ᠰᠢ ᠵᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠳ᠋ᠸᠯᠠᠢᠰᠫᠦ᠋ᠯᠢᠶᠠ ᠵᠢᠨ ᠺᠣᠯᠣᠮᠪᠢᠶ᠎ᠠ᠎ᠶᠢᠨ ᠶᠡᠷᠦᠩᠬᠡᠶ᠋ᠢᠯᠡᠭᠴᠢ ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ
2026-07-03 09:26:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 29 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠳ᠋ᠸᠯᠠᠢᠰᠫᠦ᠋ᠯᠢᠶᠠ ᠳ᠋ᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠥᠬᠥᠳᠡ ᠨᠠᠶ᠋ᠢᠷᠠᠮᠳᠠᠬᠤ ᠺᠣᠯᠣᠮᠪᠢᠶ᠎ᠠ ᠤᠯᠤᠰ᠎ᠤᠨ ᠶᠡᠷᠦᠩᠬᠡᠶ᠋ᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃

ᠰᠢ ᠵᠢᠨ ᠫᠢᠩ᠂ ᠳᠤᠮᠳᠠᠳᠤ ᠤᠯᠤᠰ ᠪᠣᠯᠤᠨ ᠺᠣᠯᠣᠮᠪᠢᠶ᠎ᠠ ᠪᠣᠯ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ ᠮᠥᠨ᠃ ᠬᠠᠷᠢᠯᠴᠠᠭ᠎ᠠ ᠪᠠᠶ᠋ᠢᠭᠤᠯᠤᠭᠰᠠᠨ 46 ᠵᠢᠯ᠎ᠦᠨ ᠲᠤᠷᠰᠢ᠂ ᠳᠤᠮᠳᠠᠳᠤ ᠺᠣᠯᠣᠮᠪᠢᠶ᠎ᠠ᠎ᠶᠢᠨ ᠬᠠᠷᠢᠯᠴᠠᠭ᠎ᠠ ᠳᠡᠯᠡᠬᠡᠢ᠎ᠶᠢᠨ ᠤᠷᠪᠠᠭᠠᠨ ᠬᠥᠷᠪᠡᠭᠡᠨ ᠤ᠋ ᠰᠢᠯᠭᠠᠯᠲᠠ᠎ᠶᠢ ᠲᠤᠭᠤᠯᠵᠥ᠍᠂ ᠢᠮᠠᠭᠲᠠ ᠰᠠᠢ᠌ᠨ ᠰᠠᠶ᠋ᠢᠬᠠᠨ ᠬᠥᠭᠵᠢᠯᠲᠡ᠎ᠶᠢᠨ ᠪᠠᠶ᠋ᠢᠳᠠᠯ᠎ᠢᠶᠠᠨ ᠪᠠᠲᠤᠯᠠᠪᠠ᠃

ᠬᠣᠶᠠᠷ ᠤᠯᠤᠰ᠎ᠤᠨ ᠤᠯᠤᠰ ᠲᠥᠷᠥ᠎ᠶᠢᠨ ᠢᠲᠡᠭᠡᠯᠴᠡᠭᠡ ᠦᠷᠭᠦᠯᠵᠢᠯᠡᠨ ᠪᠡᠬᠢᠵᠢᠵᠦ᠍᠂ ᠠᠷᠠᠳ ᠲᠦᠮᠡᠨ᠎ᠦ ᠨᠥᠬᠥᠷᠯᠡᠯ ᠬᠥᠮᠦᠰ᠎ᠦᠨ ᠰᠡᠳᠬᠢᠯ᠎ᠳᠦ ᠭᠦᠨ ᠬᠠᠳᠠᠩᠰᠢᠵᠤ᠂ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠳᠠᠢ ᠬᠠᠮᠲᠤ᠎ᠪᠠᠷ ᠪᠥᠲᠥᠭᠡᠨ ᠪᠠᠶ᠋ᠢᠭᠤᠯᠬᠤ ᠬᠠᠮᠲᠤᠷᠠᠯᠴᠠᠭ᠎ᠠ ᠲᠠᠰᠤᠷᠠᠯᠲᠠ ᠥᠬᠡᠶ ᠰᠢᠨ᠎ᠡ ᠠᠬᠢᠴᠠ᠎ᠲᠠᠶ ᠪᠣᠯᠪᠠ᠃ ᠪᠢ ᠳᠤᠮᠳᠠᠳᠤ ᠺᠣᠯᠣᠮᠪᠢᠶ᠎ᠠ᠎ᠶᠢᠨ ᠬᠠᠷᠢᠯᠴᠠᠭ᠎ᠠ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶ᠋ᠢᠯᠡᠭᠴᠢ ᠳ᠋ᠸᠯᠠᠢᠰᠫᠦ᠋ᠯᠢᠶᠠ ᠲᠠᠶ ᠬᠠᠮᠲᠤ᠎ᠪᠠᠷ ᠴᠢᠷᠮᠠᠶ᠋ᠢᠵᠤ᠂ ᠬᠣᠶᠠᠷ ᠤᠯᠤᠰ᠎ᠤᠨ ᠡᠯ᠎ᠡ ᠬᠦᠷᠢᠶᠡᠨ᠎ᠦ ᠰᠣᠯᠢᠯᠴᠠᠭ᠎ᠠ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠳᠤᠮᠳᠠᠳᠤ ᠺᠣᠯᠣᠮᠪᠢᠶ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠰᠢᠨ᠎ᠡ ᠳᠡᠭᠲᠡᠷ᠎ᠲᠦ᠍ ᠭᠠᠷᠬᠤ᠎ᠶᠢ ᠬᠦᠳᠦᠯᠦᠨ ᠳᠠᠭᠠᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃

ᠲᠤᠰ ᠡᠳᠦᠷ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠺᠣᠯᠣᠮᠪᠢᠶ᠎ᠠ᠎ᠶᠢᠨ ᠰᠣᠩᠭᠣᠭᠳᠠᠭᠰᠠᠠ ᠳᠡᠳ᠋ ᠶᠡᠷᠦᠩᠬᠡᠶ᠋ᠢᠯᠡᠭᠴᠢ ᠯᠸᠢ᠌ᠰᠲᠸᠯᠸᠢ᠌ᠪᠦᠸᠸ ᠳ᠋ᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 1 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号