠳᠤᠬᠦᠯᠵᠡᠢ᠃ ᠡᠬᠦᠨ ᠡᠴᠡ ᠭᠠᠳᠠᠨ᠎ᠠ᠂ ᠡᠯ᠎ᠠ ᠠᠢᠮᠠᠭ ᠬᠤᠳᠠ ᠦᠪᠡᠷ ᠦᠪᠡᠷ᠎ᠤᠨ ᠤᠨᠴᠠᠯᠢᠭ ᠵᠢᠡᠷ ᠵᠢᠡᠨ ᠤᠷᠤᠯᠳᠤᠭᠠᠨ᠎ᠤ ᠬᠠᠯᠠᠮᠰᠢᠯ ᠵᠢᠡᠷ ᠤᠯᠠᠨ ᠲᠦᠮᠡᠨ᠎ᠤ ᠬᠡᠷᠡᠭᠯᠡᠭᠡᠨ᠎ᠤ ᠬᠦᠰᠡᠯ ᠡᠷᠡᠮᠡᠯᠵᠡᠯ᠎ᠢ ᠬᠦᠢᠴᠡᠳ ᠬᠦᠭᠵᠢᠭᠡᠵᠤ᠂ ᠪᠡᠶ᠎ᠠ ᠵᠢᠨ ᠲᠠᠮᠢᠷ ᠵᠢᠡᠷ ᠲᠠᠪᠴᠠᠡᠭ ᠪᠤᠯᠭᠠᠨ᠂ ᠠᠵᠤ ᠠᠬᠤᠢ ᠵᠢ ᠬᠦᠭᠵᠢᠭᠡᠵᠤ᠂ ᠰᠤᠶᠤᠯ ᠵᠢᠭᠤᠯᠴᠢᠯᠠᠯ᠎ᠤᠨ ᠤᠯᠠᠨ ᠡᠰᠢᠳᠦ ᠬᠦᠭᠵᠢᠯᠳᠡ᠎ᠵᠢ ᠪᠦᠳᠦᠮᠵᠢᠳᠡᠢ ᠠᠬᠢᠭᠤᠯᠵᠠᠢ᠃

ᠪᠦᠬᠦ ᠤᠯᠤᠰ᠎ᠤᠨ ᠣᠯᠠᠨ ᠲᠦᠮᠡᠨᠴᠢ ᠪᠥᠮᠪᠥᠭᠡ᠎ᠶ᠋ᠢᠨ ᠤᠷᠤᠯᠳᠤᠭᠠᠨ᠎ᠤ ᠰᠤᠳᠤᠨ ᠵᠢᠱ᠌ᠢᠶ᠎ᠡ᠎ᠳᠤ ᠰᠤᠡᠭᠭᠤᠬᠳᠠᠬᠰᠠᠨ ᠮᠠᠨ᠎ᠤ ᠤᠷᠤᠨ᠎ᠤ ᠮᠠᠯᠴᠢᠨ ᠲᠠᠷᠢᠶᠠᠴᠢᠨ᠎ᠤ ᠠᠯᠠᠭᠠᠳᠠᠬᠤ ᠪᠥᠮᠪᠥᠭᠡ᠎ᠶᠢᠨ ᠤᠷᠤᠯᠳᠤᠭᠠᠨ ᠨᠢ ᠨᠠᠩ ᠴᠤ᠌ ᠤᠷᠤᠯᠳᠤᠭᠠᠨ᠎ᠤ ᠲᠠᠯᠠᠪᠠᠢ ᠪᠡᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ᠂ ᠰᠠᠭᠤᠭᠠᠯᠢ ᠠᠷᠠᠳ᠎ᠤᠨ ᠲᠤᠭᠤᠷᠢᠬ ᠲᠸ᠋ ᠪᠠᠢᠷᠢᠯᠠᠭᠤᠯᠵᠦ᠂ ᠪᠥᠬᠥ᠌ ᠣᠷᠣᠨ᠎ᠤ ᠪᠦᠬᠦ ᠬᠣᠰᠢᠭᠤ ᠰᠢᠶᠠᠨ᠎ᠢ ᠬᠠᠮᠤᠷᠴᠤ᠌᠂ ᠨᠢᠭᠡ ᠵᠢᠯ᠎ᠦᠨ ᠲᠤᠷᠰᠢ ᠬᠡᠳᠦᠨ ᠲᠦᠮᠡᠨ ᠮᠠᠯᠴᠢᠨ ᠲᠠᠷᠢᠶᠠᠴᠢᠨ᠎ᠢ ᠳᠠᠶ᠋ᠢᠴᠢᠯᠠᠨ ᠤᠷᠤᠯᠳᠤᠭᠠᠨ᠎ᠳᠦ ᠣᠷᠣᠯᠴᠠᠭᠤᠯᠵᠤ᠂ 《ᠭᠠᠷᠠᠭ ᠪᠦᠷᠢ ᠬᠥᠳᠡᠯᠭᠡᠭᠡᠨ᠎ᠲᠡᠶ᠂ ᠰᠠᠷ᠎ᠠ ᠪᠦᠷᠢ ᠤᠷᠤᠯᠳᠤᠭᠠᠨ᠎ᠲᠠᠶ》  ᠬᠥᠭᠵᠢᠶᠡᠨᠲᠦ᠍ ᠪᠠᠶ᠋ᠢᠳᠠᠯ᠎ᠢᠶᠡᠷ ᠦᠷᠬᠦᠯᠵᠢᠯᠡᠵᠡᠢ᠃

ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠳᠤ ᠮᠠᠯᠴᠢᠨ ᠠᠶ᠋ᠢᠯ᠎ᠤᠨ ᠵᠢᠭᠤᠯᠴᠢᠯᠠᠯ᠎ᠤᠨ ᠭᠠᠵᠠᠷ ᠡᠵᠡᠩᠨᠡᠵᠦ᠍ ᠪᠠᠶ᠋ᠢᠭ᠎ᠠ ᠴᠢᠯᠠᠭᠤ ᠵᠢᠨ ᠬᠢᠨ ᠡᠨᠡ ᠵᠢᠯ ᠨᠢᠭᠡᠨᠲᠡ ᠭᠤᠷᠪᠠᠨ ᠪᠦᠯᠦᠭ ᠠᠯᠠᠭᠠᠳᠠᠬᠤ ᠪᠥᠮᠪᠥᠭᠡ᠎ᠶᠢᠨ ᠤᠷᠤᠯᠳᠤᠭᠠᠨ᠎ᠳᠤ ᠤᠷᠤᠯᠴᠠᠭᠰᠠᠳ᠎ᠢ ᠭᠥᠯᠢᠶᠡᠨ ᠠᠪᠴᠤ᠌ ᠵᠤᠴᠢᠯᠠᠵᠠᠢ᠃ 《ᠦᠡᠭᠭᠡᠷᠡᠭᠰᠡᠨ᠎ᠳᠤ ᠮᠠᠨᠠᠢᠬᠢᠨ ᠵᠥᠪᠬᠡᠨ ᠵᠣᠨ᠎ᠤ ᠵᠢᠭᠤᠯᠴᠢᠯᠠᠯ᠎ᠤᠨ ᠬᠥᠭᠵᠢᠶᠡᠨᠲᠡᠶ ᠤᠯᠠᠷᠢᠯ᠎ᠳᠤ ᠰᠠᠶᠢ ᠵᠣᠴᠢᠨ᠎ᠲᠠᠶ ᠪᠠᠶ᠋ᠢᠵᠠᠶ᠂ ᠣᠲᠣ ᠬᠠᠪᠤᠷ᠎ᠤᠨ ᠠᠯᠠᠭᠠᠳᠠᠬᠤ ᠪᠥᠮᠪᠥᠭᠡ᠎ᠶᠢᠨ ᠤᠷᠤᠯᠳᠤᠭᠠᠨ᠂ ᠨᠠᠮᠤᠷ᠎ᠤᠨ ᠮᠣᠷᠢᠨ ᠤᠷᠤᠯᠳᠤᠭᠠᠨ᠂ ᠡᠪᠦᠯ᠎ᠤ᠋ᠨ ᠴᠠᠰᠤᠨ ᠳᠡᠭᠡᠷᠡᠬᠢ ᠬᠥᠯ ᠪᠥᠮᠪᠥᠭᠡ ᠵᠢᠨ ᠤᠷᠤᠯᠳᠤᠭᠠᠨ ᠬᠡᠬᠦᠴᠢᠯᠡᠨ ᠵᠢᠯ᠎ᠦᠨ ᠳᠥᠷᠪᠡᠨ ᠤᠯᠠᠷᠢᠯ᠎ᠳᠤ ᠴᠥᠮ ᠬᠡᠢᠴᠢᠨ ᠳᠠᠰᠤᠷᠠᠬᠤ ᠦᠬᠡᠢ ᠪᠤᠯᠵᠠᠢ 》 ᠭᠡᠵᠦ᠍ ᠪᠠᠶᠠᠷᠳᠠᠢᠬᠠᠨ ᠬᠡᠯᠡᠨ᠎ᠠ᠃ 2025 ᠣᠨ᠎ᠳᠤ ᠲᠡᠳᠡᠨ᠎ᠦ ᠮᠠᠯᠴᠢᠨ ᠠᠶ᠋ᠢᠯ᠎ᠤᠨ ᠵᠢᠭᠤᠯᠴᠢᠯᠠᠯ᠎ᠤᠨ ᠣᠷᠣᠯᠭ᠎ᠠ᠎ᠨᠢ  2023 ᠣᠨ᠎ᠤ᠎ᠬᠢ᠎ᠡᠴᠡ ᠨᠢᠭᠡ ᠳᠠᠬᠢᠨ ᠰᠢᠬᠠᠮ ᠨᠡᠮᠡᠭᠳᠡᠵᠦ᠍᠂ ᠴᠠᠭᠠᠨ ᠢᠳᠡᠭᠡ᠂ ᠪᠤᠷᠴᠠ ᠵᠡᠷᠭᠡ ᠣᠨᠴᠠ ᠭᠠᠷᠤᠯᠲᠠ᠎ᠶᠢᠨ ᠪᠣᠷᠣᠯᠠᠭᠤᠯᠭ᠎ᠠ᠎ᠶᠢᠨ ᠣᠷᠣᠯᠭ᠎ᠠ᠎ᠨᠢ ᠥᠩᠭᠡᠷᠡᠭᠰᠡᠨ ᠵᠢᠯ᠎ᠦᠳ᠎ᠦᠨ᠎ᠬᠢ᠎ᠡᠴᠡ 2  ᠲᠦᠮᠡᠨ ᠲᠦᠬᠦᠷᠢᠭ ᠨᠡᠮᠡᠭᠳᠡᠵᠡᠢ᠃

