7 ᠰᠠᠷ᠎ᠠ᠎ᠶᠢᠨ ᠳᠤᠮᠳᠠᠴᠢ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠷ᠎ᠡ ᠬᠦᠨᠳᠦᠲᠦ ᠴᠡᠷᠢᠭ᠎ᠦᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶ᠎ᠠ᠎ᠶᠢᠨ 《ᠡᠮᠴᠢᠯᠡᠭᠡᠨ᠎ᠦ ᠤᠯᠠᠭᠠᠨᠮᠥ᠋ᠴᠢᠷ》 ᠤ᠋ᠨ ᠲᠣᠭᠣᠷᠢᠨ ᠡᠮᠨᠡᠬᠦ ᠠᠩᠭᠢ ᠬᠢᠩᠭᠠᠨ ᠠᠢᠮᠠᠭ᠎ᠲᠤ ᠭᠦᠨᠵᠡᠭᠡᠢᠷᠡᠨ ᠲᠣᠭᠣᠷᠢᠨ ᠡᠮᠨᠡᠬᠦ ᠠᠵᠢᠯ ᠥᠷᠨᠢᠭᠦᠯᠵᠦ᠂ ᠴᠢᠨᠠᠷ ᠰᠠᠢᠲᠠᠢ ᠡᠮᠴᠢᠯᠡᠭᠡᠨ᠎ᠦ ᠦᠢᠯᠡᠴᠢᠯᠡᠭᠡ᠎ᠶᠢ ᠦᠨᠳᠦᠰᠦᠨ ᠱᠠᠳᠤᠨ᠎ᠳᠦ ᠬᠦᠷᠭᠡᠵᠦ᠂ ᠡᠷᠡᠭᠦᠯ ᠮᠡᠨᠳᠦ᠎ᠶᠢᠨ ᠪᠠᠲᠤᠯᠠᠭ᠎ᠠ᠎ᠶᠢᠨ 《ᠡᠴᠦᠰ᠎ᠦᠨ ᠨᠢᠭᠡ ᠺᠢᠯᠣᠮᠧᠲᠷ》 ᠢ᠋ ᠨᠡᠪᠲᠡᠷᠡᠭᠦᠯᠪᠡ᠃
ᠲᠣᠰ ᠤᠳᠠᠭ᠎ᠠ᠎ᠵᠢᠨ ᠲᠣᠭᠣᠷᠢᠨ ᠡᠮᠨᠡᠬᠦᠠᠵᠢᠯᠯᠠᠭᠠ ᠨᠢ ᠬᠢᠩᠭᠠᠨ ᠠᠢᠮᠠᠭ᠎ᠤᠨ ᠡᠯ᠎ᠡ ᠬᠣᠰᠢᠭᠤ ᠰᠢᠶᠠᠨ ᠬᠣᠲᠠ᠎ᠶᠢ ᠪᠦᠷᠢᠨ ᠪᠦᠷᠬᠦᠭᠦᠯᠬᠦ᠎ᠶᠢ ᠪᠡᠶᠡᠯᠡᠭᠦᠯᠵᠦ᠂ ᠤᠷᠢᠳ ᠬᠣᠵᠢᠳ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠲᠦᠴᠢᠦᠸᠠᠨ ᠰᠢᠶᠠᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠤᠯᠠᠭᠠᠨᠬᠣᠲᠠ᠂ ᠵᠠᠯᠠᠢᠳ ᠬᠣᠰᠢᠭᠤ᠂ ᠷᠠᠰᠢᠶᠠᠨ ᠬᠣᠲᠠ᠎ᠶᠢᠨ ᠰᠢᠶᠠᠩ ᠪᠠᠯᠭᠠᠰᠤ᠂ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠥᠷᠲᠡᠭᠡ᠎ᠳᠦ ᠬᠥᠷᠪᠡ᠃ ᠦᠨᠳᠦᠰᠦᠨ ᠱᠠᠲᠤᠨ᠎ᠤ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠂ ᠬᠠᠷᠠᠭᠠᠯᠵᠠᠯ ᠬᠦᠷᠳᠡᠭᠡᠭᠦ ᠨᠠᠰᠤᠲᠠᠢᠴᠤᠳ ᠤ᠋ᠨ ᠲᠠᠷᠠᠬᠠᠢ ᠪᠤᠲᠠᠷᠬᠠᠢ ᠰᠠᠭᠤᠷᠢᠰᠢᠵᠤ᠂ ᠬᠣᠲᠠ᠎ᠳᠤ ᠣᠷᠣᠵᠤ ᠪᠡᠶ᠎ᠡ᠎ᠶᠢᠨ ᠪᠠᠢᠴᠠᠭᠠᠯᠲᠠ ᠬᠢᠬᠦ᠎ᠳᠦ ᠳᠥᠭᠥᠮ ᠦᠭᠡᠢ ᠪᠠᠢᠬᠤᠪᠤᠳᠠᠳᠦ ᠪᠠᠢᠳᠠᠯ᠎ᠳᠦ ᠴᠢᠭᠯᠡᠬᠦᠯᠦᠨ᠂ ᠲᠣᠭᠣᠷᠢᠨ ᠡᠮᠨᠡᠬᠦ ᠠᠩᠭᠢ ᠨᠢ ᠠᠪᠴᠤ ᠶᠠᠪᠤᠬᠤ᠎ᠳᠤ ᠳᠥᠭᠥᠮ ᠮᠠᠶᠢᠭ᠋᠎ᠤᠨ ᠡᠮᠴᠢᠯᠡᠭᠡᠨ᠎ᠦ ᠲᠥᠬᠦᠭᠡᠷᠦᠮᠵᠢ᠎ᠶᠢ ᠪᠦᠷᠢᠨ ᠭᠦᠢᠴᠡᠳ ᠲᠣᠬᠢᠷᠠᠭᠤᠯᠵᠤ᠂ ᠨᠢᠭᠡ ᠥᠷᠲᠡᠭᠡᠴᠢᠯᠡᠭᠰᠡᠨ ᠮᠠᠶᠢᠭ᠋᠎ᠤᠨ ᠰᠦᠢᠳᠬᠡᠯ ᠬᠤᠷᠢᠶᠠᠬᠤ ᠦᠭᠡᠢ ᠪᠡᠶ᠎ᠡ᠎ᠶᠢᠨ ᠪᠠᠢᠴᠠᠭᠠᠯᠲᠠ᠎ᠶᠢᠨ ᠲᠣᠭᠣᠷᠢᠭ᠋ ᠭᠠᠷᠭᠠᠵᠤ᠂ ᠴᠡᠭᠡᠵᠢ᠂ ᠵᠢᠷᠦᠬᠡᠨ᠎ᠦ ᠯᠤᠭᠰᠢᠯᠲᠠ᠎ᠶᠢᠨ ᠵᠢᠷᠤᠭ᠂ ᠬᠡᠪᠡᠯᠢ᠎ᠶᠢᠨ ᠬᠡᠲᠦ ᠳᠤᠯᠬᠢᠶᠠᠨ᠂ ᠬᠡᠷᠡᠬᠦ ᠡᠪᠡᠳᠴᠢᠨ ᠵᠡᠷᠭᠡ ᠣᠯᠠᠨ ᠵᠦᠢᠯ᠎ᠦᠨ ᠪᠠᠢᠴᠠᠭᠠᠯᠲᠠ ᠬᠢᠵᠤ᠂ ᠵᠢᠷᠦᠬᠡ ᠲᠠᠷᠢᠬᠢᠨ ᠤ᠋ ᠴᠢᠰᠤᠨ ᠰᠤᠳᠠᠯ᠂ ᠶᠠᠰᠤ ᠦᠶ᠎ᠡ ᠭᠡᠰᠢᠭᠦᠦ᠂ ᠨᠠᠰᠤᠲᠠᠢᠴᠤᠳ᠎ᠤᠨ ᠤᠳᠠᠭᠠᠨ ᠴᠢᠨᠠᠷᠲᠠᠢ ᠡᠪᠡᠳᠴᠢᠨ ᠵᠡᠷᠭᠡ ᠵᠢ ᠭᠣᠣᠯᠳᠠᠯᠭ᠎ᠠ᠎ᠲᠠᠢ ᠪᠠᠢᠴᠠᠭᠠᠵᠠᠢ᠃ ᠡᠮᠴᠢ ᠰᠤᠪᠢᠯᠠᠭ᠍ᠴᠢ ᠨᠠᠷ ᠪᠠᠰᠠ ᠡᠷᠡᠬᠦᠯ ᠮᠡᠨᠳᠤ ᠵᠢᠨ ᠮᠡᠳᠡᠯᠭᠡ᠂ ᠵᠦᠢ ᠵᠣᠬᠢᠰᠲᠠᠢ ᠡᠮ ᠬᠡᠷᠡᠭᠯᠡᠬᠦ ᠮᠡᠳᠡᠯᠭᠡ᠎ᠵᠢ ᠲᠠᠢᠯᠪᠤᠷᠢᠯᠠᠵᠤ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠡᠮᠴᠢᠯᠡᠭᠡᠨ᠎ᠦ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠵᠡᠷᠭᠡ᠎ᠪᠡᠷ ᠤᠬᠠᠭᠤᠯᠤᠨ᠂ ᠲᠤᠰᠬᠠᠢ ᠮᠡᠷᠭᠡᠵᠢᠯ᠎ᠦᠨ ᠦᠢᠯᠡᠴᠢᠯᠡᠭᠡᠨᠢ ᠠᠬᠠᠮᠠᠳ ᠴᠡᠷᠢᠭ᠎ᠦᠨ ᠰᠠᠢᠨ ᠦᠨᠡᠯᠡᠯᠲᠡ᠎ᠶᠢ ᠣᠯᠣᠭᠰᠠᠨ ᠪᠠᠢᠨ᠎ᠠ᠃ ᠲᠣᠭᠣᠷᠢᠨ ᠡᠮᠨᠡᠬᠦ ᠬᠤᠭᠤᠴᠠᠭᠠᠨ ᠳ᠋ᠤ ᠲᠤᠰ ᠠᠩᠭᠢ᠎ᠨᠢ 387 ᠴᠡᠷᠢᠭ᠎ᠦᠨ ᠠᠯᠪᠠ᠎ᠡᠴᠡ ᠬᠠᠯᠠᠬᠳᠠᠬᠰᠠᠳ᠂ ᠬᠦᠴᠢᠷᠳᠡᠯᠲᠡᠢ ᠣᠯᠠᠨ ᠲᠦᠮᠡᠨ᠎ᠳᠦ ᠡᠷᠡᠭᠦᠯ ᠮᠡᠨᠳᠦ᠎ᠶᠢᠨ ᠪᠠᠢᠴᠠᠭᠠᠯᠲᠠ ᠬᠢᠵᠦ ᠥᠭᠴᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠷ᠎ᠡ ᠬᠦᠨᠳᠦᠲᠦ ᠴᠡᠷᠢᠭ᠎ᠦᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ ᠲᠠᠷᠠᠭᠠᠴᠢ᠎ᠪᠡᠷ 《ᠡᠮᠴᠢᠯᠡᠭᠡᠨ᠎ᠦ ᠤᠯᠠᠭᠠᠨᠮᠥ᠋ᠴᠢᠷ》 ᠤ᠋ᠨ ᠦᠨᠳᠦᠰᠦᠨ ᠱᠠᠲᠤᠨ᠎ᠳᠤ ᠲᠣᠭᠣᠷᠢᠨ ᠡᠮᠨᠡᠬᠦ ᠠᠵᠢᠯᠯᠠᠭ᠎ᠠ᠎ᠶᠢ ᠪᠠᠢᠩᠭᠤᠵᠢᠭᠤᠯᠤᠨ ᠦᠷᠨᠢᠬᠦᠯᠵᠦ᠂ ᠨᠡᠭᠦᠳᠡᠯ ᠣᠨᠣᠰᠢᠯᠠᠨ ᠡᠮᠨᠡᠬᠦ ᠵᠠᠭᠪᠤᠷ᠎ᠢ ᠦᠷᠭᠦᠯᠵᠢᠯᠡᠨ ᠲᠡᠭᠦᠯᠳᠡᠷᠵᠢᠭᠦᠯᠵᠦ᠂ ᠪᠡᠶ᠎ᠡ᠎ᠶᠢᠨ ᠪᠠᠢᠴᠠᠭᠠᠯᠲᠠ᠎ᠶᠢᠨ ᠲᠥᠷᠥᠯ ᠵᠦᠢᠯ᠎ᠢ ᠨᠡᠮᠡᠭᠳᠡᠬᠦᠯᠵᠦ᠂ ᠬᠠᠮᠤᠷᠬᠤ ᠬᠡᠪᠴᠢᠶ᠎ᠡ᠎ᠶᠢ ᠥᠷᠭᠡᠳᠬᠡᠵᠦ᠂ᠰᠡᠳᠬᠢᠯ ᠳᠤᠯᠠᠭᠠᠴᠡᠭᠤᠯᠬᠤ ᠡᠮᠴᠢᠯᠡᠭᠡᠨ᠎ᠦ ᠬᠠᠯᠠᠮᠵᠢᠯᠠᠯ᠎ᠢ ᠴᠡᠷᠢᠭ᠎ᠦᠨ ᠠᠯᠪᠠ᠎ᠡᠴᠡ ᠬᠠᠯᠠᠬᠳᠠᠬᠰᠠᠳ᠎ᠤᠨ ᠳᠡᠷᠭᠡᠳᠡ ᠬᠦᠷᠭᠡᠵᠦ᠂ᠴᠡᠷᠢᠭ᠎ᠢᠶᠡᠨ ᠬᠦᠷᠢᠶᠡᠯᠡᠨ ᠭᠡᠷ ᠪᠦᠯᠢ᠎ᠶᠢ ᠨᠢ ᠬᠠᠷᠠᠭᠠᠯᠵᠠᠬᠤ ᠠᠵᠢᠯ᠎ᠢ ᠰᠡᠳᠬᠢᠯ ᠲᠠᠯᠪᠢᠨ ᠰᠠᠢᠲᠤᠷ ᠬᠢᠨ᠎ᠡ ᠭᠡᠵᠡᠢ᠃