ᠢᠷᠠᠭᠤ ᠠᠯᠳᠠᠷ᠎ᠢᠶᠠᠨ ᠨᠠᠨᠳᠢᠩᠨᠠᠨ ᠦᠷᠭᠦᠯᠵᠢᠯᠡᠨ ᠲᠡᠮᠡᠴᠡᠵᠦ᠍ ᠪᠠᠳᠤ ᠦᠢᠯᠡᠳᠦᠯᠭᠡᠵᠢᠬᠦᠯᠦᠨ ᠪᠣᠳᠠᠲᠠᠶ ᠠᠵᠢᠯᠯᠠᠵᠤ ᠳᠠᠬᠢᠨ ᠰᠢᠨ᠎ᠡ ᠭᠠᠪᠢᠶ᠎ᠠ ᠪᠠᠢᠭᠤᠯᠤᠨ᠎ᠠ
2026-07-03 10:02:47
ᠵᠣᠬᠢᠶᠠᠭ᠍ᠴᠢ᠄
ᠪᠠᠶ ᠳ᠋ᠠᠨ ᠵᠠᠩ ᠺᠦᠶ ᠸᠠᠩ ᠬᠤᠤ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠦᠬᠦ᠌ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠵᠢᠡᠷ ᠬᠦᠬᠢᠭᠦᠯᠦᠭᠳᠡᠨ ᠰᠠᠢᠰᠢᠶᠠᠭᠳᠠᠭᠰᠠᠨ ᠥᠪᠥᠷ ᠮᠣᠩᠭᠣᠯ᠎ᠤᠨ ᠡᠲᠡᠭᠡᠳ᠎ᠤᠨ ᠳᠤᠮᠳᠠ ᠬᠠᠯᠠᠭᠤᠨ ᠲᠤᠰᠬᠠᠯ ᠭᠠᠷᠪᠠ


7 ᠰᠠᠷ᠎ᠠ᠎ᠶᠢᠨ 1 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠶᠠᠪᠤᠭᠳᠠᠵᠤ᠂ ᠶᠡᠷᠦᠩᠬᠡᠶ ᠱᠦᠵᠢ ᠰᠢ ᠵᠢᠨ ᠫᠢᠩ 《7·1 ᠤ᠋ ᠭᠠᠪᠢᠶᠠᠨ ᠲᠡᠮᠳᠡᠭ》 ᠬᠦᠷᠲᠡᠭᠰᠡᠳ ᠲᠤ᠌ ᠭᠠᠪᠢᠶᠠᠨ ᠲᠡᠮᠳᠡᠭ ᠣᠯᠭᠣᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃

ᠪᠦᠬᠦ᠌ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠵᠢᠡᠷ  ᠬᠦᠬᠢᠭᠦᠯᠦᠭᠳᠡᠨ ᠰᠠᠢᠰᠢᠶᠠᠭᠳᠠᠭᠰᠠᠨ ᠥᠪᠥᠷ ᠮᠣᠩᠭᠣᠯ᠎ᠤᠨ ᠡᠳᠡᠭᠡᠳ ᠤ᠋ᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠰᠠᠨ᠎ᠤ ᠳᠠᠷᠠᠭ᠎ᠠ᠂ ᠰᠡᠳᠬᠢᠯ ᠳᠣᠭᠳᠣᠯᠤᠨ᠂ ᠲᠤᠶ᠋ᠢᠯ᠎ᠢᠶᠠᠷ ᠤᠷᠮᠠᠰᠢᠨ ᠵᠣᠷᠢᠭᠵᠢᠪᠠ᠃ ᠤᠯᠠᠨ᠎ᠢᠶᠠᠷ᠎ᠢᠶᠠᠨ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠡᠷᠬᠢᠮ ᠨᠠᠨᠳᠢᠨ ᠵᠠᠩ ᠴᠢᠨᠠᠷ ᠪᠣᠯᠤᠨ ᠡᠷᠬᠢᠮ ᠳᠡᠭᠡᠳᠤ ᠵᠣᠷᠢᠭ ᠰᠠᠨᠠᠭ᠎ᠠ᠎ᠶᠢ ᠶᠡᠬᠡ᠎ᠪᠡᠷ ᠤᠯᠠᠮᠵᠢᠯᠠᠨ ᠪᠠᠳᠠᠷᠠᠭᠤᠯᠵᠤ᠂ ᠢᠷᠠᠭᠤ ᠠᠯᠳᠠᠷ᠎ᠢᠶᠠᠨ ᠨᠠᠨᠳᠢᠩᠨᠠᠵᠤ᠂ ᠢᠲᠡᠭᠡᠯ ᠵᠣᠷᠢᠭ᠎ᠢᠶᠠᠨ ᠪᠠᠲᠤᠳᠬᠠᠵᠤ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍᠂ ᠦᠷᠭᠦᠯᠵᠢᠯᠡᠨ ᠲᠡᠮᠡᠴᠡᠵᠦ᠍᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠨᠠᠮ ᠪᠣᠯᠤᠨ ᠠᠷᠠᠳ ᠲᠦᠮᠡᠨ᠎ᠳᠦ ᠨᠡᠩ ᠶᠡᠬᠡ ᠢᠷᠠᠭᠤ ᠠᠯᠳᠠᠷ ᠤᠯᠭᠤᠬᠤ ᠪᠡᠷ ᠴᠢᠷᠮᠠᠶ᠋ᠢᠨ᠎ᠠ ᠭᠡᠵᠦ᠍ ᠢᠯᠡᠳᠬᠡᠵᠡᠭᠡᠪᠡ᠃

ᠣᠭ ᠰᠠᠨᠠᠭ᠎ᠠ᠎ᠪᠠᠨ ᠪᠠᠲᠤ᠌ ᠰᠠᠬᠢᠵᠤ᠂ ᠪᠣᠳᠠᠲᠠᠶ ᠠᠵᠢᠯᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠠ

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠥᠨᠳᠥᠷ᠎ᠲᠦ᠍ ᠵᠣᠭᠰᠣᠨ ᠠᠯᠤᠰ᠎ᠢ ᠪᠠᠷᠠᠯᠠᠵᠥ᠍᠂ ᠦᠵᠡᠯ ᠰᠠᠨᠠᠭ᠎ᠠ ᠨᠢ ᠭᠦᠨ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠢᠨ᠎ᠠ》᠃ ᠪᠦᠬᠦ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠠᠯᠠᠱᠠ ᠠᠶ᠋ᠢᠮᠠᠭ᠎ᠤᠨ ᠠᠯᠠᠱᠠ ᠪᠠᠷᠠᠭᠤᠨ ᠬᠣᠰᠢᠭᠤᠨ᠎ᠤ ᠲᠠᠩᠰᠤᠭᠪᠤᠯᠠᠭ ᠰᠤᠮᠤ᠎ᠶᠢᠨ ᠡᠩᠬᠡᠷᠡᠤᠰᠤ ᠭᠠᠴᠠᠭᠠᠨ᠎ᠤ ᠮᠠᠯᠴᠢᠨ ᠨᠢᠮ᠎ᠠ᠄ 《ᠬᠢᠯᠢ᠎ᠪᠡᠨ ᠬᠠᠮᠠᠭᠠᠯᠠᠬᠤ ᠪᠣᠯ ᠳᠠᠷᠤᠢ ᠪᠢᠳᠡᠨ᠎ᠦ ᠵᠣᠯ ᠵᠢᠷᠭᠠᠯᠲᠤ᠌ ᠠᠮᠢᠳᠤᠷᠠᠯ᠎ᠢᠶᠠᠨ ᠬᠠᠮᠠᠭᠠᠯᠠᠵᠤ ᠪᠠᠶ᠋ᠢᠭ᠎ᠠ ᠶᠠᠪᠤᠳᠠᠯ ᠮᠥᠨ᠃ ᠪᠢ ᠢᠷᠠᠭᠤ ᠠᠯᠳᠠᠷ᠎ᠢᠶᠠᠨ ᠬᠤᠪᠢ ᠲᠠᠬᠢᠨ ᠨᠠᠨᠳᠢᠩᠨᠠᠵᠤ᠂ ᠬᠣᠰᠢᠭᠤᠴᠢ ᠵᠢᠱ᠌ᠢᠶᠡᠴᠢ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠵᠤ᠂ ᠬᠢᠯᠢ ᠵᠢ ᠴᠠᠭᠳᠠᠨ ᠬᠢᠯᠢ ᠵᠢ ᠰᠠᠬᠢᠭᠰᠠᠨ ᠲᠤᠷᠰᠢᠯᠭ᠎ᠠ᠎ᠪᠡᠨ  ᠨᠡᠩ ᠤᠯᠠᠨ ᠬᠥᠮᠦᠨ᠎ᠳᠦ ᠤᠯᠠᠮᠵᠢᠯᠠᠵᠤ᠂ ᠤᠯᠠᠨ᠎ᠲᠠᠶ ᠬᠠᠮᠲᠤ᠎ᠪᠠᠷ ᠡᠭᠡ ᠤᠯᠤᠰ᠎ᠤᠨ ᠬᠢᠯᠢ᠎ᠶᠢᠨ ᠱᠤᠭᠤᠮ᠎ᠢ ᠰᠠᠶ᠋ᠢᠲᠤᠷ ᠰᠠᠬᠢᠨ ᠬᠠᠮᠠᠭᠠᠯᠠᠨ᠎ᠠ》 ᠭᠡᠪᠡ᠃

《ᠲᠤᠬᠠᠢ᠎ᠶᠢᠨ ᠲᠠᠯᠠᠪᠠᠢ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠴᠤ᠌᠂ ᠨᠠᠮ᠎ᠤᠨ ᠠᠭᠤᠤ ᠶᠡᠬᠡ᠂ ᠠᠷᠠᠳ ᠲᠦᠮᠡᠨ᠎ᠦ ᠠᠭᠤᠤ ᠶᠡᠬᠡ ᠪᠣᠯᠤᠨ ᠡᠬᠡ ᠤᠯᠤᠰ᠎ᠤᠨ ᠠᠭᠤᠤ ᠶᠡᠬᠡ᠎ᠶᠢ ᠣᠶ᠋ᠢᠯᠠᠭᠠᠵᠤ᠂ ᠰᠡᠳᠬᠢᠯ ᠮᠠᠰᠢ ᠳᠣᠭᠳᠣᠯᠵᠤ ᠪᠠᠶ᠋ᠢᠨ᠎ᠠ》᠂ ᠪᠥᠬᠥ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠥᠪᠥᠷ ᠮᠣᠩᠭᠣᠯ᠎ᠤᠨ ᠨᠢᠭᠡᠳᠦᠭᠡᠷ ᠮᠠᠰᠢᠨ ᠮᠧᠬᠠᠨᠢᠭ᠎ᠤᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠳᠥᠷᠪᠡᠳᠦᠭᠡᠷ ᠬᠤᠪᠢᠶᠠᠷᠢ ᠺᠣᠮᠫᠠᠨᠢ᠎ᠶᠢᠨ ᠲᠣᠭᠠᠴᠢᠯᠠᠭᠰᠠᠨ ᠡᠵᠡᠮᠳᠡᠯ᠎ᠦᠨ  ᠮᠠᠰᠢᠨ ᠲᠡᠷᠬᠡᠨ ᠎ᠤ ᠠᠵᠢᠯᠴᠢᠨ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠲᠡᠷᠢᠭᠦᠨ ᠮᠠᠰᠲᠸᠷ ᠵᠣᠣ ᠵᠢᠩ᠂ ᠪᠢ ᠨᠢᠭᠡ ᠡᠩ᠎ᠦᠨ ᠮᠡᠷᠭᠡᠵᠢᠯ᠎ᠦᠨ ᠠᠵᠢᠯᠴᠢᠨ ᠪᠠᠶ᠋ᠢᠭᠰᠠᠨ ᠡᠴᠡ᠎ᠪᠠᠨ ᠪᠥᠬᠥ᠌ ᠤᠯᠤᠰ᠎ᠤᠨ ᠮᠡᠷᠭᠡᠵᠢᠯ᠎ᠦᠨ ᠴᠢᠳᠠᠪᠤᠷᠢᠲᠠᠨ᠂ ᠤᠯᠤᠰ᠎ᠤᠨ ᠲᠠᠰ᠎ᠤᠨ ᠤᠷ᠎ᠠ ᠮᠡᠷᠭᠡᠵᠢᠯ ᠤ᠋ᠨ ᠶᠡᠬᠡ ᠪᠠᠭᠰᠢ᠎ᠶᠢᠨ ᠠᠵᠢᠯᠯᠠᠬᠤ ᠲᠠᠰᠤᠭ᠎ᠤᠨ ᠳᠠᠭᠠᠭᠤᠯᠤᠭᠴᠢ ᠪᠣᠯᠵᠣ ᠪᠤᠢᠵᠢᠬᠤ᠎ᠳᠦ ᠠᠯᠬᠤᠮ ᠪᠦᠷᠢ᠎ᠶᠢᠨ ᠪᠣᠶ᠋ᠢᠵᠢᠯᠲᠠ ᠴᠥᠮ ᠨᠠᠮ᠎ᠤᠨ ᠬᠥᠮᠦᠵᠢᠯ ᠡᠴᠡ ᠰᠠᠯᠵᠤ ᠴᠢᠳᠠᠬᠤ ᠥᠬᠡᠶ ᠶᠤᠮ᠃ ᠬᠣᠶ᠋ᠢᠰᠢᠳᠠ᠎ᠶᠢᠨ ᠠᠵᠢᠯ᠎ᠤᠨ ᠳᠤᠮᠳᠠ᠎ᠪᠠᠨ ᠦᠷᠭᠦᠯᠵᠢᠯᠡᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ᠂ ᠦᠷᠭᠦᠯᠵᠢᠯᠡᠨ ᠲᠡᠮᠡᠴᠡᠵᠦ᠍᠂ ᠨᠢᠭᠲᠠ ᠡᠴᠡ ᠨᠢᠭᠲᠠ ᠪᠠᠶ᠋ᠢᠵᠤ᠂ ᠰᠡᠯᠪᠢᠭ ᠲᠣᠨᠣᠭ ᠨᠢᠭᠡ ᠪᠦᠷᠢ᠎ᠶᠢ ᠪᠣᠯᠪᠠᠰᠤᠷᠠᠭᠤᠯᠬᠤ ᠳᠤᠮᠳᠠ ᠤᠬᠢ ᠰᠤᠳᠤ ᠵᠢ ᠬᠥᠭᠡᠭᠡᠴᠡᠯᠳᠦᠵᠦ᠍᠂ ᠪᠠᠴᠢᠮ ᠬᠦᠴᠢᠷ ᠠᠶᠤᠯᠲᠠᠶ ᠬᠦᠨᠳᠦ ᠡᠭᠦᠷᠭᠡ ᠳ᠋ᠤ ᠡᠮᠦᠨ᠎ᠡ᠎ᠨᠢ ᠭᠠᠪᠰᠢᠭᠠᠶ᠋ᠢᠯᠠᠵᠤ᠂ ᠪᠦᠯᠬᠦᠮ ᠵᠢᠡᠨ ᠳᠠᠭᠠᠭᠤᠯᠤᠨ ᠨᠠᠷᠢᠯᠢᠭ ᠪᠣᠯᠪᠠᠰᠤᠷᠠᠭᠤᠯᠬᠤ ᠮᠡᠷᠭᠡᠵᠢᠯ᠎ᠦᠨ ᠬᠦᠴᠢᠷᠳᠡᠯ᠎ᠢ ᠦᠷᠭᠦᠯᠵᠢᠯᠡᠨ ᠰᠢᠪᠲᠤᠯᠵᠤ᠂ ᠤᠯᠤᠰ᠎ᠤᠨ ᠰᠤᠳᠤᠨ ᠲᠤᠨᠤᠭᠯᠠᠯ ᠢ᠋ ᠳᠠᠪᠲᠠᠨ ᠪᠣᠯᠪᠠᠰᠤᠷᠠᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠵᠠᠢ᠃

《ᠡᠨᠡ ᠬᠦ᠌ ᠢᠷᠠᠭᠤ ᠠᠯᠳᠠᠷ ᠨᠢ ᠪᠦᠬᠦᠢᠯᠡ ᠭᠠᠯ ᠤ᠋ᠨ ᠠᠶᠤᠯ ᠢ᠋ ᠰᠦᠷᠤᠨ ᠤᠷᠤᠬᠰᠢᠯᠠᠳᠠᠭ ᠭᠠᠯ ᠰᠡᠷᠭᠡᠢᠯᠡᠵᠤ ᠭᠠᠯ ᠤᠨᠳᠠᠷᠠᠭᠠᠬᠤ ᠠᠨᠭᠭᠢ ᠵᠢᠨ ᠲᠠᠢ᠌ᠴᠢᠨ ᠨᠥᠬᠥᠳ᠎ᠦᠨ ᠬᠢ ᠶᠤᠮ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠮᠦᠨ᠎ᠡ ᠹᠷᠣᠨᠲ᠎ᠲᠤ᠌ ᠬᠦᠨ ᠦᠨᠳᠤᠰᠤᠯᠡᠭᠰᠡᠨ 18 ᠵᠢᠯ᠎ᠳᠦ᠂ ᠪᠢ 〈ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶᠢ ᠳᠡᠭᠡᠳᠦᠯᠡᠬᠦ᠌〉 ᠵᠢᠨ ᠬᠦᠨᠳᠦᠴᠡ᠎ᠶᠢ ᠭᠦᠨᠵᠡᠭᠡᠶ ᠣᠶ᠋ᠢᠯᠠᠭᠠᠵᠠᠢ》᠃ ᠪᠦᠬᠦ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠬᠥᠬᠡᠬᠣᠲᠠ᠎ᠶᠢᠨ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶᠢᠨ ᠡᠮᠦᠨ᠎ᠡ ᠬᠣᠶᠠᠳᠤᠭᠠᠷ ᠲᠣᠭᠣᠷᠢᠯ ᠵᠠᠮ᠎ᠤᠨ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ᠎ᠦ ᠳᠠᠷᠤᠭ᠎ᠠ ᠪᠠᠭᠠᠲᠤᠷ᠄《ᠤᠳᠠᠭ᠎ᠠ ᠪᠦᠷᠢ᠎ᠶᠢᠨ ᠰᠦᠷᠤᠨ ᠤᠷᠤᠬᠰᠢᠯᠠᠯᠳᠠ ᠨᠢ ᠤᠯᠠᠨ ᠲᠦᠮᠡᠨ᠎ᠦ ᠠᠮᠢ ᠨᠠᠰᠤ ᠡᠳ᠋ ᠬᠦᠷᠦᠩᠭᠡ᠎ᠶᠢᠨ ᠠᠮᠤᠷ ᠲᠦᠪᠰᠢᠨ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠡᠪ ᠬᠠᠮᠲᠤ᠌ ᠨᠠᠮ᠎ᠤᠨ ᠭᠡᠰᠢᠭᠦᠨ᠎ᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠦᠢᠯᠡᠳᠦᠯᠭᠡᠵᠢᠭᠦᠯᠬᠦ᠌ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠃ ᠪᠢ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠡᠷᠳᠡᠮ ᠴᠢᠳᠠᠪᠤᠷᠢ᠎ᠪᠠᠨ ᠬᠠᠲᠠᠭᠤᠵᠢᠯᠲᠠᠢ ᠪᠣᠯᠪᠠᠰᠤᠷᠠᠵᠤ᠂ ᠨᠠᠮ᠎ᠪᠠ ᠠᠷᠠᠳ ᠲᠦᠮᠡᠨ᠎ᠢ ᠰᠡᠳᠬᠢᠯ ᠬᠠᠨᠤᠮᠵᠢᠲᠠᠢ ᠪᠠᠶ᠋ᠢᠯᠭᠠᠬᠤ ᠭᠠᠯ ᠰᠡᠷᠭᠡᠶ᠋ᠢᠯᠡᠬᠦ᠌ ᠭᠠᠯ ᠤᠨᠲᠠᠷᠠᠭᠠᠬᠤ ᠰᠢᠳᠤᠷᠭᠤ ᠬᠠᠮᠠᠭᠠᠯᠠᠭᠴᠢ ᠪᠤᠯᠵᠤ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ ᠪᠦᠬᠦ᠌ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠬᠡᠯᠡᠪᠡ᠃

《ᠡᠨᠡ ᠬᠦ᠌ ᠢᠷᠠᠭᠤ ᠠᠯᠳᠠᠷ ᠨᠢ ᠵᠣᠷᠢᠭᠵᠢᠭᠤᠯᠤᠯ ᠪᠣᠯᠬᠤ ᠪᠥᠭᠡᠳ ᠨᠡᠩ ᠴᠤ᠌ ᠱᠠᠭᠠᠷᠳᠠᠯᠭ᠎ᠠ ᠪᠣᠯᠤᠨ᠎ᠠ》᠃ ᠪᠦᠬᠦ᠌ ᠤᠯᠤᠰ᠎ᠤᠨ ᠰᠢᠯᠢᠳᠡᠭ ᠨᠠᠮ᠎ᠤᠨ ᠠᠵᠢᠯ᠎ᠤᠨ ᠠᠵᠢᠯᠲᠠᠨ᠂ ᠥᠪᠥᠷ ᠮᠣᠩᠭᠣᠯ᠎ᠤᠨ ᠠᠵᠤ ᠦᠢᠯᠡᠳᠪᠤᠷᠢ᠎ᠶᠢᠨ ᠶᠡᠬᠡ ᠰᠤᠷᠭᠠᠭᠤᠯᠢ᠎ᠶᠢᠨ ᠮᠡᠳᠡᠭᠡ ᠵᠠᠩᠭᠢ᠎ᠶᠢᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ ᠵᠢᠨ ᠭᠡᠰᠢᠭᠦᠨ᠂ ᠷᠠᠳᠠᠷ᠎ᠤᠨ ᠮᠡᠷᠭᠡᠵᠢᠯ᠎ᠦᠨ ᠰᠤᠳᠤᠯᠭᠠᠨ᠎ᠤ ᠭᠠᠵᠠᠷ᠎ᠤᠨ ᠨᠠᠮ᠎ᠤᠨ ᠡᠭᠦᠷ᠎ᠦᠨ ᠱᠦᠵᠢ ᠲᠠᠨ ᠸᠧᠢ ᠰᠢᠶᠠᠨ᠂ ᠡᠭᠦᠨ᠎ᠢᠶᠡᠷ ᠰᠢᠨ᠎ᠡ ᠡᠬᠢᠯᠡᠯᠲᠡ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠡᠭᠦᠷ᠎ᠢᠶᠡᠨ ᠳᠠᠭᠠᠭᠤᠯᠤᠨ ᠥᠪᠥᠷ ᠮᠣᠩᠭᠣᠯ᠎ᠤᠨ ᠡᠬᠡ ᠭᠠᠵᠠᠷ᠎ᠲᠤ᠌ ᠦᠷᠭᠦᠯᠵᠢᠯᠡᠨ ᠬᠦᠨᠵᠡᠭᠡᠢᠷᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠠᠢ᠌ᠴᠢᠨ ᠪᠡᠬᠢᠯᠡᠯᠲᠡ᠎ᠶᠢ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠮᠦᠨ᠎ᠡ ᠹᠷᠣᠨᠲ᠎ᠲᠤ᠌ ᠪᠠᠲᠤ᠌ ᠴᠣᠭᠴᠠᠯᠠᠵᠤ᠂ ᠥᠭᠦᠯᠡᠯ᠎ᠢᠶᠡᠨ ᠡᠬᠡ ᠤᠯᠤᠰ᠎ᠤ᠋ᠨ ᠡᠭᠡ ᠭᠠᠵᠠᠷ ᠳᠡᠭᠡᠷ᠎ᠡ ᠪᠢᠴᠢᠭᠯᠡᠵᠤ᠂ ᠷᠠᠳᠠᠷ᠎ᠤᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠌ ᠪᠠ ᠣᠷᠣᠶ᠋ᠢᠯᠠᠭᠰᠠᠨ ᠴᠢᠳᠠᠪᠤᠷᠢᠲᠠᠨ᠎ᠢ ᠬᠥᠮᠦᠵᠢᠭᠦᠯᠬᠦ᠌ ᠳᠤᠮᠳᠠ ᠤᠳᠠᠭᠠᠨ ᠳᠠᠭᠠᠭᠠᠮᠠᠭᠠᠶ ᠵᠢᠳᠬᠦᠨ ᠴᠢᠷᠮᠠᠶ᠋ᠢᠵᠤ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠴᠢᠨᠠᠷ ᠰᠠᠶ᠋ᠢᠲᠠᠶ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠤᠯᠤᠰ᠎ᠤᠨ ᠠᠮᠤᠷ ᠲᠦᠪᠰᠢᠨ ᠪᠠ ᠥᠪᠥᠷ ᠮᠣᠩᠭᠣᠯ᠎ᠤᠨ ᠣᠳᠣᠬᠢᠴᠢᠯᠠᠯᠳᠠ ᠵᠢᠨ ᠪᠥᠲᠥᠭᠡᠨ ᠪᠠᠶ᠋ᠢᠭᠤᠯᠤᠯᠲᠠ᠎ᠳᠤ ᠦᠢᠯᠡᠴᠢᠯᠡᠬᠦ᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃

ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠠᠳ᠂ ᠪᠦᠬᠦ᠌ ᠤᠯᠤᠰ᠎ᠤᠨ ᠰᠢᠯᠢᠳᠡᠭ ᠨᠠᠮ᠎ᠤᠨ ᠠᠵᠢᠯᠳᠠᠨ᠂ ᠲᠦᠩᠯᠢᠶᠣᠤ ᠬᠤᠳᠠ᠎ᠶᠢᠨ ᠵᠠᠷᠤᠳ ᠬᠣᠰᠢᠭᠤᠨ᠎ᠤ ᠪᠠᠶᠠᠨᠲᠠᠯ᠎ᠠ ᠰᠤᠮᠤᠨ᠎ᠤ ᠪᠠᠷᠠᠭᠤᠨ ᠪᠠᠶᠠᠨᠲᠠᠯ᠎ᠠ ᠲᠣᠰᠬᠣᠨ᠎ᠤ ᠨᠠᠮ᠎ᠤᠨ ᠡᠭᠦᠷ᠎ᠦᠨ ᠱᠦᠵᠢ᠂ ᠲᠣᠰᠬᠣᠨ᠎ᠤ ᠵᠥᠪᠯᠡᠯ᠎ᠦᠨ ᠡᠷᠬᠢᠯᠡᠭᠴᠢ ᠾᠧ ᠱᠧᠩ ᠵᠢᠶᠦ᠋ᠨ ᠲᠤᠶ᠋ᠢᠯ᠎ᠢᠶᠠᠷ ᠤᠷᠮᠠᠰᠢᠨ ᠵᠣᠷᠢᠭᠵᠢᠵᠤ᠂ 《ᠪᠢ ᠦᠷᠭᠦᠯᠵᠢᠯᠡᠨ ᠪᠣᠳᠠᠲᠤ᠌ ᠠᠵᠢᠯᠯᠠᠭ᠎ᠠ᠎ᠪᠠᠷ᠎ᠢᠶᠠᠨ ᠤᠬ ᠰᠠᠨᠠᠭ᠎ᠠ᠎ᠪᠠᠨ ᠲᠠᠶ᠋ᠢᠯᠪᠤᠷᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠪᠢᠴᠢᠭᠯᠡᠨ᠎ᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠥᠷᠭᠡᠨ ᠠᠭᠤᠳᠠᠮ ᠲᠠᠪᠴᠠᠩ ᠳᠡᠭᠡᠷ᠎ᠡ᠂ ᠨᠤᠲᠤᠭ᠎ᠤᠨ ᠠᠬ᠎ᠠ ᠳᠡᠭᠦᠦ᠎ᠨᠡᠷ᠎ᠢᠶᠡᠨ ᠳᠠᠭᠠᠭᠤᠯᠤᠨ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠲᠠᠰᠤᠷᠠᠯᠳᠠ ᠦᠭᠡᠢ ᠪᠤᠵᠠᠭᠠᠶ᠋ᠢᠷᠠᠭᠤᠯᠵᠤ᠂ ᠲᠣᠰᠬᠣᠨ᠎ᠤ ᠠᠷᠠᠳ ᠤ᠋ᠨ ᠠᠮᠢᠳᠤᠷᠠᠯ᠎ᠢ ᠶᠠᠪᠤᠬᠤ ᠲᠤᠳᠤᠮ ᠰᠠᠶ᠋ᠢᠵᠢᠷᠠᠭᠤᠯᠤᠨ᠎ᠠ》 ᠭᠡᠵᠤ ᠬᠡᠯᠡᠪᠡ᠃

ᠪᠦᠬᠦ᠌ ᠤᠯᠤᠰ᠎ᠤᠨ ᠰᠢᠯᠢᠳᠡᠭ ᠨᠠᠮ᠎ᠤᠨ ᠠᠵᠢᠯ ᠤ᠋ᠨ ᠠᠵᠢᠯᠳᠠᠨ᠂ ᠦᠬᠠᠢ ᠬᠤᠳᠠ᠎ᠶᠢᠨ ᠤᠳᠠ᠎ᠶᠢᠨ ᠲᠤᠬᠤᠢ ᠲᠣᠭᠣᠷᠢᠭ᠎ᠤᠨ ᠪᠠᠶᠠᠨᠰᠠᠢ᠌ᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯ ᠤ᠋ᠨ ᠬᠣᠷᠢᠶ᠎ᠠ ᠵᠢᠨ ᠱᠦᠵᠢ ᠸᠠᠩ ᠭᠠᠢ ᠮᠧᠢ᠄《ᠪᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠵᠤ ᠠᠷᠠᠳ ᠲᠦᠮᠡᠨ᠎ᠳᠦ ᠪᠤᠶᠠᠨ ᠦᠢᠯᠡᠳᠴᠦ᠍᠂ ᠲᠡᠷᠢᠭᠦᠨ᠎ᠦ ᠨᠡᠶ᠋ᠢᠲᠡᠯᠢᠭ ᠵᠢᠱ᠌ᠢᠢ᠎ᠡ᠎ᠪᠡᠷ ᠬᠡᠪ ᠳᠠᠭᠤᠷᠢᠶᠠᠯ ᠪᠣᠯᠭᠠᠵᠤ᠂ ᠥᠩᠭᠡᠷᠡᠭᠰᠡᠨ᠎ᠲᠡᠶ᠎ᠪᠡᠨ ᠠᠳᠠᠯᠢ᠎ᠪᠠᠷ ᠨᠠᠮ᠎ᠤᠨ ᠳᠠᠭᠤᠨ᠎ᠢ ᠰᠠᠶ᠋ᠢᠲᠤᠷ ᠳᠠᠮᠵᠢᠭᠤᠯᠵᠤ᠂ ᠨᠠᠮ᠎ᠤᠨ ᠲᠦᠷᠦ᠎ᠶᠢᠨ ᠪᠤᠳᠤᠯᠭ᠎ᠠ᠎ᠶᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠠᠮᠲᠤ᠎ᠪᠠᠷ ᠲᠡᠮᠡᠴᠡᠵᠦ᠍᠂ ᠪᠣᠳᠠᠲᠠᠢ᠎ᠶᠢ ᠡᠷᠬᠢᠮᠯᠡᠬᠦ᠌ ᠠᠷᠢᠭᠤᠨ ᠴᠢᠬᠡᠴᠢ ᠪᠠᠶ᠋ᠢᠬᠤ ᠰᠤᠷᠲᠠᠯ᠎ᠢᠶᠠᠷ ᠴᠠᠭ ᠦᠶ᠎ᠡ᠎ᠳ᠋ᠤ ᠦᠯᠤ ᠤᠰᠤᠯᠳᠠᠬᠤ᠂ ᠠᠷᠠᠳ ᠲᠦᠮᠡᠨ᠎ᠳᠦ ᠦᠯᠤ ᠣᠰᠣᠯᠳᠠᠬᠤ᠂ ᠵᠠᠯᠠᠭᠤ ᠨᠠᠰᠤ᠎ᠪᠠᠨ ᠦᠯᠤ ᠬᠥᠰᠡᠷᠳᠡᠭᠦᠯᠬᠦ᠌ ᠴᠣ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠨ᠎ᠡ》 ᠭᠡᠵᠤ ᠬᠡᠯᠡᠪᠡ᠃