ᠰᠢᠯᠢ  ᠵᠢᠨ ᠭᠤᠤᠯ ᠠᠢᠮᠠᠭ᠎ᠤᠨ《ᠡᠪᠤᠯ᠎ᠤᠨ ᠤᠯᠠᠷᠢᠯ᠎ᠤᠨ ᠮᠤᠡᠭᠭᠤᠯ ᠮᠤᠷᠢᠨ᠎ᠤ ᠬᠤᠯᠪᠤᠭᠠᠳᠤ ᠤᠷᠤᠯᠳᠤᠭᠠᠨ》 ᠨᠢ ᠪᠦᠬᠦ ᠠᠢᠮᠠᠭ᠎ᠤᠨ 13 ᠬᠤᠰᠢᠭᠤ ᠰᠢᠶᠠᠨ ᠬᠤᠳᠠ ᠲᠤᠭᠤᠷᠢᠭ᠎ᠢ ᠬᠠᠮᠤᠷᠴᠤ ᠂ 2026 ᠤᠨ᠎ᠳᠦ ᠶᠠᠪᠤᠭᠳᠠᠭᠰᠠᠨ ᠭᠤᠷᠪᠠᠳᠤᠭᠠᠷ ᠬᠤᠭᠤᠴᠠᠭᠠᠨ᠎ᠤ ᠬᠤᠯᠪᠤᠭᠠᠳᠤ ᠤᠷᠤᠯᠳᠤᠭᠠᠨ᠎ᠤ ᠬᠤᠭᠤᠴᠠᠭᠠᠨ᠎ᠳᠤ᠂ ᠲᠤᠬᠠᠢ ᠵᠢᠨ ᠲᠠᠯᠠᠪᠠᠢ ᠵᠢᠨ ᠤᠷᠤᠯᠳᠤᠭᠠᠨ᠎ᠢ ᠰᠤᠨᠢᠷᠬᠠᠬᠰᠠᠨ ᠬᠦᠮᠦᠨ᠎ᠤ ᠲᠤᠭ᠎ᠠ 5000 ᠬᠦᠮᠤᠨ ᠤᠳᠠᠭ᠎ᠠ ᠵᠢ ᠲᠠᠪᠠᠵᠤ᠂ ᠵᠢᠭᠤᠯᠴᠢᠯᠠᠯ᠎ᠤᠨ ᠤᠷᠤᠯᠭ᠎ᠠ ᠵᠢ 510 ᠲᠦᠮᠡᠨ ᠲᠦᠬᠦᠷᠢᠭ ᠲᠠᠢᠴᠢᠯᠠᠪᠠ;ᠠᠯᠠᠱᠠ᠎ᠶᠢᠨ ᠪᠠᠭᠠᠲᠤᠷᠴᠤᠳ᠎ᠤ᠋ᠨ ᠴᠤᠬᠯᠠᠭᠠᠨ ᠨᠢ 《ᠦᠵᠡᠰᠬᠦᠯᠡᠡᠭ᠂ ᠴᠤᠬᠯᠠᠭᠠᠨ᠂ ᠤᠷᠤᠯᠳᠤᠭᠠᠨ᠂ ᠲᠤᠬᠯᠠᠯᠳᠠ᠂ ᠵᠤᠭ᠎ᠠ ᠴᠡᠡᠭᠭᠡᠯ 》 ᠵᠡᠷᠭᠡ ᠲᠠᠪᠤᠨ ᠶᠡᠭᠡ ᠠᠭᠤᠯᠭ᠎ᠠ ᠵᠢ ᠨᠢᠭᠡ ᠴᠤᠬᠴᠠᠵᠢᠭᠤᠯᠵᠤ᠂ ᠡᠯᠡᠰᠤᠨ ᠴᠦᠯ᠎ᠤᠨ ᠷᠢᠳᠢ ᠰᠢᠳᠢ ᠵᠢ ᠪᠥᠬᠥ᠌ ᠤᠯᠤᠰ᠎ᠲᠤ᠌ ᠭᠠᠢᠬᠠᠭᠤᠯᠵᠦ᠂ ᠰᠤᠶᠤᠯ ᠵᠢᠭᠤᠯᠴᠢᠯᠠᠯ᠎ᠤᠨ ᠠᠭᠤᠰᠤᠯᠴᠠᠯ᠎ᠢ ᠬᠦᠴᠦᠳᠡᠢ ᠠᠬᠢᠭᠤᠯᠵᠠᠢ;《ᠥᠪᠥᠷ ᠮᠣᠩᠭᠣᠯ᠎ᠢ ᠳᠤᠭᠤᠯᠬᠤ》 ᠮᠠᠰᠢᠨ ᠲᠡᠷᠭᠡᠨ᠎ᠦ ᠤᠷᠤᠯᠳᠤᠭᠠᠨ ᠡᠷᠭᠦᠨ᠎ᠡ᠎ᠡᠴᠡ ᠡᠵᠡᠨ᠎ᠡ ᠬᠦᠷᠲᠡᠯ᠎ᠡ᠂ ᠤᠢ ᠰᠢᠭᠤᠢ᠂ ᠲᠠᠯ᠎ᠠ ᠨᠤᠲᠤᠭ᠂ ᠭᠣᠣᠯ ᠮᠥᠷᠡᠨ᠂ ᠡᠯᠡᠰᠦᠨ ᠴᠦᠯ᠂ ᠭᠣᠪᠢ ᠬᠠᠩᠭᠠᠢ᠎ᠶᠢ ᠬᠣᠯᠪᠣᠵᠤ᠂ ᠬᠡᠳᠦᠨ ᠮᠢᠩᠭᠠᠨ ᠺᠢᠯᠤᠮᠸᠲᠷ᠎ᠤᠨ ᠬᠢᠯᠢ᠎ᠶᠢᠨ ᠱᠤᠭᠤᠮ᠎ᠤ᠋ᠨ ᠠᠶᠠᠯᠠᠯ ᠨᠢ  ᠬᠤᠪᠢ ᠵᠢᠨ ᠮᠠᠰᠢᠨ ᠲᠡᠷᠭᠡ ᠵᠢᠯᠤᠭᠤᠳᠴᠤ ᠵᠢᠭᠤᠯᠴᠢᠯᠠᠬᠤ ᠳᠤᠷᠠᠲᠠᠢ ᠬᠥᠮᠦᠰ᠎ᠦᠨ ᠬᠦᠷᠢᠶᠡᠯᠡᠯ᠎ᠢ ᠤᠯᠵᠠᠢ;ᠬᠣᠷᠴᠢᠨ᠎ᠤ 500 ᠺᠢᠯᠤᠮᠸᠲᠷ᠎ᠤᠨ ᠦᠵᠡᠮᠵᠢ᠎ᠶᠢᠨ ᠵᠠᠮ ᠱᠤᠭᠤᠮ ᠨᠢ ᠢᠵᠢ ᠪᠦᠷᠢᠨ ᠦᠢᠯᠡᠴᠢᠯᠡᠭᠡ ᠪᠡᠷ᠎ᠢᠶᠡᠨ 《ᠤᠨᠴᠠᠯᠢᠬᠳᠤ ᠦᠵᠡᠮᠵᠢ ᠰᠤᠨᠢᠷᠬᠠᠵᠤ᠂ ᠬᠤᠪᠢ᠎ᠶᠢᠨ ᠮᠠᠰᠢᠨ᠎ᠢᠶᠠᠷ ᠵᠢᠭᠤᠯᠴᠢᠯᠠᠶ᠎ᠠ ᠬᠡᠪᠡᠯ ᠲᠦᠡᠭᠯᠢᠶᠤᠤ᠎ᠳᠤ ᠢᠷᠡᠭᠡᠷᠠᠢ》 ᠬᠡᠬᠦ ᠲᠦᠷᠦᠯ ᠲᠡᠮᠳᠡᠭ᠎ᠢ ᠴᠤᠬᠴᠠᠯᠠᠵᠠᠢ᠃

ᠤᠷᠤᠯᠳᠤᠭᠠᠨ ᠲᠡᠮᠡᠴᠡᠭᠡᠨ᠎ᠢᠶᠡᠷ ᠬᠡᠷᠡᠭᠯᠡᠭᠡᠨ᠎ᠦ ᠰᠢᠨ᠎ᠡ ᠠᠬᠤᠢ᠎ᠵᠢ  ᠬᠦᠭᠵᠢᠬᠡᠪᠡ

6  ᠰᠠᠷ᠎ᠠ᠎ᠶᠢᠨ 14᠎ᠤ᠋ ᠡᠳᠦᠷ᠂ 2026  ᠯᠡᠨ ᠬᠸ ᠬᠸ ᠤᠯᠠᠭᠠᠨᠴᠠᠪ᠎ᠤᠨ ᠮᠠᠷᠠᠽᠤᠨ ᠤᠷᠤᠯᠳᠤᠭᠠᠨ ᠤᠯᠠᠭᠠᠨᠴᠠᠪ ᠬᠤᠳᠠ᠎ᠶᠢᠨ ᠪᠡᠶ᠎ᠠ ᠳᠠᠮᠢᠷ᠎ᠤᠨ ᠤᠷᠳᠤᠨ ᠡᠴᠡ ᠡᠬᠢᠯᠡᠪᠡ᠃

