ᠳᠥᠷᠪᠡᠳ ᠬᠣᠰᠢᠭᠤ ᠨᠢ ᠮᠤᠨᠠ ᠠᠭᠤᠯᠠ᠎ᠶᠢᠨ ᠠᠷᠤ ᠬᠣᠷᠮᠣᠢ᠎ᠶᠢᠨ ᠠᠮᠢ ᠠᠬᠤᠢ᠎ᠶᠢ ᠶᠡᠷᠦᠩᠬᠡᠶ᠋ᠢᠯᠡᠨ ᠵᠠᠰᠠᠬᠤ ᠲᠥᠷᠥᠯ ᠵᠦᠢᠯ᠎ᠦᠨ ᠭᠣᠣᠯ ᠣᠷᠣᠨ ᠪᠦᠰᠡ ᠪᠣᠯᠬᠤ ᠪᠥᠭᠡᠳ ᠪᠠᠰᠠ ᠴᠤ᠌ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠵᠠᠩᠭᠢᠯᠠᠭ᠎ᠠ᠎ᠶᠢᠨ ᠨᠢᠭᠡ ᠭᠣᠭᠴᠣᠭ᠎ᠠ ᠪᠣᠯᠤᠨ᠎ᠠ᠃ ᠳᠥᠷᠪᠡᠳ ᠬᠣᠰᠢᠭᠤ ᠠᠮᠢ ᠠᠬᠤᠢ᠎ᠶᠢᠨ ᠶᠡᠷᠦᠩᠬᠡᠶ᠋ᠢᠯᠡᠨ ᠵᠠᠰᠠᠬᠤ ᠲᠥᠷᠥᠯ ᠵᠦᠢᠯ᠎ᠢ ᠪᠦᠬᠦ ᠬᠦᠴᠦᠨ᠎ᠢᠶᠡᠷ᠎ᠢᠶᠡᠨ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠨᠣᠪᠴᠢᠲᠠᠢ ᠪᠠᠷ ᠵᠠᠰᠠᠬᠤ ᠪᠠᠷ ᠳᠠᠮᠵᠢᠨ᠂ ᠮᠠᠭᠤᠵᠢᠷᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠤᠨ ᠠᠮᠢᠵᠢᠷᠠᠯ᠎ᠤᠨ ᠬᠦᠴᠦᠨ᠎ᠢ ᠳᠠᠬᠢᠨ ᠰᠡᠷᠭᠦᠭᠡᠵᠦ ᠴᠢᠳᠠᠭᠰᠠᠨ ᠵᠢᠡᠷ ᠵᠤᠬᠢᠬᠤ ᠠᠮᠵᠢᠯᠳᠠ᠎ᠳᠤ ᠬᠦᠷᠦᠭᠰᠡᠨ ᠪᠠᠢᠨ᠎ᠠ᠃

