ᠸᠠᠩ ᠸᠧᠶ ᠵᠦᠩ ᠱᠸᠨᠵᠸᠨ ᠤ᠋ ᠬᠦᠳᠡᠭᠡ ᠠᠵᠤ ᠠᠬᠤᠢ ᠪᠤᠯᠤᠨ ᠢᠳᠡᠭᠡᠨ ᠤ᠋ ᠪᠡᠯᠡ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠳᠤ ᠺᠤᠮᠫᠠᠨᠢ ᠵᠢᠨ ᠬᠡᠷᠡᠭ ᠮᠡᠳᠡᠭᠴᠢᠳ᠎ᠦᠨ ᠳᠠᠷᠤᠭ᠎ᠠ ᠬᠤᠸᠠᠩ ᠸᠧᠶ᠎ᠨᠡᠷ᠎ᠲᠡᠶ ᠠᠭᠤᠯᠵᠠᠪᠠ
2026-07-03 09:44:12
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ ᠱᠧᠨᠵᠧᠨ᠎ᠦ ᠬᠥᠳᠡᠭᠡ ᠠᠵᠤ ᠠᠬᠤᠢ ᠪᠣᠯᠤᠨ ᠢᠳᠡᠭᠡᠨ᠎ᠦ ᠪᠡᠯᠡ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠬᠤᠸᠠᠩ ᠸᠧᠢ᠎ᠨᠡᠷ᠎ᠲᠡᠶ ᠠᠭᠤᠯᠵᠠᠪᠠ᠃


QQ截图20260703094043.png


7 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ ᠱᠧᠨᠵᠧᠨ᠎ᠦ ᠬᠥᠳᠡᠭᠡ ᠠᠵᠤ ᠠᠬᠤᠢ ᠪᠣᠯᠤᠨ ᠢᠳᠡᠭᠡᠨ᠎ᠦ ᠪᠡᠯᠡ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠬᠤᠸᠠᠩ ᠸᠧᠢ᠎ᠨᠡᠷ᠎ᠲᠡᠶ ᠠᠭᠤᠯᠵᠠᠪᠠ᠃

ᠰᠤᠷᠪᠤᠯᠵᠢᠯᠠᠭᠴᠢ  ᠮᠠ ᠵᠢᠶᠠᠨ ᠪᠢᠩ ᠰᠡᠭᠦᠳᠡᠷᠯᠡᠪᠡ


ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠬᠤᠸᠠᠩ ᠸᠧᠶ᠎ᠨᠡᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ ᠢᠯᠠᠩᠭᠤᠶ᠎ᠠ ᠣᠲᠣ ᠦᠶ᠎ᠡ᠎ᠶᠢᠨ ᠮᠠᠯ ᠠᠵᠤ ᠠᠬᠤᠶ᠎ᠲᠡᠷᠢᠶᠠᠯᠠᠩ ᠤ᠋ᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠤᠷᠢᠯᠡᠯ᠎ᠦᠨ ᠰᠠᠭᠤᠷᠢᠨ ᠪᠣᠯᠤᠨ᠎ᠠ᠂ ᠰᠦ᠋᠎ᠶᠢᠨ ᠦᠢᠯᠡᠰ᠂ ᠡᠷᠳᠡᠨᠢ ᠰᠢᠰᠢ᠂ ᠮᠢᠬᠠᠨ᠎ᠤ ᠬᠣᠨᠢ᠂ ᠡᠪᠡᠰᠦᠨ᠎ᠦ ᠦᠢᠯᠡᠰ ᠵᠡᠷᠭᠡ ᠮᠢᠩᠭᠠᠨ ᠳ᠋ᠦᠩᠰᠢᠭᠤᠷ᠎ᠤᠨ ᠲᠠᠰ ᠪᠠ  ᠵᠠᠭᠤᠨ ᠳ᠋ᠦᠩᠰᠢᠭᠤᠷ ᠲᠥᠭᠥᠷᠢᠭ᠎ᠡᠴᠡ ᠳᠡᠭᠡᠭᠰᠢᠬᠢ ᠠᠵᠤ ᠦᠢᠯᠡᠰ᠎ᠢ ᠲᠤᠰ ᠲᠤᠰ 4 ᠪᠠ 11 ᠪᠠᠢᠭᠤᠯᠪᠠ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠦᠢᠯᠡᠳᠪᠦᠷᠢᠯᠡᠯ᠎ᠤᠨ ᠬᠡᠮᠵᠢᠶ᠎ᠠ ᠦᠢᠯᠡᠳᠪᠤᠷᠢᠯᠡᠯ᠎ᠦᠨ ᠴᠢᠳᠠᠪᠤᠷᠢ᠂ ᠦᠢᠯᠡᠳᠪᠤᠷᠢᠯᠡᠯ ᠤ᠋ᠨ ᠠᠮᠢ ᠠᠬᠤᠶ᠂ ᠭᠠᠷᠤᠯᠲᠠ ᠵᠢ ᠨᠡᠮᠡᠭᠳᠡᠬᠦᠯᠬᠦ ᠪᠠ ᠣᠷᠣᠯᠭ᠎ᠠ᠎ᠵᠢ ᠨᠡᠮᠡᠭᠳᠡᠬᠦᠯᠬᠦ ᠵᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠮᠠᠯ ᠠᠵᠤ ᠠᠬᠤᠶ᠎ᠲᠡᠷᠢᠶᠠᠯᠠᠩ ᠤ᠋ᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢᠯᠡᠰ᠎ᠦᠨ ᠳᠠᠪᠠᠭᠤᠯᠢᠭ᠂ ᠠᠵᠤ ᠠᠬᠤᠶ᠎ᠶᠢᠨ ᠳᠠᠪᠠᠭᠤᠯᠢᠭ ᠪᠣᠯᠭᠠᠨ ᠲᠦᠷᠭᠡᠳᠬᠡᠨ ᠬᠤᠪᠢᠷᠠᠭᠤᠯᠬᠤ᠎ᠶᠢ ᠠᠬᠢᠭᠤᠯᠵᠤ ᠪᠠᠶ᠋ᠢᠨ᠎ᠠ᠃ ᠱᠸᠨᠵᠸᠨ ᠤ᠋ ᠬᠦᠳᠡᠭᠡ ᠠᠵᠤ ᠠᠬᠤᠢ ᠪᠤᠯᠤᠨ ᠢᠳᠡᠭᠡᠨ ᠤ᠋ ᠪᠠᠯᠠ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠳᠤ ᠺᠤᠮᠫᠠᠨᠢ ᠵᠢᠨ ᠭᠤᠤᠯ ᠡᠵᠡᠩᠨᠡᠯᠲᠡ᠎ᠶᠢᠨ ᠠᠵᠢᠯ ᠪᠣᠯᠤᠨ ᠥᠪᠥᠷ ᠮᠣᠩᠭᠣᠯ᠎ᠤᠨ ᠣᠲᠣ ᠦᠶ᠎ᠡ᠎ᠶᠢᠨ ᠮᠠᠯ ᠠᠵᠤ ᠠᠬᠤᠶ᠎ᠲᠡᠷᠢᠶᠠᠯᠠᠩ ᠤ᠋ᠨ ᠬᠥᠭᠵᠢᠯᠲᠡ᠎ᠶᠢᠨ ᠴᠢᠭᠯᠡᠯ ᠳᠡᠭᠡᠳᠦ ᠬᠡᠮᠵᠢᠶ᠎ᠡ᠎ᠪᠡᠷ ᠨᠡᠶ᠋ᠢᠴᠡᠵᠦ᠍ ᠪᠠᠶ᠋ᠢᠨ᠎ᠠ᠂ ᠬᠣᠶᠠᠷ ᠲᠠᠯ᠎ᠠ᠎ᠪᠠᠷ᠎ᠢᠶᠠᠨ ᠣᠯᠣᠯᠴᠠᠭ᠎ᠠ ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠣᠯᠠᠭᠤᠯᠭ᠎ᠠ᠂ ᠦᠬᠡᠷ ᠬᠣᠨᠢᠨ ᠮᠢᠬᠠᠨ᠎ᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠥᠲᠥᠭᠡᠨ ᠪᠠᠶ᠋ᠢᠭᠤᠯᠤᠯᠲᠠ᠂ ᠥᠨᠳᠥᠷ ᠪᠠᠷᠢᠮᠵᠢᠶᠠᠲᠤ᠌ ᠲᠠᠷᠢᠮᠠᠯ᠎ᠤᠨ ᠰᠠᠭᠤᠷᠢᠨ᠎ᠢ ᠪᠠᠶ᠋ᠢᠭᠤᠯᠬᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠬᠤ ᠵᠡᠷᠭᠡ ᠬᠦᠷᠢᠶᠡᠨ᠎ᠳᠦ ᠨᠢᠭᠡ ᠪᠦᠯᠦᠭ ᠬᠠᠮᠲᠤᠷᠠᠯᠴᠠᠭᠠᠨ᠎ᠤ ᠲᠥᠷᠥᠯ ᠵᠦᠢᠯ᠎ᠢ ᠤᠬᠠᠭᠠᠯᠠᠨ ᠲᠦᠯᠦᠪᠯᠡᠵᠤ᠂ ᠨᠠᠩ ᠣᠯᠠᠨ ᠥᠪᠥᠷ ᠮᠣᠩᠭᠣᠯ᠎ᠤᠨ ᠴᠢᠨᠠᠷ ᠰᠠᠶ᠋ᠢᠲᠠᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠮᠣ ᠵᠠᠬ᠎ᠠ ᠳᠡᠯᠭᠡᠭᠦᠷ᠎ᠲᠦ᠍ ᠭᠠᠷᠭᠠᠵᠤ᠂ ᠮᠠᠯ ᠠᠵᠤ ᠠᠬᠤᠶ᠎ᠲᠡᠷᠢᠶᠠᠯᠠᠩ ᠤ᠋ᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠌᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ᠎ᠶᠢ ᠬᠦᠰᠡᠵᠦ᠍ ᠪᠠᠶ᠋ᠢᠨ᠎ᠠ᠃ ᠪᠢᠳᠡ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ᠌ ᠬᠠᠮᠲᠤᠷᠠᠯᠴᠠᠭᠠᠨ᠎ᠤ ᠣᠶ᠋ᠢᠯᠠᠭᠠᠭᠳᠠᠬᠤᠨ᠎ᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠬᠦᠴᠦᠨ᠎ᠢᠶᠡᠷ᠎ᠢᠶᠡᠨ ᠰᠢᠯᠢᠳᠡᠭᠵᠢᠭᠦᠯᠵᠦ᠍᠂ ᠠᠵᠤ ᠠᠬᠤᠶ᠋ᠢᠯᠠᠯ᠎ᠤᠨ ᠬᠥᠭᠵᠢᠯᠲᠡ᠎ᠳᠦ ᠰᠠᠢ᠌ᠨ ᠰᠠᠶ᠋ᠢᠬᠠᠨ ᠨᠥᠬᠥᠴᠡᠯ ᠪᠦᠷᠢᠯᠳᠦᠭᠦᠯᠵᠦ᠍ ᠥᠭᠭᠦᠨ᠎ᠡ ᠭᠡᠵᠤ ᠬᠡᠯᠡᠪᠡ᠃

ᠬᠤᠸᠠᠩ ᠸᠧᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠴᠡ ᠱᠸᠨᠵᠸᠨ ᠤ᠋ ᠬᠥᠳᠡᠭᠡ ᠠᠵᠤ ᠠᠬᠤᠢ᠎ᠪᠤᠯᠤᠨ ᠢᠳᠡᠭᠡᠨ ᠤ᠋ ᠪᠡᠯᠡ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠳᠤ ᠺᠤᠮᠫᠠᠨᠢ ᠵᠢᠨ ᠬᠥᠭᠵᠢᠯᠲᠡ᠎ᠳᠦ ᠬᠦᠴᠦᠲᠡᠢ ᠳᠡᠮᠵᠢᠯᠭᠡ ᠦᠵᠡᠬᠦᠯᠦᠭᠰᠡᠨ ᠳ᠋ᠤ ᠲᠠᠯᠠᠷᠬᠠᠬᠤ᠎ᠶᠢᠨ ᠬᠠᠮᠲᠤ᠌ ᠪᠦᠯᠦᠭᠯᠡᠯ᠎ᠦᠨ ᠬᠥᠭᠵᠢᠯᠲᠡ ᠡᠵᠡᠩᠨᠡᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ  ᠮᠠᠯ ᠠᠵᠤ ᠠᠬᠤᠢ ᠲᠡᠷᠢᠶᠠᠯᠠᠩ ᠤ᠋ᠨ ᠡᠬᠢ ᠪᠠᠶᠠᠯᠢᠭ᠎ᠤᠨ ᠳᠠᠪᠠᠭᠤᠯᠢᠭ ᠲᠤᠪᠤᠢ᠌ᠮ᠎ᠠ᠂ ᠭᠠᠵᠠᠷ ᠣᠷᠣᠨ᠎ᠤ ᠪᠠᠶ᠋ᠢᠷᠢᠰᠢᠯ ᠥᠪᠡᠷᠮᠢᠴᠡ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠦᠷᠭᠦᠯᠵᠢᠯᠡᠨ ᠰᠢᠯᠢᠳᠡᠭᠵᠢᠵᠦ᠍ ᠪᠠᠶ᠋ᠢᠨ᠎ᠠ᠃ ᠲᠠᠷᠠᠭᠠᠴᠢ᠎ᠶᠢᠨ ᠠᠯᠬᠤᠮ᠎ᠳᠤ᠂ ᠱᠸᠨᠵᠸᠨ ᠤ᠋ ᠬᠥᠳᠡᠭᠡ ᠠᠵᠤ ᠠᠬᠤᠶ᠎ᠪᠤᠯᠤᠨ ᠢᠳᠡᠭᠡᠨ ᠤ᠋ ᠪᠡᠯᠡ ᠤᠷᠤᠭᠤᠯᠤᠯᠳᠠ ᠵᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠳᠤ ᠺᠤᠮᠫᠠᠨᠢ ᠨᠢ ᠲᠣᠰ ᠪᠡᠶ᠎ᠡ᠎ᠶᠢᠨ ᠬᠥᠷᠥᠩᠭᠡ᠂ ᠵᠠᠬ᠎ᠠ ᠳᠡᠯᠭᠡᠭᠦᠷ᠂ ᠠᠷᠭ᠎ᠠ ᠵᠠᠮ᠂ ᠮᠡᠷᠭᠡᠵᠢᠯ᠎ᠦᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠩ᠎ᠤᠨ ᠬᠥᠭᠵᠢᠯᠲᠡ᠎ᠶᠢᠨ ᠲᠥᠯᠥᠪᠵᠢᠭᠦᠯᠭᠡ᠎ᠯᠤᠭᠡ ᠭᠦᠨᠵᠡᠭᠡᠶ ᠵᠣᠯᠭᠠᠭᠤᠯᠵᠤ᠂ ᠪᠠᠯᠠ ᠣᠷᠣᠭᠤᠯᠤᠯᠲᠠ᠎ᠶᠢᠨ ᠪᠠᠶ᠋ᠢᠷᠢᠰᠢᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠨᠠᠩ ᠣᠯᠠᠨ ᠴᠢᠨᠠᠷ ᠰᠠᠶ᠋ᠢᠲᠠᠶ ᠮᠠᠯ ᠠᠵᠤ ᠠᠬᠤᠶ ᠲᠠᠷᠢᠶᠠᠯᠠᠩ᠎ᠤᠨ ᠲᠥᠷᠥᠯ ᠵᠦᠢᠯ᠎ᠢ ᠥᠪᠥᠷ ᠮᠣᠩᠭᠣᠯ᠎ᠳᠤ ᠨᠠᠶ᠋ᠢᠳᠠᠪᠤᠷᠢᠵᠢᠭᠤᠯᠬᠤ᠎ᠶᠢ ᠪᠥᠬᠥ᠌ ᠬᠦᠴᠦᠨ᠎ᠢᠶᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠤᠷᠢᠯᠡᠯ᠎ᠦᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠨᠠᠩ ᠣᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠢ᠊ ᠪᠠᠲᠤ᠌ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号