《ᠠᠡᠭᠬ᠎ᠠ ᠤᠳᠠᠭ᠎ᠠ ᠲᠠᠯ᠎ᠠ ᠨᠤᠳᠤᠭ᠎ᠤᠨ ᠮᠠᠷᠠᠽᠤᠨ ᠤᠷᠤᠯᠳᠤᠭᠠᠨ᠎ᠳᠤ ᠤᠷᠤᠯᠴᠠᠭᠠᠳ ᠶᠡᠭᠡ ᠰᠠᠢᠬᠠᠨ ᠪᠠᠢᠨ᠎ᠠ᠃ ᠲᠤᠬᠠᠢ ᠵᠢᠨ  ᠭᠠᠵᠠᠷ᠎ᠤᠨ ᠦᠢᠯᠡᠴᠢᠯᠡᠭᠡ ᠮᠠᠰᠢ ᠰᠠᠢᠨ᠂ ᠬᠦᠰᠡᠵᠦ ᠵᠤᠷᠢᠵᠦ ᠢᠷᠡᠭᠰᠡᠨ ᠭᠠᠯᠳᠤ ᠠᠭᠤᠯᠠ ᠵᠢᠨ ᠦᠵᠡᠮᠵᠢ ᠵᠢ ᠨᠢ ᠰᠤᠨᠢᠷᠬᠠᠵᠦ᠂ ᠮᠦᠽᠸᠢ ᠪᠡᠷ ᠨᠢ ᠲᠤᠭᠤᠷᠢᠯ᠎ᠠ᠂  ᠪᠠᠰᠠ ᠬᠤᠨᠢᠨ ᠮᠢᠬ᠎ᠠ ᠢᠳᠡᠵᠦ᠂ ᠰᠦ ᠲᠠᠢ ᠴᠠᠢ ᠤᠤᠭᠤᠯ᠎ᠠ  ᠁ ᠦᠨᠡᠭᠡᠷ ᠭᠤᠶᠤ ᠪᠠᠢᠨ᠎ᠠ 》 ᠬᠡᠵᠤ  ᠠᠯᠤᠰ ᠬᠤᠯᠠ ᠶᠦᠨᠨᠡᠨ ᠮᠤᠵᠢ ᠡᠴᠡ ᠵᠤᠷᠢᠵᠦ ᠢᠷᠡᠭᠰᠡᠨ ᠳ᠋ᠸᠡᠭ ᠴᠤᠤ ᠲᠢᠡᠭ ᠦᠪᠡᠷ᠎ᠤᠨ ᠰᠦᠯᠵᠢᠶᠡᠨ ᠲᠠᠪᠴᠠᠡᠭ᠎ᠳᠠᠭᠠᠨ ᠤᠯᠠᠭᠠᠨᠴᠠᠪ᠎ᠤᠨ ᠠᠶᠠᠯᠠᠯ ᠵᠢᠡᠨ ᠬᠤᠪᠢᠶᠠᠯᠴᠠᠵᠤ᠂ ᠰᠡᠳᠬᠢᠯ ᠬᠠᠨᠤᠮᠵᠢᠳᠠᠢ ᠪᠡᠷ ᠪᠤᠴᠠᠬᠤ ᠵᠠᠮ ᠵᠢᠡᠨ ᠡᠯᠬᠦᠪᠡ ᠃

ᠡᠯ᠎ᠠ ᠭᠠᠵᠠᠷ᠎ᠤᠨ ᠬᠤᠯᠠ ᠬᠦᠶᠦᠯᠳᠡ᠎ᠶᠢᠨ ᠳᠠᠮᠢᠷᠴᠢᠳ ᠪᠠᠬᠠᠳᠠᠳ 1 ᠲᠦᠮᠡ ᠭᠠᠷᠤᠢ ᠬᠦᠮᠦᠨ ᠲᠤᠰ ᠤᠳᠠᠭᠠᠨ᠎ᠤ ᠪᠡᠶ᠎ᠠ ᠵᠢᠨ ᠲᠠᠮᠢᠷ᠎ᠤᠨ ᠦᠪᠡᠳᠡᠭᠰᠢ ᠴᠤᠬᠯᠠᠭᠠᠨ᠎ᠢ ᠬᠠᠮᠳᠤ ᠪᠡᠷ ᠡᠳ᠋ᠯᠡᠭᠰᠡᠨ ᠵᠢᠡᠷ ᠪᠠᠷᠠᠬᠤ ᠦᠬᠡᠢ ᠤᠯᠠᠭᠠᠨᠴᠠᠪ᠎ᠤ᠋ᠨ ᠲᠠᠯ᠎ᠠ ᠨᠤᠳᠤᠭ᠎ᠤᠨ ᠦᠡᠭᠭᠡ ᠦᠵᠡᠮᠵᠢ ᠂ ᠰᠤᠶᠤᠯ ᠢᠷᠭᠡᠨᠰᠢᠯ᠎ᠤ᠋ᠨ ᠠᠭᠤᠯᠤᠬᠳᠠᠬᠤᠨ᠂ ᠤᠷᠤᠨ ᠨᠤᠳᠤᠭ᠎ᠤᠨ ᠤᠨᠴᠠᠯᠢᠬᠳᠤ ᠢᠳᠡᠭᠡᠨ ᠤᠮᠳᠠᠭᠠᠨ ᠵᠡᠷᠭᠡ ᠨᠢ ᠴᠸ᠋  ᠡᠨᠡ ᠤᠳᠠᠭᠠᠨ᠎ᠤ ᠮᠠᠷᠠᠽᠤᠨ ᠤᠷᠤᠯᠳᠤᠭᠠᠨ ᠵᠢᠡᠷ ᠲᠠᠮᠵᠢᠨ ᠬᠦᠮᠤᠰ ᠲᠦ᠍ ᠲᠠᠨᠢᠭᠳᠠᠵᠦ᠂ 《ᠤᠷᠤᠯᠳᠤᠭᠠᠨ ᠡᠷᠬᠢᠯᠡᠵᠤ ᠬᠤᠳᠠ ᠪᠡᠨ ᠮᠠᠨᠳᠤᠭᠤᠯᠬᠤ》 ᠵᠢ ᠦᠨᠡᠨ ᠬᠦ᠌ ᠪᠠᠶᠠᠯᠡᠬᠦᠯᠵᠦ ᠴᠢᠳᠠᠵᠠᠢ᠃

ᠭᠠᠳᠠᠷ ᠤᠷᠤᠨ ᠡᠴᠡ ᠬᠦᠷᠦᠯᠴᠡᠨ ᠢᠷᠡᠭᠰᠡᠨ ᠬᠤᠯᠠ ᠬᠦᠶᠦᠯᠳᠡ᠎ᠶᠢᠨ ᠪᠠᠬᠠᠳᠠᠳ ᠵᠦᠪᠭᠡᠨ 42.195  ᠺᠢᠯᠤᠮᠸᠲᠷ᠎ᠤᠨ ᠤᠷᠤᠯᠳᠤᠭᠠᠨ᠎ᠳᠤ ᠤᠷᠤᠯᠴᠠᠬᠤ ᠵᠢᠨ ᠲᠦᠯᠤᠭᠡ ᠪᠢᠰᠢ ᠶᠤᠮ᠃ ᠲᠡᠳᠡ ᠲᠦᠷᠤᠯ ᠰᠠᠳᠤᠨ᠂ ᠨᠠᠢᠵᠠ ᠨᠦᠬᠦᠳ ᠵᠢᠡᠨ ᠲᠠᠭᠠᠭᠤᠯᠤᠨ ᠳᠠᠯ᠎ᠠ ᠨᠤᠲᠤᠭ᠎ᠤᠨ ᠵᠤᠰᠠᠯᠠᠩ᠎ᠤᠨ ᠬᠤᠳᠠ ᠪᠡᠷ ᠵᠢᠭᠤᠯᠴᠢᠯᠠᠨ ᠲᠤᠭᠤᠷᠢᠵᠤ᠂ ᠠᠮᠳᠠᠳᠤ ᠢᠳᠡᠭᠡᠨ᠎ᠢ ᠠᠮᠰᠠᠵᠤ᠂ ᠨᠤᠳᠤᠭ ᠤᠰᠤᠨ᠎ᠤ ᠵᠠᠡᠭ ᠦᠢᠯᠡ ᠵᠢ ᠪᠠᠶᠠᠴᠢᠯᠠᠨ ᠦᠢᠯᠠᠭᠠᠵᠤ ᠶᠠᠪᠤᠭᠰᠡᠨ᠎ᠢᠶᠡᠷ 《ᠨᠢᠭᠡ ᠬᠦᠮᠤᠨ ᠤᠷᠤᠯᠳᠤᠭᠠᠨ᠎ᠳᠤ ᠤᠷᠤᠯᠴᠠᠵᠤ᠂ ᠤᠯᠠᠨ ᠬᠦᠮᠤᠨ ᠬᠡᠷᠡᠭᠯᠡᠭᠡ ᠵᠢ ᠲᠠᠢᠴᠢᠯᠠᠬᠤ》 ᠪᠡᠶ᠎ᠠ ᠵᠢᠨ ᠲᠠᠮᠢᠷ ᠵᠢᠭᠤᠯᠴᠢᠯᠠᠯ᠎ᠤᠨ ᠰᠢᠨ᠎ᠠ ᠵᠠᠬᠪᠤᠷ᠎ᠢ ᠪᠦᠷᠢᠯᠳᠤᠬᠦᠯᠵᠤ᠂ ᠪᠦᠬᠦ ᠬᠤᠳᠠ ᠵᠢᠨ ᠢᠳᠡᠭᠡᠨ ᠤᠮᠳᠠᠭᠠᠨ᠂ ᠬᠤᠨᠤᠭ ᠪᠠᠭᠤᠳᠠᠯ᠂ ᠰᠤᠶᠤᠯ ᠵᠢᠭᠤᠯᠴᠢᠯᠠᠯ᠂ ᠪᠠᠷᠠᠭ᠎ᠠ ᠬᠤᠳᠠᠯᠳᠤᠨ ᠠᠪᠬᠤ ᠵᠡᠷᠭᠡ ᠲᠡᠭᠡᠳᠤ ᠲᠤᠤᠷᠠᠳᠤ ᠤᠷᠤᠰᠬᠠᠯ᠎ᠤᠨ ᠡᠵᠡᠡᠭᠨᠡᠯᠳᠡ ᠵᠢᠨ ᠪᠠᠢᠳᠠᠯ ᠦᠷᠬᠦᠯᠵᠢᠯᠡᠨ ᠰᠠᠢᠵᠢᠷᠠᠬᠤ ᠵᠢ ᠲᠠᠢᠴᠢᠯᠠᠵᠤ ᠪᠠᠢᠨ᠎ᠠ᠃

2026 ᠯᠡᠨ ᠬᠸ ᠬᠸ ᠤᠯᠠᠭᠠᠨᠴᠠᠪ᠎ᠤᠨ ᠮᠠᠷᠠᠽᠤᠨ ᠤᠷᠤᠯᠳᠤᠭᠠᠨ ᠨᠢ ᠨᠢᠭᠡ ᠯᠡ ᠤᠳᠠᠭᠠᠨ᠎ᠤ ᠤᠬᠤᠷ ᠬᠤᠭᠤᠴᠠᠭᠠᠨ᠎ᠤ  ᠵᠢᠭᠤᠯᠴᠢᠯᠠᠬᠰᠠᠳ᠎ᠢ ᠲᠠᠲᠠᠬᠤ ᠬᠠᠭᠤᠴᠢᠨ ᠵᠠᠭᠪᠤᠷ᠎ᠢ ᠡᠪᠳᠡᠵᠤ᠂ 《ᠪᠡᠶ᠎ᠡ᠎ᠶᠢᠨ ᠲᠠᠮᠢᠷ + ᠰᠣᠶᠣᠯ + ᠵᠢᠭᠤᠯᠴᠢᠯᠠᠯ +  ᠬᠡᠷᠡᠭᠯᠡᠭᠡ + ᠪᠣᠬᠢᠷᠲᠤᠯ ᠥᠬᠡᠶ》 ᠲᠠᠪᠤ᠎ᠶᠢ ᠨᠢᠭᠡ ᠴᠣᠭᠴᠠᠵᠢᠭᠤᠯᠬᠤ ᠠᠭᠤᠰᠤᠯᠴᠠᠯ᠎ᠤᠨ ᠠᠷᠭ᠎ᠠ ᠵᠠᠮ ᠢ᠋ ᠭᠦᠨᠵᠡᠭᠡᠢ ᠥᠷᠭᠡᠳᠬᠡᠵᠦ᠍᠂ ᠲᠤᠰᠬᠠᠶ᠋ᠢᠯᠠᠨ ᠤᠯᠠᠭᠠᠨᠴᠠᠪ᠎ᠤᠨ ᠰᠣᠶᠣᠯ ᠵᠢᠭᠤᠯᠴᠢᠯᠠᠯ᠎ᠤᠨ ᠭᠤᠤᠯ ᠪᠤᠯᠬᠤ ᠡᠬᠢ ᠪᠠᠶᠠᠯᠢᠭ᠎ᠢ ᠬᠣᠯᠪᠣᠵᠤ᠂ ᠤᠯᠠᠭᠠᠨᠬᠠᠳᠠ ᠵᠢᠨ ᠭᠠᠯᠳᠤ ᠠᠭᠤᠯᠠ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠂  ᠬᠦᠢᠳᠡᠨᠰᠢᠯᠢ ᠵᠢᠨ ᠲᠠᠯ᠎ᠠ ᠨᠤᠳᠤᠭ᠂ ᠤᠯᠠᠭᠠᠨᠴᠠᠪ ᠬᠤᠳᠠ ᠵᠢᠨ ᠮᠦᠽᠸᠢ ᠵᠡᠷᠭᠡ 8 ᠵᠤᠷᠪᠤᠰ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠴᠣᠭᠴᠠᠯᠠᠨ᠂ 《ᠤᠷᠤᠯᠳᠤᠭᠠᠨ᠎ᠠᠴᠠ ᠡᠮᠦᠨ᠎ᠡ ᠲᠣᠭᠯᠠᠯᠲᠠ᠎ᠶᠢ ᠰᠣᠨᠢᠷᠬᠠᠬᠤ᠂ ᠤᠷᠤᠯᠳᠤᠭᠠᠨ᠎ᠳᠤ ᠤᠷᠤᠯᠴᠠᠬᠤ᠌᠂ ᠤᠷᠤᠯᠳᠤᠭᠠᠨ᠎ᠤ  ᠳᠠᠷᠠᠭ᠎ᠠ ᠲᠠᠪᠠᠳᠠᠢ ᠵᠢᠭᠤᠯᠴᠢᠯᠠᠬᠤ》 ᠪᠦᠷᠢᠨ ᠪᠦᠲᠦᠨ ᠦᠢᠯᠡᠴᠢᠯᠡᠭᠡᠨ᠎ᠦ ᠬᠡᠯᠬᠢᠶ᠎ᠠ ᠵᠢ ᠲᠡᠬᠦᠯᠳᠡᠷᠵᠢᠬᠦᠯᠪᠡ᠃ ᠤᠷᠤᠯᠳᠤᠭᠠᠨ᠎ᠤ ᠵᠤᠬᠢᠶᠠᠨ ᠪᠠᠢᠭᠤᠯᠬᠤ ᠨᠢᠭᠡᠴᠡ ᠡᠴᠡ 《ᠪᠢᠯᠧᠲ ᠵᠢᠡᠷ ᠮᠦᠡᠭᠭᠦ ᠵᠢ ᠤᠷᠤᠯᠠᠭᠤᠯᠬᠤ 》 ᠠᠷᠠᠳ ᠲᠸ᠋ ᠠᠰᠢᠭ ᠬᠦᠷᠳᠡᠬᠡᠬᠦ ᠲᠥᠷᠥ᠎ᠶᠢᠨ ᠪᠣᠳᠣᠯᠭ᠎ᠠ ᠵᠢ ᠲᠡᠰ ᠲᠡᠪᠰᠢᠬᠦᠯᠤᠨ ᠬᠡᠷᠡᠭᠵᠢᠬᠦᠯᠵᠤ᠂ ᠪᠥᠬᠥ᠌ ᠬᠣᠲᠠ᠎ᠶᠢᠨ A  ᠲᠠᠰ᠎ᠤᠨ 44 ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠤᠨᠴᠠᠯᠢᠬᠳᠤ ᠠᠷᠠᠳ᠎ᠤᠨ ᠰᠠᠭᠤᠴᠠ᠂ ᠲᠠᠯ᠎ᠠ ᠨᠤᠲᠤᠭ᠎ᠤᠨ ᠢᠳᠡᠭᠡᠨ ᠤᠮᠳᠠᠭᠠᠨ᠂ ᠣᠨᠴᠠ ᠭᠠᠷᠤᠯᠲᠠ᠎ᠶᠢᠨ ᠬᠤᠳᠠᠯᠳᠤᠭᠠᠴᠢᠨ᠎ᠲᠠᠶ ᠬᠣᠯᠪᠣᠭᠠᠯᠠᠨ᠂ ᠤᠷᠤᠯᠳᠤᠭᠠᠨ᠎ᠳᠤ ᠣᠷᠣᠯᠴᠠᠭᠰᠠᠳ᠎ᠡᠴᠡ ᠡᠭᠦᠳᠡᠨ ᠪᠢᠯᠧᠲ ᠬᠤᠷᠢᠶᠠᠬᠤ ᠥᠬᠡᠶ᠂ ᠪᠤᠰᠤᠳ ᠵᠠᠷᠤᠳᠠᠯ᠎ᠢ ᠬᠢᠮᠳᠠᠷᠠᠭᠤᠯᠬᠤ ᠵᠡᠷᠭᠡ ᠤᠯᠠᠨ ᠲᠠᠪᠬᠤᠷ ᠬᠠᠷᠠᠭᠠᠯᠵᠠᠯ᠎ᠤᠨ ᠲᠦᠷᠢᠮ ᠭᠠᠷᠭᠠᠵᠤ᠂ 《ᠬᠤᠭᠤᠯᠠ ᠤᠮᠳᠠ ᠬᠤᠨᠤᠭ ᠪᠠᠭᠤᠳᠠᠯ ᠠᠶᠠᠯᠠᠯ ᠵᠢᠭᠤᠯᠴᠢᠯᠠᠯ ᠬᠤᠳᠠᠯᠳᠤᠭ᠎ᠠ ᠵᠤᠭ᠎ᠠ ᠴᠡᠩᠭᠡᠯ》 ᠤ᠋ᠨ ᠪᠥᠬᠥ᠌ ᠬᠡᠷᠡᠭᠯᠡᠭᠡᠨ᠎ᠦ ᠪᠠᠶ᠋ᠢᠳᠠᠯ᠎ᠢ ᠬᠠᠮᠤᠷᠴᠤ᠌᠂ ᠦᠷᠭᠡᠨ ᠤᠯᠠᠨ ᠪᠡᠶ᠎ᠠ ᠵᠢᠨ ᠳᠠᠮᠢᠷ᠎ᠤᠨ ᠪᠠᠬᠠᠳᠠᠳ᠎ᠲᠦ ᠤᠯᠠᠭᠠᠨᠴᠠᠪ ᠬᠤᠳᠠ ᠵᠢᠨ ᠰᠤᠶᠤᠯ ᠵᠢᠭᠤᠯᠴᠢᠯᠠᠯ᠎ᠤ᠋ᠨ ᠬᠡᠷᠡᠭᠯᠡᠭᠡᠨ᠎ᠤ ᠰᠢᠨ᠎ᠠ ᠦᠢᠯᠠᠭᠠᠯᠳᠠ ᠵᠢ ᠡᠳ᠋ᠯᠡᠬᠦᠯᠵᠤ᠂ ᠪᠥᠬᠥ᠌ ᠬᠣᠲᠠ ᠵᠢᠨ ᠬᠡᠷᠡᠭᠯᠡᠭᠡᠨ᠎ᠤ ᠰᠢᠨ᠎ᠠ ᠠᠮᠢᠵᠢᠷᠠᠯ᠎ᠤᠨ ᠬᠦᠴᠤᠨ᠎ᠢ ᠬᠦᠭᠵᠢᠭᠡᠪᠡ᠃