ᠤᠷᠴᠢᠮ᠎ᠤᠨ ᠵᠢᠯ᠎ᠡᠴᠡ᠂ ᠳᠥᠷᠪᠡᠳ ᠬᠤᠰᠢᠭᠤᠨ᠎ᠤ ᠡᠯᠡᠰᠦᠷᠬᠡᠭᠵᠢᠯ᠎ᠢ ᠰᠡᠷᠬᠡᠢᠯᠡᠬᠦ ᠪᠦᠰᠡ᠎ᠳᠦ ᠪᠤᠲᠠᠯᠢᠭ᠋ ᠡᠪᠡᠰᠦ᠎ᠶᠢᠨ ᠰᠢᠰᠲᠧᠮᠪᠦᠬᠦᠢ ᠠᠮᠢ ᠠᠬᠤᠢ᠎ᠶᠢᠨ ᠣᠷᠴᠢᠨ ᠲᠣᠭᠣᠷᠢᠨ᠎ᠤ ᠨᠥᠬᠥᠨ ᠰᠡᠷᠭᠦᠭᠡᠬᠦ᠂ ᠭᠠᠵᠠᠷ ᠰᠢᠷᠤᠢ ᠵᠢᠨ ᠢᠳᠡᠭᠳᠡᠯ᠎ᠢ ᠬᠣᠷᠢᠭ᠍ᠯᠠᠬᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠠᠵᠢᠯ᠎ᠢ ᠮᠤᠨᠠ ᠠᠭᠤᠯᠠ᠎ᠶᠢᠨ ᠠᠷᠤ ᠬᠤᠷᠮᠤᠢ᠎ᠳᠤ ᠪᠦᠬᠦ ᠲᠠᠯ᠎ᠠ ᠪᠠᠷ ᠬᠡᠷᠡᠭᠵᠢᠭᠦᠯᠵᠦ ᠡᠬᠢᠯᠡᠭᠦᠯᠦᠭᠰᠡᠨ ᠪᠠᠢᠨ᠎ᠠ᠃ ᠣᠶ᠋ᠢᠯᠠᠭᠠᠭᠰᠠᠨ᠎ᠢᠶᠠᠷ᠂ 2024 ᠣᠨ ᠡᠴᠡ 2026 ᠣᠨ ᠪᠣᠯᠲᠠᠯ᠎ᠠ᠂ ᠮᠤᠨᠠ ᠠᠭᠤᠯᠠ᠎ᠶᠢᠨ ᠠᠷᠤ ᠬᠣᠷᠮᠣᠢ᠎ᠶᠢᠨ ᠠᠮᠢ ᠠᠬᠤᠢ᠎ᠶᠢ ᠶᠡᠷᠦᠩᠬᠡᠶ᠋ᠢᠯᠡᠨ ᠵᠠᠰᠠᠬᠤ ᠲᠥᠷᠥᠯ ᠵᠦᠢᠯ ᠳᠥᠷᠪᠡᠳ ᠬᠤᠰᠢᠭᠤᠨ᠎ᠳᠤ ᠨᠤᠲᠤᠭ ᠪᠡᠯᠴᠢᠭᠡᠷ᠎ᠦᠨ ᠡᠯᠡᠰᠦᠷᠬᠡᠭᠵᠢᠭᠰᠡᠨ ᠭᠠᠵᠠᠷ ᠰᠢᠷᠣᠢ᠎ᠶᠢ ᠲᠥᠯᠥᠪᠵᠢᠭᠦᠯᠦᠨ ᠵᠠᠰᠠᠬᠤ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 6600 ᠲᠦᠮᠡᠨ ᠲᠥᠭᠥᠷᠢᠭ᠎ᠢ ᠳᠠᠪᠠᠪᠠ᠃ ᠲᠥᠷᠥᠯ ᠵᠦᠢᠯ ᠨᠢ ᠲᠤᠬᠠᠢ᠎ᠶᠢᠨ ᠭᠠᠵᠠᠷ᠎ᠤᠨ ᠠᠭᠤᠷ ᠠᠮᠢᠰᠬᠤᠯ ᠬᠢᠭᠡᠳ ᠭᠠᠵᠠᠷ ᠵᠦᠢ᠎ᠶᠢᠨ ᠨᠥᠬᠥᠴᠡᠯ᠎ᠳᠦ ᠰᠠᠭᠤᠷᠢᠯᠠᠨ᠂ 《ᠠᠭᠤᠯᠠ᠎ᠶᠢ ᠪᠢᠲᠡᠭᠦᠮᠵᠢᠯᠡᠨ ᠡᠪᠡᠰᠦ ᠪᠣᠶ᠋ᠢᠵᠢᠭᠤᠯᠬᠤ᠂ ᠬᠦᠳᠡᠯᠮᠦᠷᠢᠯᠡᠬᠦ ᠪᠠᠷ ᠲᠡᠳᠬᠦᠮᠵᠢ᠎ᠶᠢ ᠣᠷᠣᠯᠠᠭᠤᠯᠬᠤ》 ᠵᠡᠷᠭᠡ ᠶᠡᠷᠦᠩᠬᠡᠶ᠋ᠢᠯᠡᠨ ᠵᠠᠰᠠᠬᠤ ᠠᠷᠭ᠎ᠠ ᠬᠡᠮᠵᠢᠶ᠎ᠡ᠎ᠶᠢ ᠠᠪᠴᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠠᠵᠢᠯ᠎ᠢ ᠰᠢᠰᠲᠧᠮ ᠲᠡᠢ ᠪᠡᠷ ᠲᠦᠯᠬᠢᠨ ᠠᠬᠢᠭᠤᠯᠵᠡᠢ᠃
ᠲᠤᠬᠠᠢ᠎ᠶᠢᠨ ᠭᠠᠵᠠᠷ᠎ᠤᠨ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠠᠵᠢᠯ᠎ᠢ ᠰᠢᠰᠲᠧᠮ ᠲᠡᠢ ᠪᠡᠷ ᠲᠦᠯᠬᠢᠨ ᠠᠬᠢᠭᠤᠯᠬᠤ ᠬᠢᠭᠡᠳ ᠤᠷᠭᠤᠮᠠᠯ᠎ᠤᠨ ᠬᠤᠴᠢᠯᠭ᠎ᠠ᠎ᠶᠢ ᠵᠠᠰᠠᠬᠤ ᠶᠠᠪᠤᠴᠠ᠎ᠳᠤ ᠳᠤᠬᠠᠢ ᠵᠢᠨ ᠤᠷᠤᠨ ᠨᠤᠳᠤᠭ ᠲᠤ᠌ ᠳᠤᠬᠢᠷᠠᠭᠰᠠᠨ ᠤᠷᠭᠤᠮᠠᠯ ᠪᠤᠯᠬᠤ ᠮᠤᠷᠢᠨ ᠳᠡᠰᠬᠢ ᠨᠢ ᠤᠷᠭᠤᠮᠠᠯ᠎ᠤᠨ ᠬᠤᠴᠢᠯᠭ᠎ᠠ ᠵᠢᠨ ᠨᠥᠬᠥᠨ ᠰᠡᠷᠭᠦᠭᠡᠬᠦ 《ᠭᠣᠣᠯ ᠬᠦᠴᠦᠨ》 ᠪᠣᠯᠤᠭᠰᠠᠨ ᠪᠠᠶ᠋ᠢᠨ᠎ᠠ᠃ ᠲᠤᠰ ᠲᠥᠷᠥᠯ᠎ᠦᠨ ᠮᠤᠷᠢᠨ ᠳᠡᠰᠬᠢ᠎ᠶᠢᠨ ᠤᠷᠭᠤᠯᠳᠠ ᠶ᠋ᠢᠨ ᠨᠣᠷᠮ᠎ᠠ ᠨᠢ 90%ᠠᠴᠠᠳᠡᠭᠡᠭᠰᠢ ᠪᠠᠶ᠋ᠢᠵᠤ᠂ ᠬᠣᠶᠠᠷ᠎ᠠᠴᠠ ᠭᠤᠷᠪᠠᠨ ᠵᠢᠯ ᠪᠣᠯᠪᠠᠯ ᠳᠠᠷᠤᠢ 1mᠥᠨᠳᠥᠷ ᠤᠷᠭᠤᠬᠤ ᠪᠥᠭᠡᠳ ᠡᠯᠡᠰᠦ᠎ᠶᠢ ᠲᠣᠭᠲᠠᠪᠤᠷᠢᠵᠢᠭᠤᠯᠤᠨ ᠡᠯᠡᠰᠦ᠎ᠶᠢ ᠬᠤᠷᠢᠭ᠍ᠯᠠᠬᠤ ᠮᠡᠳᠡᠭᠳᠡᠮ᠎ᠡ ᠦᠷ᠎ᠡ ᠪᠦᠲᠦᠮᠵᠢ ᠲᠡᠢ ᠪᠠᠶ᠋ᠢᠳᠠᠭ᠃ ᠡᠭᠦᠨ᠎ᠦ ᠤᠯᠠᠮ᠂ ᠲᠤᠰ ᠲᠥᠷᠥᠯ᠎ᠦᠨ ᠮᠤᠷᠢᠨ ᠳᠡᠰᠬᠢ ᠳᠤ ᠮᠠᠯ᠎ᠤᠨ ᠢᠳᠡᠰᠢᠯᠡᠵᠦ ᠪᠣᠯᠬᠤ ᠪᠦᠳᠦᠭᠦᠯᠢᠭ ᠤᠭᠤᠷᠠᠭ᠎ᠤᠨ ᠠᠭᠤᠯᠤᠭᠳᠠᠴᠠ 29%᠎ᠳᠦ ᠬᠦᠷᠴᠦ᠂ ᠺᠠᠯᠼ ᠡᠯᠪᠡᠭ ᠠᠭᠤᠯᠤᠭᠳᠠᠵᠤ᠂ ᠬᠣᠨᠢ ᠢᠮᠠᠭ᠎ᠠ᠂ ᠮᠣᠷᠢ᠂ ᠲᠡᠮᠡᠭᠡ ᠵᠡᠷᠭᠡ ᠲᠤᠬᠠᠢ᠎ᠶᠢᠨ ᠭᠠᠵᠠᠷ᠎ᠤᠨ ᠮᠠᠯ ᠤᠨᠤᠭ᠎ᠠ᠎ᠳᠤ ᠶᠡᠬᠡᠳᠡ ᠲᠠᠭᠠᠯᠠᠭᠳᠠᠵᠤ᠂ ᠨᠡᠩ ᠴᠦ᠍ ᠰᠠᠯᠬᠢ ᠰᠢᠷᠤᠢ᠎ᠶᠢ ᠰᠡᠷᠭᠡᠶ᠋ᠢᠯᠡᠵᠦ ᠡᠯᠡᠰᠦ᠎ᠶᠢ ᠲᠣᠭᠲᠠᠪᠤᠷᠢᠵᠢᠭᠤᠯᠬᠤ ᠦᠢᠯᠡᠳᠦᠯ ᠲᠡᠢ ᠮᠥᠷᠲᠡᠭᠡᠨ ᠪᠠᠰᠠ ᠮᠠᠯ ᠲᠡᠵᠢᠭᠡᠨ ᠦᠷᠡᠵᠢᠭᠦᠯᠬᠦ᠎ᠳᠦ ᠰᠢᠯᠢᠳᠡᠭ ᠲᠡᠵᠢᠭᠡᠯ ᠡᠪᠡᠰᠦ ᠪᠤᠯᠵᠦ᠂ ᠠᠮᠢ ᠠᠬᠤᠢ ᠪᠠ ᠠᠵᠤ ᠠᠬᠤᠢ᠎ᠶᠢᠨ ᠬᠤᠤᠰ ᠦᠷ᠎ᠡ ᠠᠰᠢᠭ᠋᠎ᠢ ᠪᠡᠶᠡᠯᠡᠭᠦᠯᠵᠠᠢ᠃
(ᠬᠡᠷᠡᠯ ᠵᠢᠷᠤᠭ᠎ᠢ ᠳᠦᠷᠪᠡᠳ ᠬᠤᠰᠢᠭᠤᠨ᠎ᠤ ᠬᠠᠮ ᠵᠠᠭᠤᠴᠢᠯᠠᠭᠤᠷ ᠤ᠋ᠨ ᠳᠦᠪ ᠬᠠᠨᠭᠭᠠᠪᠠ)