《ᠥᠩᠭᠡᠷᠡᠭᠰᠡᠨ᠎ᠳᠦ ᠮᠠᠰᠢ ᠣᠯᠠᠨ ᠵᠢᠭᠤᠯᠴᠢᠯᠠᠬᠰᠠᠳ ᠥᠪᠥᠷ ᠮᠣᠩᠭᠣᠯ᠎ᠳᠤ ᠢᠷᠡᠪᠡᠯ᠂ ᠣᠯᠠᠩᠬᠢ᠎ᠨᠢ ᠲᠣᠭᠲᠠᠮᠠᠯ ᠦᠵᠡᠮᠵᠢ᠎ᠶᠢᠨ ᠴᠡᠭ ᠵᠢᠡᠷ ᠨᠢᠭᠡ ᠲᠤᠭᠤᠷᠢᠪᠡᠯ ᠪᠤᠴᠠᠴᠢᠬᠠᠳᠠᠭ ᠪᠤᠯᠬᠤᠷ ᠬᠡᠷᠡᠭᠯᠡᠭᠡ᠎ᠨᠢ ᠡᠭᠦᠳᠡᠨ ᠪᠢᠯᠧᠲ ᠡᠴᠡ ᠦᠬᠡᠷ᠎ᠠ ᠪᠠᠷᠤᠭ ᠪᠠᠢᠳᠠᠭ ᠦᠬᠡᠢ᠃ ᠣᠲᠣ ᠪᠢᠳᠡ ᠤᠷᠤᠯᠳᠤᠭᠠᠨ᠎ᠢᠶᠠᠷ ᠠᠳᠠᠯᠢ ᠪᠤᠰᠤ ᠦᠵᠡᠮᠵᠢ᠎ᠶᠢᠨ ᠴᠡᠭ᠎ᠢ ᠬᠣᠯᠪᠣᠵᠤ᠂ ᠵᠢᠭᠤᠯᠴᠢᠯᠠᠬᠰᠠᠳ᠎ᠢ ᠢᠯᠡᠭᠦᠦ ᠬᠡᠳᠦᠨ ᠡᠳᠦᠷ ᠵᠢᠭᠤᠯᠴᠢᠯᠠᠭᠤᠯᠤᠨ᠂ ᠳᠠᠢᠪᠤᠩ ᠳᠠᠪᠠᠳᠠᠢ ᠪᠡᠶᠡᠴᠢᠯᠡᠨ ᠣᠶ᠋ᠢᠯᠠᠭᠠᠯᠳᠠ ᠵᠢ ᠬᠦᠨᠵᠡᠭᠡᠢᠷᠡᠬᠦᠯᠬᠦ ᠵᠢ ᠠᠬᠢᠭᠤᠯᠵᠤ ᠪᠠᠢᠨ᠎ᠠ 》  ᠬᠡᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠶᠠᠷᠢᠪᠠ ᠃

2025 ᠣᠨ᠎ᠤ ᠤᠯᠤᠰ᠎ᠤᠨ ᠪᠠᠶᠠᠷ᠂ ᠨᠢ᠋ᠮᠠᠨ ᠰᠠᠷ᠎ᠠ ᠵᠢᠨ ᠲᠡᠷᠭᠡᠯ ᠪᠠᠶᠠᠷ᠎ᠤᠨ ᠬᠤᠭᠤᠴᠠᠭᠠᠨ᠎ᠳᠤ᠂ ᠪᠥᠬᠥ᠌ ᠣᠷᠣᠨ᠎ᠢᠶᠠᠷ᠎ᠢᠶᠠᠨ 《 ᠤᠷᠤᠯᠳᠤᠭᠠᠨ᠎ᠢ᠎ᠲᠠᠭᠠᠨ ᠵᠢᠭᠤᠯᠴᠢᠯᠠᠬᠤ 》 ᠭᠤᠤᠯ ᠰᠡᠳᠦᠪ᠎ᠦᠨ ᠲᠣᠭᠣᠷᠢᠨ᠎ᠳᠤ 80 ᠵᠦᠢᠯ᠎ᠤᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠵᠢᠴᠢ ᠠᠵᠢᠯᠯᠠᠭ᠎ᠠ ᠡᠷᠭᠢᠯᠡᠵᠦ᠍᠂ ᠬᠥᠯ ᠪᠥᠮᠪᠥᠭᠡ᠂ ᠭᠦᠶᠦᠬᠦ᠌᠂ ᠲᠤᠭᠤᠢ ᠤᠨᠤᠬᠤ᠂ ᠭᠡᠭᠡᠷ᠎ᠡ ᠭᠠᠳᠠᠨ᠎ᠠ  ᠪᠠᠷᠳᠠᠭ᠎ᠠ ᠬᠠᠢᠬᠤ  ᠵᠡᠷᠭᠡ ᠣᠯᠠᠨ ᠲᠥᠷᠥᠯ᠎ᠢ  ᠬᠠᠮᠤᠷᠴᠤ᠌᠂ 115  ᠲᠦᠮᠡᠨ ᠬᠥᠮᠦᠨ ᠤᠳᠠᠭ᠎ᠠ ᠣᠷᠣᠯᠴᠠᠵᠤ᠂ ᠶᠡᠷᠦᠩᠬᠡᠶ᠋ᠢᠯᠡᠭᠰᠡᠨ ᠬᠡᠷᠡᠭᠯᠡᠭᠡ᠎ᠶᠢ 5 ᠳ᠋ᠦᠩᠰᠢᠭᠤᠷ ᠲᠥᠭᠥᠷᠢᠭ ᠳᠠᠶ᠋ᠢᠴᠢᠯᠠᠪᠠ᠃ ᠠᠳᠠᠯᠢ ᠬᠤᠭᠤᠴᠠᠭᠠᠨ᠎ᠳᠤ ᠭᠠᠷᠭᠠᠭᠰᠠᠨ 29 ᠵᠤᠷᠪᠤᠰ ᠪᠡᠶ᠎ᠡ᠎ᠶᠢᠨ ᠲᠠᠮᠢᠷ᠎ᠤᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠨᠢ ᠳᠠᠯᠠᠨ ᠬᠠᠷ᠎ᠠ ᠠᠭᠤᠯᠠ᠂ ᠬᠥᠪᠴᠢ᠎ᠶᠢᠨ ᠡᠯᠡᠰᠦ᠂ ᠡᠷᠭᠦᠨ᠎ᠡ᠎ᠶᠢᠨ ᠬᠢᠯᠢ᠎ᠶᠢᠨ ᠱᠤᠭᠤᠮ ᠵᠡᠷᠭᠡ ᠵᠢ ᠬᠠᠮᠤᠷᠴᠤ᠂ ᠪᠦᠬᠦ ᠤᠷᠤᠨ᠎ᠤ  ᠪᠠᠢᠭᠠᠯᠢ ᠵᠢᠨ ᠦᠡᠭᠭᠡ ᠦᠵᠡᠮᠵᠢ ᠬᠢᠭᠡᠳ ᠰᠤᠶᠤᠯ ᠢᠷᠭᠡᠨᠰᠢᠯ᠎ᠤᠨ ᠭᠠᠵᠠᠷ ᠵᠦᠢ᠎ᠵᠢᠨ ᠲᠡᠮᠳᠡᠭ᠎ᠢ ᠤᠷᠭᠠᠨᠢᠭ ᠵᠢᠡᠷ ᠬᠤᠯᠪᠤᠵᠤ᠂ 《 ᠨᠢᠭᠡ ᠡᠳᠦᠷ᠎ᠤᠨ ᠤᠷᠤᠯᠳᠤᠭᠠᠨ ᠵᠢᠡᠷ ᠤᠯᠠᠨ ᠬᠤᠨᠤᠭ ᠵᠢᠭᠤᠯᠴᠢᠯᠠᠬᠤ᠂ ᠨᠢᠭᠡ ᠬᠥᠮᠦᠨ ᠤᠷᠤᠯᠳᠤᠭᠠᠨ᠎ᠳᠤ ᠣᠷᠣᠯᠴᠠᠵᠤ᠂ ᠪᠥᠬᠥ᠌ ᠬᠡᠷ᠎ᠢᠶᠡᠷ᠎ᠢᠶᠡᠨ ᠬᠠᠮᠲᠤ᠌ ᠵᠢᠭᠤᠯᠴᠢᠯᠠᠬᠤ》 ᠤᠯᠠᠨ ᠡᠰᠢᠳᠤ ᠬᠡᠷᠡᠭᠯᠡᠭᠡᠨ᠎ᠦ  ᠪᠠᠶ᠋ᠢᠷᠢᠰᠢᠯ ᠎ᠢ  ᠦᠨᠡᠨ ᠬᠦ᠌  ᠪᠡᠶᠡᠯᠡᠭᠦᠯᠵᠠᠢ᠃

ᠲᠦᠷᠪᠡᠨ ᠤᠯᠠᠷᠢᠯ᠎ᠤᠨ ᠬᠦᠭᠵᠢᠶᠡᠨᠳᠦ ᠵᠢᠭᠤᠯᠴᠢᠯᠠᠯ᠎ᠢ ᠴᠤᠭᠴᠠᠯᠠᠪᠠ

ᠪᠡᠭᠡᠵᠢᠩ᠎ᠤᠨ ᠵᠢᠭᠤᠯᠴᠢᠯᠠᠬᠴᠢ ᠯᠢ ᠠᠪᠠᠬᠠᠢ᠂ ᠡᠨᠡ ᠵᠤᠨ ᠬᠡᠦᠬᠡᠳ᠎ᠢᠶᠡᠨ ᠳᠠᠭᠠᠭᠤᠯᠤᠨ ᠬᠥᠯᠥᠨ ᠪᠤᠢ᠌ᠷ᠎ᠤᠨ ᠲᠠᠯ᠎ᠠ ᠨᠤᠲᠤᠭ᠎ᠢᠶᠡᠷ ᠳᠤᠭᠤᠢ ᠤᠨᠤᠵᠦ ᠠᠶᠠᠯᠠᠬᠤ ᠠᠵᠢᠯᠯᠠᠭ᠎ᠠ᠎ᠳᠤ ᠣᠷᠣᠯᠴᠠᠵᠤ᠂ ᠡᠷᠭᠦᠨ᠎ᠡ ᠭᠣᠣᠯ᠎ᠢ ᠲᠠᠭᠠᠨ ᠪᠦᠬᠦᠯᠢ 3 ᠡᠳᠦᠷ ᠠᠶᠠᠯᠠᠵᠠᠢ᠃ 《ᠤᠤᠯ᠎ᠳᠠᠭᠠᠨ ᠥᠪᠥᠷ ᠮᠣᠩᠭᠣᠯ᠎ᠳᠤ ᠢᠷᠡᠪᠡᠯ ᠲᠠᠯ᠎ᠠ ᠨᠤᠲᠤᠭ᠎ᠲᠤ᠌ ᠰᠡᠭᠦᠳᠡᠷ ᠲᠠᠲᠠᠵᠤ᠂ ᠠᠷᠪᠠᠨ ᠬᠡᠳᠦᠨ ᠮᠢᠨᠦ᠋ᠲ ᠮᠤᠷᠢ ᠤᠨᠤᠵᠤ᠂ ᠮᠠᠯᠴᠢᠨ ᠠᠢᠯ᠎ᠳᠤ ᠨᠢᠭᠡ ᠴᠠᠭ ᠬᠤᠭᠤᠯᠠ ᠢᠳᠡᠪᠡᠯ ᠬᠠᠷᠢᠴᠢᠬᠠᠳᠠᠭ᠃ ᠡᠨᠡ ᠤᠳᠠᠭ᠎ᠠ ᠬᠢᠯᠢ᠎ᠶᠢᠨ ᠱᠤᠭᠤᠮ᠎ᠢᠶᠠᠷ ᠲᠤᠭᠤᠢ ᠲᠠᠢ ᠠᠶᠠᠯᠠᠬᠰᠠᠨ ᠨᠢ ᠠᠳᠠᠯᠢ ᠪᠤᠰᠤ ᠦᠵᠡᠮᠵᠢ᠎ᠶᠢ ᠣᠯᠵᠤ ᠬᠠᠷᠠᠵᠠᠢ᠂ ᠬᠡᠦᠬᠡᠳ ᠪᠠᠰᠠ ᠮᠠᠰᠢ ᠤᠯᠠᠨ ᠮᠠᠯᠵᠢᠬᠤ ᠣᠷᠣᠨ᠎ᠤ ᠪᠢᠴᠢᠬᠠᠨ ᠨᠠᠢᠵᠠ᠎ᠲᠠᠶ  ᠲᠠᠨᠢᠯᠴᠠᠭᠰᠠᠨ᠂ ᠡᠨᠡ ᠰᠠᠶᠢ ᠵᠢᠩᠬᠢᠨᠢ ᠲᠠᠯ᠎ᠠ ᠨᠤᠳᠤᠭ ᠲᠡᠬᠢ ᠲᠠᠪᠠᠳᠠᠢ ᠵᠢᠭᠤᠯᠴᠢᠯᠠᠯ ᠪᠤᠯᠵᠠᠢ》 ᠬᠡᠵᠤ ᠯᠢ ᠠᠪᠠᠬᠠᠢ ᠰᠡᠳᠬᠢᠭᠳᠡᠯ ᠵᠢᠡᠨ ᠬᠤᠪᠢᠶᠠᠯᠴᠠᠨ᠎ᠠ᠃ ᠯᠢ ᠠᠪᠠᠬᠠᠢ ᠰᠢᠭ᠋ ᠭᠠᠳᠠᠷ ᠤᠷᠤᠨ᠎ᠤ ᠵᠢᠭᠤᠯᠴᠢᠯᠠᠬᠴᠢ ᠶᠠᠪᠤᠬᠤ ᠲᠤᠳᠤᠮ ᠣᠯᠠᠰᠢᠷᠠᠵᠤ᠂ ᠲᠡᠳᠡ ᠲᠠᠯ᠎ᠠ ᠨᠤᠲᠤᠭ  ᠲᠸ᠋ ᠶᠠᠪᠤᠬᠳᠠᠵᠤ ᠪᠠᠢᠭ᠎ᠠ ᠡᠯ᠎ᠠ ᠵᠦᠢᠯ᠎ᠤᠨ ᠲᠠᠮᠢᠷ᠎ᠤᠨ ᠬᠥᠳᠡᠯᠭᠡᠭᠡᠨ᠎ᠦ ᠪᠠᠶᠠᠷ  ᠪᠠᠬᠠᠳᠤᠯ᠎ᠢ  ᠡᠳ᠋ᠯᠡᠵᠤ᠂ ᠦᠷᠭᠡᠨ ᠠᠭᠤᠳᠠᠮ ᠲᠠᠯ᠎ᠠ ᠨᠤᠳᠤᠭ᠂ ᠤᠢ ᠬᠦᠪᠴᠢ᠂ ᠡᠯᠡᠰᠤᠨ ᠴᠦᠯ᠎ᠳᠤ ᠤᠯᠠ ᠮᠦᠷ᠎ᠢᠶᠡᠨ ᠦᠯᠡᠳᠡᠭᠡᠵᠤ᠂ ᠰᠠᠢᠬᠠᠨ ᠲᠤᠷᠠᠳᠬᠠᠯ ᠦᠯᠡᠳᠡᠭᠡᠵᠦ ᠶᠠᠪᠤᠨ᠎ᠠ᠃

ᠰᠢᠯᠢ᠎ᠶ᠋ᠢᠨ ᠭᠣᠣᠯ ᠠᠢᠮᠠᠭ︽ᠦᠯᠵᠡᠢᠳᠤ ᠡᠳᠦᠷ᠎ᠤᠨ ᠨᠠᠭᠠᠳᠤᠮ︾ᠤ᠋ᠨ ᠲᠥᠷᠥᠯ ᠲᠡᠮᠳᠡᠭ᠎ᠲᠦ᠍ ᠲᠦᠰᠢᠭᠯᠡᠨ᠂ ᠮᠣᠷᠢ ᠣᠷᠣᠯᠳᠣᠬᠤ᠂ ᠪᠥᠬᠡ ᠪᠠᠷᠢᠯᠳᠤᠬᠤ ᠵᠡᠷᠭᠡ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤ᠋ᠨ ᠲᠥᠷᠥᠯ ᠵᠦᠢᠯ᠎ᠢ᠋ ᠵᠢᠯ ᠲᠤᠷᠰᠢ ᠲᠠᠯ᠎ᠠ ᠨᠤᠲᠤᠭ᠎ᠤ᠋ᠨ ᠦᠵᠡᠮᠵᠢ᠎ᠶ᠋ᠢᠨ ᠣᠷᠣᠨ᠎ᠳ᠋ᠤ᠌ ᠡᠷᠬᠢᠯᠡᠨ ᠶᠠᠪᠤᠭᠳᠠᠭᠤᠯᠵᠦ᠂ ᠵᠢᠭᠤᠯᠴᠢᠯᠠᠭᠰᠠᠳ᠎ᠤᠨ ᠬᠦᠷᠢᠶᠡᠯᠡᠯ᠎ᠢ ᠤᠯᠵᠠᠢ᠃ ᠮᠠᠯᠴᠢᠨ ᠡᠷᠳᠡᠨᠢ᠄︽ᠡᠮᠦᠨ᠎ᠡ ᠬᠡᠳᠦᠨ ᠵᠢᠯ ᠴᠠᠭᠠᠨ ᠰᠢᠬᠦᠳᠡᠷᠢ ᠪᠣᠯᠣᠮᠠᠭᠴᠠ ᠲᠠᠯ᠎ᠠ ᠨᠤᠲᠤᠭ᠎ᠤ᠋ᠨ ᠵᠢᠭᠤᠯᠴᠢᠯᠠᠭᠰᠠᠳ ᠶᠡᠬᠡᠳᠡ ᠴᠦᠬᠡᠷᠡᠵᠦ᠂ ᠮᠠᠨ᠎ᠤ ᠵᠢᠭᠤᠯᠴᠢᠯᠠᠯ᠎ᠤᠨ ᠭᠠᠵᠠᠷ ᠬᠠᠭᠠᠰ ᠵᠢᠯ ᠤᠷᠤᠯᠭ᠎ᠠ ᠦᠬᠡᠢ ᠪᠤᠯᠴᠢᠬᠠᠳᠠᠭ᠃ ᠣᠳᠣ ᠵᠢᠯ᠎ᠦ᠋ᠨ ᠳᠥᠷᠪᠡᠨ ᠤᠯᠠᠷᠢᠯ᠎ᠳ᠋ᠤ᠌ ᠮᠣᠷᠢᠨ ᠮᠡᠷᠭᠡᠵᠢᠯ᠎ᠦ᠋ᠨ ᠤᠷᠤᠯᠳᠤᠭᠠᠨ᠂ ᠨᠠᠢᠷ ᠨᠠᠭᠠᠳᠤᠮ ᠡᠬᠡᠯᠵᠢᠯᠡᠨ ᠶᠠᠪᠤᠭᠳᠠᠵᠤ᠂ ᠡᠪᠦᠯ᠎ᠦ᠋ᠨ ᠤᠯᠠᠷᠢᠯ᠎ᠤᠨ ᠮᠣᠩᠭᠣᠯ ᠮᠣᠷᠢᠨ᠎ᠤ᠋ ᠤᠷᠤᠯᠳᠤᠭᠠᠨ᠎ᠬᠠᠮᠤᠭ ᠤᠯᠠᠨ ᠬᠦᠮᠦᠨ ᠲᠠᠢ᠂ ᠡᠪᠦᠯ᠎ᠦ᠋ᠨ ᠣᠷᠣᠯᠭ᠎ᠠ ᠪᠦᠬᠦ ᠵᠢᠯ᠎ᠦ᠋ᠨ ᠤᠷᠤᠯᠭ᠎ᠠ᠎ᠶᠢᠨ ᠳᠥᠷᠪᠡᠨ ᠬᠤᠪᠢ᠎ᠶ᠋ᠢ ᠡᠵᠡᠯᠡᠵᠦ᠂ ᠵᠢᠭᠤᠯᠴᠢᠯᠠᠭᠴᠢ ᠪᠠᠰᠠ ᠴᠠᠭᠠᠨ ᠢᠳᠡᠭᠡ ᠂ ᠮᠣᠷᠢᠨ ᠡᠳ᠋ᠯᠡᠯ ᠵᠡᠷᠭᠡ᠎ᠶ᠋ᠢ ᠬᠤᠳᠠᠯᠳᠤᠨ ᠠᠪᠴᠤ᠂ ᠪᠣᠷᠣᠯᠠᠭᠤᠯᠭ᠎ᠠ ᠵᠢᠯ᠎ᠡᠴᠡ ᠵᠢᠯ ᠰᠠᠢᠨ ᠪᠤᠯᠵᠦ ᠪᠠᠢᠨ᠎ᠠ》 ᠬᠡᠵᠦ ᠪᠠᠶᠠᠷᠳᠠᠢᠬᠠᠨ ᠬᠡᠯᠡᠨ᠎ᠠ᠃ ᠾᠧᠪᠧᠢ᠎ᠶᠢᠨ ᠵᠢᠭᠤᠯᠴᠢᠯᠠᠭᠴᠢ ᠯᠢ ᠰᠢᠨ ᠲᠤᠰᠬᠠᠢᠯᠠᠨ ᠬᠡᠦᠬᠡᠳ᠎ᠢ᠋ᠶ᠋ᠡᠨ ᠳᠠᠭᠠᠭᠤᠯᠤᠨ ᠨᠠᠭᠠᠳᠤᠮ᠎ᠤ᠋ᠨ ᠲᠠᠯᠠᠪᠠᠢ᠎ᠳ᠋ᠤ᠌ ᠬᠦᠷᠴᠦ ᠢᠷᠡᠭᠡᠳ᠄ ︽ᠵᠤᠨ᠎ᠤ᠋ ᠠᠮᠠᠷᠠᠯᠲᠠ᠎ᠵᠢ ᠲᠤᠬᠢᠶᠠᠯᠳᠤᠭᠤᠯᠤᠨ ᠡᠨᠳᠡ ᠵᠢᠭᠤᠯᠴᠢᠯᠠᠬᠤ ᠪᠡᠷ ᠢᠷᠡᠭᠡᠳ ᠮᠣᠷᠢ ᠤᠨᠤᠵᠤ ᠨᠤᠮᠤ ᠰᠤᠮᠤ ᠬᠠᠷᠪᠤᠬᠤ᠂ ᠮᠣᠩᠭᠣᠯ ᠦᠨᠳᠦᠰᠦᠲᠡᠨ᠎ᠦ᠌ ᠤᠯᠠᠮᠵᠢᠯᠠᠯᠲᠤ ᠤᠷᠤᠯᠳᠤᠭᠠᠨ᠎ᠢ᠋ ᠪᠡᠶᠡᠴᠢᠯᠡᠨ ᠤᠢᠯᠠᠭᠠᠭᠰᠠᠨ᠂ ᠦᠨᠡᠬᠡᠷ ᠰᠠᠨᠠᠭᠠᠨ ᠡᠴᠡ  ᠭᠠᠳᠠᠭᠤᠷ᠂ ᠪᠢᠳᠡ ᠳᠠᠷᠠᠭ᠎ᠠ ᠭᠠᠷᠠᠭ᠎ᠤ᠋ᠨ ᠠᠶᠠᠯᠠᠯ᠎ᠢᠶᠡᠷ ᠠᠷᠠᠳ᠎ᠦ᠋ᠨ ᠵᠠᠩ ᠦᠢᠯᠡ᠎ᠶ᠋ᠢ ᠭᠦᠨᠵᠡᠭᠡᠢ ᠪᠡᠶᠡᠴᠢᠯᠡᠨ ᠤᠢᠯᠠᠭᠠᠬᠤ ᠪᠡᠷ ᠪᠤᠯᠤᠭᠰᠠᠨ᠂ ᠡᠢᠮᠦᠷᠬᠦᠦ ᠪᠡᠶᠡᠴᠢ ᠤᠢᠯᠠᠭᠠᠯᠳᠠ᠎ᠶᠢᠨ ᠵᠢᠭᠤᠯᠴᠢᠯᠠᠯ᠎ᠢ ᠡᠩ᠎ᠦ᠋ᠨ ᠦᠵᠡᠮᠵᠢ᠎ᠶ᠋ᠢᠨ ᠭᠠᠵᠠᠷ ᠡᠴᠡ ᠡᠳ᠋ᠯᠡᠵᠦ ᠳᠡᠢᠯᠬᠦ ᠦᠭᠡᠢ 》 ᠭᠡᠵᠦ ᠤᠯᠵᠠᠭᠤᠷᠬᠠᠨ ᠬᠡᠯᠡᠨ᠎ᠠ᠃

ᠠᠯᠠᠱᠠ ᠠᠢᠮᠠᠭ᠎ᠤᠨ ᠡᠯᠡᠰᠦᠨ ᠴᠦᠯ᠎ᠤᠨ ᠪᠠᠭᠠᠳᠤᠷᠴᠤᠳ᠎ᠤᠨ ᠴᠤᠭᠯᠠᠭᠠᠨ ᠨᠢ ᠪᠦᠬᠦ ᠤᠯᠤᠰ᠎ᠤ᠋ᠨ ᠴᠢᠨᠠᠷᠲᠠᠢ ᠪᠡᠶ᠎ᠡ᠎ᠶ᠋ᠢᠨ ᠲᠠᠮᠢᠷ᠎ᠤ᠋ᠨ ᠴᠤᠭᠯᠠᠭᠠᠨ᠎ᠪᠤᠯᠵᠦ᠂ ᠨᠠᠮᠤᠷ ᠪᠣᠯᠬᠤ ᠪᠦᠷᠢ ᠪᠦᠬᠦ ᠤᠯᠤᠰ᠎ᠤ᠋ᠨ ᠡᠯ᠎ᠡ ᠭᠠᠵᠠᠷ ᠣᠷᠣᠨ᠎ᠤ᠋ 1 ᠲᠦᠮᠡ ᠭᠠᠷᠤᠢ ᠡᠯᠡᠰᠦᠨ ᠴᠦᠯ᠎ᠳᠦ ᠬᠡᠬᠡᠷᠡᠯᠡᠬᠦ ᠪᠠᠬᠠᠳᠠᠳ ᠴᠤᠭᠯᠠᠷᠠᠨ᠂ ᠨᠡᠯᠦᠭᠡᠷ ᠭᠣᠪᠢ᠎ᠶ᠋ᠢ ᠵᠢᠭᠤᠯᠴᠢᠯᠠᠯ᠎ᠤᠨ ᠬᠠᠯᠠᠮᠰᠢᠯ ᠵᠣᠷᠢᠯᠳᠠᠳᠦ ᠭᠠᠵᠠᠷ ᠪᠣᠯᠭᠠᠨ ᠬᠤᠪᠢᠷᠠᠭᠤᠯᠵᠠᠢ᠃

ᠠᠯᠠᠱᠠ ᠵᠡᠭᠦᠨ ᠬᠤᠰᠢᠭᠤᠨ᠎ᠤ᠋ ᠰᠢᠨᠡᠲᠣᠬᠣᠢ ᠭᠠᠴᠠᠭᠠᠨ᠎ᠤ᠋ ᠮᠠᠯᠴᠢᠨ ᠵᠠᠩ ᠬᠤᠢ ᠱᠧᠩ᠂ ᠨᠤᠲᠤᠭ᠎ᠤ᠋ᠨ ᠠᠬ᠎ᠠ ᠳᠡᠭᠦᠦ ᠨᠠᠷ᠎ᠲᠠᠢ ᠪᠡᠨ ᠬᠠᠮᠲᠤᠷᠠᠨ ᠮᠠᠯᠴᠢᠨ ᠠᠢᠯ᠎ᠤ᠋ᠨ ᠵᠢᠭᠤᠯᠴᠢᠯᠠᠯ ᠡᠷᠬᠢᠯᠡᠬᠦ᠂ ᠡᠯᠡᠰᠦᠨ ᠴᠦᠯ᠎ᠦ᠋ᠨ ᠬᠡᠭᠡᠷᠡᠯᠡᠨ ᠠᠶᠠᠯᠠᠬᠤ ᠬᠦᠳᠦᠴᠢ ᠪᠤᠯᠵᠦ ᠠᠰᠢᠭ ᠤᠷᠤᠯᠭ᠎ᠠ ᠦᠯᠡᠮᠵᠢ ᠤᠯᠤᠨ᠎ᠠ᠂ ᠲᠡᠷᠡ᠄︽ᠪᠠᠭᠠᠲᠤᠷᠴᠤᠳ᠎ᠤᠨ ᠴᠤᠭᠯᠠᠭᠠᠨ ᠡᠨᠳᠡ ᠬᠢᠬᠦ ᠪᠡᠷ ᠪᠤᠯᠤᠭᠰᠠᠨ ᠡᠴᠡ ᠪᠢᠳᠡ ᠮᠠᠯᠵᠢᠬᠤ᠎ᠪᠠᠨ ᠵᠣᠭᠰᠣᠵᠤ᠂ ᠵᠢᠭᠤᠯᠴᠢᠯᠠᠯ᠎ᠤᠨ ᠦᠢᠯᠡᠰ ᠡᠷᠬᠢᠯᠡᠨ᠂ ᠪᠦᠬᠦ ᠲᠣᠰᠬᠣᠨ᠎ᠤ᠋ 20 ᠭᠠᠷᠤᠢ ᠡᠷᠦᠬᠡ ᠠᠷᠠᠳ᠎ᠤ᠋ᠨ ᠰᠠᠭᠤᠴᠠ ᠪᠣᠯᠤᠨ ᠡᠯᠡᠰᠦᠨ ᠴᠦᠯ᠎ᠢ᠋  ᠣᠢᠯᠠᠭᠠᠬᠤ ᠲᠥᠷᠥᠯ ᠵᠦᠢᠯ᠎ᠢ᠋ ᠡᠷᠬᠢᠯᠡᠵᠦ᠂ ᠡᠷᠦᠬᠡ ᠪᠣᠯᠭᠠᠨ᠎ᠤ ᠵᠢᠯ᠎ᠤᠨ ᠤᠷᠤᠯᠭ᠎ᠠ 10 ᠲᠦᠮᠡ ᠭᠠᠷᠤᠢ ᠲᠥᠭᠥᠷᠢᠭ ᠨᠡᠮᠡᠭᠳᠡᠭᠰᠡᠨ》 ᠬᠡᠵᠦ ᠬᠡᠯᠡᠨ᠎ᠠ᠃ ᠵᠢᠯ ᠪᠤᠯᠭᠠᠨ ᠾᠧᠨᠠᠨ ᠰᠧᠴᠤᠸᠠᠨ᠎ᠤ ᠬᠡᠭᠡᠷᠡᠯᠡᠬᠦ ᠪᠠᠬᠠᠳᠠᠳ ᠤᠷᠤᠯᠳᠤᠭᠠᠨ᠎ᠳᠠᠭᠤᠰᠤᠮᠠᠭᠴᠠ ᠳᠠᠷᠤᠢ᠎ᠳ᠋ᠤᠨᠢ ᠪᠤᠴᠠᠴᠢᠬᠠᠬᠤ ᠦᠬᠡᠢ᠂ ᠡᠯᠡᠰᠦᠨ ᠴᠦᠯ᠎ᠢ᠋ ᠲᠤᠭᠤᠯᠬᠤ ᠵᠠᠮ᠎ᠢ᠋ᠶ᠋ᠠᠷ᠎ᠳᠠᠪᠤᠰᠤᠨ ᠨᠠᠭᠤᠷ᠂ ᠲᠣᠣᠷᠠᠢ᠎ᠶ᠋ᠢᠨ ᠣᠢ ᠪᠡᠷ ᠵᠤᠭᠠᠯᠠᠨ ᠠᠶᠠᠯᠠᠵᠦ᠂ ᠠᠯᠠᠱᠠ ᠨᠤᠲᠤᠭ᠎ᠤᠨ ᠦᠪᠡᠷᠮᠢᠴᠡ ᠰᠤᠶᠤᠯ ᠵᠢᠭᠤᠯᠴᠢᠯᠠᠯ᠂ ᠵᠠᠩ ᠦᠢᠯᠡ᠂ ᠤᠨᠴᠠ ᠭᠠᠷᠤᠯᠳᠠ᠂ ᠲᠡᠥᠬᠡ᠎ᠵᠢ ᠨᠡᠩ ᠦᠷᠭᠡᠨ ᠠᠭᠤᠳᠠᠮ ᠡᠮᠦᠨᠡᠳᠦ ᠤᠷᠤᠨ᠎ᠳᠦ ᠲᠦᠭᠡᠭᠡᠨ ᠳᠠᠨᠢᠯᠴᠠᠭᠤᠯᠵᠦ ᠶᠠᠪᠤᠳᠠᠭ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠶ᠋ᠢᠯᠡᠬᠦ᠌᠎ᠳᠡᠭᠡᠨ᠂ ᠬᠤᠢᠰᠢᠳᠠ ᠦᠪᠦᠷ ᠮᠤᠩᠭᠤᠯ 《 ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢ ᠦᠵᠡᠮᠵᠢ᠎ᠶᠢᠨ ᠣᠷᠣᠨ᠎ᠳᠤ ᠣᠷᠣᠭᠤᠯᠬᠤ᠂ ᠵᠡᠭᠡᠯᠢ ᠲᠤᠭᠤᠷᠢᠭ ᠲᠸ᠋ ᠣᠷᠣᠭᠤᠯᠬᠤ᠂ ᠬᠤᠳᠠᠯᠳᠤᠭᠠᠨ᠎ᠤ ᠲᠣᠭᠣᠷᠢᠭ᠎ᠲᠤ᠌ ᠣᠷᠣᠭᠤᠯᠬᠤ》 ᠠᠵᠢᠯᠯᠠᠭ᠎ᠠ᠎ᠶᠢ ᠢᠳᠡᠪᠬᠢᠳᠡᠢ ᠠᠬᠢᠭᠤᠯᠵᠤ᠂ ᠮᠣᠷᠢᠨ ᠮᠡᠷᠭᠡᠵᠢᠯ᠂ ᠮᠤᠷᠢ ᠤᠨᠤᠬᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠂ ᠶᠠᠪᠠᠭᠠᠨ ᠠᠶᠠᠯᠠᠬᠤ ᠵᠡᠷᠭᠡ ᠪᠡᠶᠡᠴᠢᠯᠡᠨ ᠣᠶ᠋ᠢᠯᠠᠭᠠᠬᠤ ᠲᠥᠷᠥᠯ ᠵᠦᠢᠯ᠎ᠢ ᠪᠣᠶ ᠪᠥᠬᠥᠶ A ᠲᠠᠰ᠎ᠤᠨ ᠦᠵᠡᠮᠵᠢ᠎ᠶᠢᠨ ᠣᠷᠣᠨ ᠪᠠ ᠵᠢᠭᠤᠯᠴᠢᠯᠠᠯ᠎ᠤᠨ ᠠᠮᠠᠷᠠᠯᠲᠠ᠎ᠶᠢᠨ ᠣᠷᠣᠨ᠎ᠳᠤ ᠣᠷᠣᠭᠤᠯᠵᠤ᠂ ᠲᠠᠯ᠎ᠠ ᠨᠤᠲᠤᠭ᠎ᠲᠤ᠌ ᠢᠷᠡᠭᠰᠡᠨ ᠵᠢᠭᠤᠯᠴᠢᠯᠠᠬᠰᠠᠳ ᠨᠢᠭᠡᠪᠦᠷᠢ ᠳ᠋ᠦ ᠴᠥᠮ ᠥᠪᠡᠷ᠎ᠦᠨ ᠪᠡᠶ᠎ᠡ᠎ᠳᠡᠭᠡᠨ ᠳᠣᠭᠢᠷᠠᠭᠰᠠᠨ ᠲᠠᠮᠢᠷ᠎ᠤᠨ ᠬᠦᠳᠡᠯᠭᠡᠭᠡᠨ᠎ᠢ ᠰᠤᠡᠭᠭᠤᠭᠤᠯᠤᠨ ᠨᠠᠭᠠᠳᠤᠭᠤᠯᠬᠤ ᠪᠣᠯᠤᠨ᠎ᠠ  ᠭᠡᠵᠡᠶ᠃

2026 ᠣᠨ᠎ᠤ 《 5·1》 ᠤ᠋ ᠠᠮᠠᠷᠠᠯᠲᠠ᠎ᠶᠢᠨ ᠬᠤᠭᠤᠴᠠᠭᠠᠨ᠎ᠳᠤ᠂ ᠦᠪᠤᠷ ᠮᠤᠡᠭᠭᠤᠯ 《ᠤᠷᠤᠯᠳᠤᠭᠠᠨ ᠎ᠢ ᠲᠠᠭᠠᠵᠤ ᠦᠪᠤᠷ ᠮᠤᠡᠭᠭᠤᠯ᠎ᠳᠤ ᠵᠢᠭᠤᠯᠴᠢᠯᠠᠬᠤ》᠂ 《ᠤᠷᠤᠯᠳᠤᠭᠠᠨ᠎ᠢ ᠲᠠᠭᠠᠵᠤ ᠠᠮᠳᠠᠳᠤ ᠢᠳᠡᠭᠡᠨ᠎ᠢ ᠠᠮᠰᠠᠬᠤ》 37 ᠲᠦᠷᠤᠯ᠎ᠤᠨ ᠤᠨᠴᠠᠯᠢᠬᠳᠤ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢ ᠲᠤᠬᠢᠷᠠᠭᠤᠯᠵᠤ᠂ ᠦᠷᠭᠡᠨ ᠤᠯᠠᠨ ᠵᠢᠭᠤᠯᠴᠢᠯᠠᠬᠰᠠᠳ᠎ᠢ ᠲᠠᠳᠠᠵᠠᠢ᠃ ᠡᠬᠦᠨ᠎ᠳᠤ ᠬᠦᠬᠡᠬᠤᠳᠠ ᠪᠡᠶ᠎ᠠ ᠵᠢᠨ ᠲᠠᠮᠢᠷ᠎ᠤᠨ ᠤᠷᠤᠯᠳᠤᠭᠠᠨ ᠬᠢᠭᠡᠳ ᠰᠤᠶᠤᠯ ᠵᠢᠭᠤᠯᠴᠢᠯᠠᠯ᠎ᠤᠨ ᠠᠵᠢᠯᠯᠠᠭ᠎ᠠ ᠵᠢ ᠤᠶᠠᠯᠳᠤᠭᠤᠯᠬᠤ ᠪᠡᠷ ᠲᠠᠮᠵᠢᠭᠤᠯᠵᠤ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠭᠴᠢ᠎ᠵᠢ 324.62 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ  23.52 ᠳ᠋ᠦᠩᠰᠢᠭᠤᠷ ᠲᠥᠭᠥᠷᠢᠭ ᠲᠸ᠋ ᠬᠦᠷᠴᠡᠢ ᠃

ᠬᠤᠳᠠ᠎ᠶᠢᠨ ᠬᠦᠯ ᠪᠥᠮᠪᠥᠭᠡ᠎ᠶᠢᠨ ᠲᠠᠯᠠᠪᠠᠢ᠎ᠠᠴᠠ ᠲᠠᠯ᠎ᠠ ᠨᠤᠲᠤᠭ᠎ᠤᠨ ᠮᠤᠷᠢᠨ ᠤᠷᠤᠯᠳᠤᠭᠠᠨ᠎ᠤ ᠲᠠᠯᠠᠪᠠᠢ ᠬᠦᠷᠲᠡᠯ᠎ᠡ᠂ ᠡᠯᠡᠰᠦᠨ ᠴᠦᠯ᠎ᠦᠨ ᠪᠠᠭᠠᠳᠤᠷᠴᠤᠳ᠎ᠤᠨ ᠴᠤᠭᠯᠠᠭᠠᠨ᠎ᠠᠴᠠ ᠭᠠᠯᠲᠤ᠌ ᠠᠭᠤᠯᠠ᠎ᠶᠢᠨ ᠬᠤᠷᠮᠤᠢ᠎ᠳᠡᠬᠢ ᠮᠠᠷᠠᠽᠤᠨ᠎ᠤ ᠭᠦᠶᠦᠯᠲᠡ᠎ᠶᠢᠨ ᠵᠠᠮ ᠬᠦᠷᠲᠡᠯ᠎ᠡ᠂ ᠪᠡᠶ᠎ᠡ᠎ᠶᠢᠨ ᠲᠠᠮᠢᠷ ᠨᠢ ᠶᠠᠭ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠲᠦ᠍ ᠴᠣ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠦ᠍᠂ ᠥᠷᠭᠡᠨ ᠠᠭᠤᠳᠠᠮ ᠳᠠᠯ᠎ᠠ ᠨᠤᠲᠤᠭ ᠳᠡᠭᠡᠷ᠎ᠡ᠂ ᠬᠤᠷᠳᠤ ᠬᠦᠴᠦ ᠬᠢᠭᠡᠳ ᠤᠮᠤᠭ ᠪᠠᠬᠠᠳᠤᠯ᠎ᠢ ᠦᠵᠡᠬᠦᠯᠦᠨ᠂ ᠵᠢᠭᠤᠯᠴᠢᠯᠠᠬᠰᠠᠳ᠎ᠤᠨ ᠠᠶᠠᠯᠠᠯ ᠵᠢᠭᠤᠯᠴᠢᠯᠠᠯ᠂ ᠮᠠᠯᠴᠢᠳ᠎ᠤᠨ ᠣᠷᠣᠯᠭ᠎ᠠ᠂ ᠬᠣᠲᠠ᠎ᠶᠢᠨ ᠬᠥᠭᠵᠢᠯ ᠪᠠᠳᠠᠷᠠᠯ ᠰᠤᠯᠪᠢᠴᠠᠨ᠂ ᠲᠠᠯ᠎ᠠ ᠨᠤᠲᠤᠭ᠎ᠤᠨ ᠦᠷᠤᠴᠡᠨ᠎ᠳᠤ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ ᠬᠦᠭᠵᠢᠯᠳᠡ ᠵᠢᠨ ᠰᠢᠨ᠎ᠡ ᠵᠠᠮ᠎ᠢ  ᠳᠡᠪᠢᠰᠴᠤ  ᠪᠠᠶ᠋ᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号