ᠪᠥᠬᠥ᠌ ᠤᠯᠤᠰ᠎ᠤᠨ ᠰᠢᠯᠢᠳᠡᠭ ᠨᠠᠮ᠎ᠤᠨ ᠠᠵᠢᠯ᠎ᠤᠨ ᠠᠵᠢᠯᠲᠠᠨ᠂ ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶᠢᠨ ᠥᠪᠥᠷ ᠮᠣᠩᠭᠣᠯ᠎ᠤᠨ ᠬᠥᠯᠥᠨ ᠪᠣᠶ᠋ᠢᠷ ᠬᠣᠲᠠ᠎ᠶᠢᠨ ᠾᠧ ᠳ᠋ᠦᠩ ᠰᠠᠯᠪᠤᠷᠢ ᠪᠠᠩᠬᠢ᠎ᠶᠢᠨ ᠨᠠᠮ᠎ᠤᠨ ᠡᠭᠦᠷ᠎ᠦᠨ ᠱᠦᠵᠢ᠂ ᠪᠠᠩᠬᠢ᠎ᠶᠢᠨ ᠳᠠᠷᠤᠭ᠎ᠠ᠎ᠸᠠᠩ ᠶᠠ ᠷᠦᠩ᠂ ᠢᠷᠠᠭᠤ ᠠᠯᠳᠠᠷ᠎ᠢᠶᠠᠨ ᠬᠤᠪᠢ ᠳᠠᠬᠢᠨ ᠨᠠᠨᠳᠢᠩᠨᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠲᠦᠷᠦᠭᠦᠯᠡᠨ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠌ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠣᠭ ᠰᠠᠨᠠᠭ᠎ᠠ᠎ᠪᠠᠨ ᠦᠨᠡᠨ ᠬᠦ᠌ ᠴᠢᠰᠤᠨ᠎ᠳᠠᠭᠠᠨ ᠠᠭᠤᠰᠬᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠨᠡᠶ᠋ᠢᠭᠡᠮ ᠵᠢᠷᠤᠮᠲᠤ᠌ ᠣᠳᠣᠬᠢᠴᠢᠯᠠᠭᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠳᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠶ᠋ᠢᠨ᠎ᠠ ᠭᠡᠵᠦ ᠢᠯᠡᠳᠭᠡᠪᠡ᠃

ᠪᠡᠬᠢᠯᠡᠯᠲᠡ᠎ᠶᠢ ᠪᠡᠬᠢᠵᠢᠬᠦᠯᠦᠨ ᠬᠦᠴᠦᠷᠬᠡᠭᠵᠢᠭᠦᠯᠵᠦ᠍᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠬᠥᠭᠵᠢᠯᠲᠡ᠎ᠶᠢ ᠠᠬᠢᠭᠤᠯᠤᠨ᠎ᠠ

ᠲᠣᠰ ᠤᠳᠠᠭ᠎ᠠ᠂ ᠮᠠᠨ᠎ᠤ ᠣᠷᠣᠨ᠎ᠤ 6 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠥᠬᠥ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠪᠠᠷ ᠦᠨᠡᠯᠡᠭᠳᠡᠪᠡ᠃ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠬᠠᠷᠢᠭᠤᠴᠠᠯᠭᠠᠲᠠᠨ ᠨᠥᠬᠥᠳ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠠ ᠨᠠᠷᠢᠨ ᠣᠶ᠋ᠢᠯᠠᠭᠠᠵᠤ᠂ ᠢᠮᠠᠭᠲᠠ ᠤᠯᠠᠠ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠤᠷᠲᠤ᠌ ᠬᠤᠭᠤᠴᠠᠭ᠎ᠠ᠎ᠪᠠᠷ ᠪᠠᠷᠢᠮᠲᠠᠯᠠᠬᠤ ᠪᠣᠳᠠᠲᠠᠢ ᠠᠵᠢᠯᠯᠠᠬᠤ ᠣᠪᠣᠷ ᠪᠠᠶ᠋ᠢᠳᠠᠯ᠎ᠢᠶᠠᠷ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠤᠯᠤᠰ ᠲᠦᠷᠦ᠎ᠶᠢᠨ ᠳᠠᠪᠠᠭᠤᠯᠢᠭ᠂ ᠵᠣᠬᠢᠶᠠᠨ ᠪᠠᠶ᠋ᠢᠭᠤᠯᠤᠯᠲᠠ᠎ᠶᠢᠨ ᠳᠠᠪᠠᠭᠤᠯᠢᠭ᠎ᠢ ᠬᠢᠯᠢ ᠬᠢᠵᠠᠭᠠᠷ᠎ᠤᠨ ᠬᠥᠭᠵᠢᠯᠲᠡ᠂ ᠤᠯᠠᠠ ᠲᠦᠮᠡᠨ᠎ᠦ ᠵᠣᠯ ᠵᠢᠷᠭᠠᠯᠲᠤ᠌ ᠬᠥᠭᠵᠢᠯᠲᠡ᠎ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠡᠭᠡ ᠤᠯᠤᠰ᠎ᠤᠨ ᠤᠮᠠᠷᠠᠲᠤ᠌ ᠬᠢᠯᠢ᠎ᠳᠦ ᠦᠨᠳᠦᠰᠦᠨ ᠱᠠᠲᠤᠨ᠎ᠤ ᠵᠠᠰᠠᠯᠲᠠ᠂ ᠠᠷᠠᠳ᠎ᠢ ᠪᠠᠶᠠᠵᠢᠭᠤᠯᠤᠨ ᠬᠢᠯᠢ ᠬᠢᠵᠠᠭᠠᠷ᠎ᠢ ᠮᠠᠨᠳᠤᠭᠤᠯᠬᠤ ᠴᠣ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠨ᠎ᠡ ᠭᠡᠵᠦ᠍ ᠢᠯᠡᠳᠬᠡᠵᠡᠭᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠮᠠᠨ᠎ᠤ ᠨᠡᠶ᠋ᠢᠭᠡᠮ ᠲᠣᠭᠣᠷᠢᠭ᠎ᠤᠨ ᠠᠵᠢᠯᠲᠠᠳ᠎ᠲᠤ᠌ ᠬᠦᠴᠦᠷᠬᠡᠭ ᠶᠡᠬᠡ ᠢᠲᠡᠭᠡᠯ ᠵᠣᠷᠢᠭ ᠪᠠ ᠬᠦᠴᠦᠨ ᠴᠢᠳᠠᠯ ᠨᠡᠮᠡᠷᠢᠯᠡᠪᠡ》᠃ ᠮᠠᠨᠵᠤᠤᠷ ᠬᠤᠳᠠ᠎ᠶᠢᠨ ᠰᠢᠨ ᠺᠠᠢ ᠾᠧ ᠪᠠᠯᠭᠠᠰᠤᠨ᠎ᠤ ᠡᠯ ᠺᠠ ᠨᠡᠶ᠋ᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠬᠤ᠌ ᠶᠠ ᠵᠢᠶᠦᠢ᠍ᠨ᠂ 《ᠬᠣᠶ᠋ᠢᠰᠢᠳᠠ᠎ᠶᠢᠨ ᠠᠵᠢᠯ᠎ᠤᠨ ᠳᠤᠮᠳᠠ᠂ ᠪᠢᠳᠡ ᠨᠠᠮ᠎ᠤᠨ ᠪᠠᠶ᠋ᠢᠭᠤᠯᠤᠯᠲᠠ᠎ᠪᠠᠷ ᠬᠦᠳᠦᠯᠥᠨ ᠳᠠᠭᠠᠭᠤᠯᠬᠤ᠎ᠶᠢ ᠠᠵᠤ ᠦᠢᠯᠡᠰ᠎ᠦᠨ ᠬᠥᠭᠵᠢᠯᠲᠡ᠂ ᠦᠨᠳᠦᠰᠦᠨ ᠱᠠᠲᠤᠨ᠎ᠤ ᠵᠠᠰᠠᠯᠲᠠ᠎ᠶᠢᠨ ᠪᠦᠬᠦ᠌ ᠶᠠᠪᠤᠴᠠ᠎ᠳᠤ ᠲᠤᠭᠤᠰᠢᠯᠠᠭᠤᠯᠬᠤ᠎ᠶᠢ ᠪᠠᠷᠢᠮᠲᠠᠯᠠᠵᠤ᠂ ᠬᠢᠯᠢ᠎ᠶᠢᠨ ᠰᠡᠷᠭᠡᠶ᠋ᠢᠯᠡᠯᠲᠡ᠎ᠶᠢᠨ ᠱᠤᠭᠤᠮ᠎ᠢ ᠰᠠᠶ᠋ᠢᠲᠤᠷ ᠰᠠᠬᠢᠵᠤ᠂ ᠡᠯ ᠺᠠ ᠨᠤᠭᠤ ᠭᠠᠵᠠᠷ᠎ᠤᠨ ᠠᠮᠢ ᠠᠬᠤᠢ᠎ᠶᠢᠨ ᠬᠠᠯᠬᠠᠪᠴᠢ᠎ᠶᠢ ᠰᠠᠶ᠋ᠢᠲᠤᠷ ᠬᠠᠮᠠᠭᠠᠯᠠᠵᠤ᠂ ᠤᠨᠴᠠᠯᠢᠬᠳᠤ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠢᠯᠢ᠎ᠶᠢᠨ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠌ ᠠᠷᠭ᠎ᠠ ᠵᠠᠮ᠎ᠢ ᠥᠷᠭᠡᠳᠬᠡᠵᠦ᠍᠂ ᠣᠨᠴᠠᠭᠠᠢ ᠬᠥᠮᠦᠰ᠎ᠦᠨ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ᠎ᠶᠢ ᠨᠠᠷᠢᠯᠢᠭ ᠰᠠᠶ᠋ᠢᠲᠤᠷ ᠬᠢᠵᠦ᠍᠂ ᠵᠠᠰᠠᠭ᠎ᠤᠨ ᠠᠵᠢᠯ᠎ᠤᠨ ᠪᠦᠳᠦᠮᠵᠢ᠎ᠶᠢ ᠤᠯᠠᠨ ᠲᠦᠮᠡᠨ᠎ᠦ ᠪᠠᠶᠠᠰᠬᠤᠯᠠᠩᠳᠦ ᠴᠢᠷᠠᠢ ᠳᠡᠭᠡᠷ᠎ᠡ ᠪᠢᠴᠢᠵᠦ᠍᠂ ᠴᠠᠭ ᠦᠶ᠎ᠡ᠎ᠳᠦ ᠣᠰᠣᠯᠳᠠᠬᠤ ᠦᠭᠡᠢ ᠦᠨᠳᠦᠰᠦᠨ ᠱᠠᠲᠤᠨ᠎ᠤ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠬᠤ ᠬᠡᠷᠡᠭᠲᠡᠢ》 ᠭᠡᠵᠦ ᠬᠡᠯᠡᠪᠡ᠃

《ᠶᠡᠷᠦᠩᠬᠡᠢ ᠱᠦᠵᠢ ᠰᠢ ᠵᠢᠨ ᠫᠢᠩ᠂ ᠵᠠᠯᠠᠭᠤᠴᠤᠳ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠪᠡᠯᠡᠳᠬᠡᠯ ᠬᠦᠴᠦᠨ ᠮᠥᠨ ᠭᠡᠵᠦ ᠴᠢᠬᠤᠯᠠᠴᠢᠯᠠᠪᠠ᠃ ᠭᠠᠴᠠᠭᠠᠨ᠎ᠤ ᠨᠠᠮ᠎ᠤᠨ ᠡᠭᠦᠷ᠎ᠦᠨ ᠵᠠᠯᠠᠭᠤ ᠱᠦᠵᠢ ᠪᠣᠯᠤᠭᠰᠠᠨ᠎ᠤ ᠬᠤᠪᠢ᠎ᠳᠤ᠂ ᠪᠢ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠨᠠᠮ᠎ᠤᠨ ᠡᠭᠦᠷ᠎ᠢ ᠲᠦᠷᠦᠭᠦᠯᠡᠨ ᠪᠠᠶ᠋ᠢᠭᠤᠯᠤᠨ ᠬᠦᠴᠦᠷᠬᠡᠭᠵᠢᠭᠦᠯᠵᠦ᠍᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠶᠢᠨ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ᠎ᠲᠠᠶ ᠭᠠᠷ ᠬᠣᠯᠪᠣᠨ᠂ ᠪᠣᠬᠢᠷᠲᠤᠯ ᠥᠬᠡᠶ ᠡᠬᠢ ᠪᠠᠶᠠᠯᠢᠭ᠎ᠢ ᠠᠮᠢᠯᠠᠭᠤᠯᠵᠤ᠂ ᠬᠥᠳᠡᠭᠡ ᠲᠣᠰᠬᠣᠨ᠎ᠤ ᠵᠠᠰᠠᠯᠲᠠ᠎ᠶᠢ ᠭᠦᠨᠵᠡᠭᠡᠶ᠋ᠢᠷᠡᠭᠦᠯᠵᠦ᠍᠂ ᠪᠥᠬᠥ᠌ ᠲᠣᠰᠬᠣᠨ᠎ᠤ ᠣᠯᠠᠨ ᠲᠦᠮᠡᠨ᠎ᠢ ᠪᠦᠯᠬᠦᠮᠳᠡᠭᠦᠯᠦᠨ᠂ ᠠᠵᠤ ᠦᠢᠯᠡᠰ᠎ᠢ ᠪᠣᠳᠠᠲᠠᠶ᠋ᠢᠵᠢᠭᠤᠯᠵᠤ᠂ ᠠᠰᠢᠭ ᠣᠷᠣᠯᠭ᠎ᠠ᠎ᠶᠢ ᠭᠦᠨᠵᠡᠭᠡᠶ᠋ᠢᠷᠡᠭᠦᠯᠦᠨ᠂ ᠴᠠᠷᠠᠰᠤᠨ ᠭᠠᠴᠠᠭ᠎ᠠ᠎ᠶᠢ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠶ ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠬᠣᠨ ᠪᠣᠯᠭᠠᠨ᠎ᠠ》 ᠭᠡᠵᠦ᠍ ᠬᠢᠩᠭᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠴᠠᠷᠠᠰᠤᠨ ᠪᠠᠯᠭᠠᠰᠤᠨ᠎ᠤ ᠴᠠᠷᠠᠰᠤᠨ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠳ᠋ᠦᠩ ᠵᠢᠶᠠᠨ ᠰᠢᠨ ᠬᠡᠯᠡᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠦᠨ ᠰᠤᠳᠤᠯᠭᠠᠨ ᠪᠠ ᠬᠡᠷᠡᠭᠯᠡᠭᠡᠨ᠎ᠦ ᠲᠥᠪ (ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠰᠡᠳᠬᠦᠯ᠎ᠦᠨ ᠬᠣᠷᠢᠶ᠎ᠠ) ᠤ᠋ᠨ ᠨᠠᠮ᠎ᠤᠨ ᠡᠭᠦᠷ᠎ᠦᠨ ᠱᠦᠵᠢ᠂ ᠡᠷᠬᠢᠯᠡᠭᠴᠢ ᠠᠯᠲᠠᠨᠪᠠᠭᠠᠨ᠎ᠠ᠂ ᠨᠠᠮ᠎ᠤᠨ ᠡᠭᠦᠷ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠡᠨᠡ ᠬᠦ᠌ ᠭᠣᠣᠯ ᠰᠢᠵᠢᠮ᠎ᠢ ᠪᠠᠳᠤ ᠡᠵᠡᠮᠳᠡᠵᠦ᠂ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠰᠤᠳᠤᠯᠭᠠᠨ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ᠎ᠶᠢᠨ ᠭᠣᠣᠯ ᠬᠠᠷᠢᠭᠤᠴᠠᠯᠭ᠎ᠠ ᠭᠣᠣᠯ ᠠᠵᠢᠯ᠎ᠢ ᠭᠦᠨᠵᠡᠭᠡᠢ ᠠᠬᠢᠭᠤᠯᠵᠤ᠂ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ᠎ᠶᠢ ᠡᠭᠦᠳᠬᠦ᠌᠎ᠪᠡᠷ ᠲᠤᠬᠠᠶ᠋ᠢᠯᠠᠭᠰᠠᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠳᠤ ᠬᠦᠴᠦᠨ ᠤᠯᠭᠤᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠶ᠋ᠢᠲᠤᠷ ᠪᠦᠳᠦᠭᠡᠨ ᠪᠠᠶ᠋ᠢᠭᠤᠯᠬᠤ᠎ᠳᠤ ᠬᠦᠴᠦᠨ ᠴᠢᠳᠠᠯ ᠨᠡᠮᠡᠷᠢᠯᠡᠨ᠎ᠡ ᠭᠡᠵᠦ᠍ ᠢᠯᠡᠳᠬᠡᠪᠡ᠃

ᠢᠷᠠᠭᠤ ᠠᠯᠳᠠᠷ ᠪᠣᠯ ᠵᠣᠷᠢᠭᠵᠢᠭᠤᠯᠤᠯ ᠮᠥᠨ᠂ ᠨᠡᠩ ᠴᠤ᠌ ᠬᠠᠷᠢᠭᠤᠴᠠᠯᠭ᠎ᠠ ᠮᠥᠨ᠃ ᠤᠯᠠᠭᠠᠨᠬᠠᠳᠠ ᠬᠣᠲᠠ᠎ᠶᠢᠨ ᠬᠡᠰᠢᠭᠲᠡᠨ ᠬᠣᠰᠢᠭᠤᠨ᠎ᠤ ᠸᠠᠨ ᠾᠧ ᠶᠦᠩ ᠪᠠᠯᠭᠠᠰᠤᠨ᠎ᠤ ᠭᠤᠸᠠᠨ ᠳ᠋ᠦᠩ ᠴᠧ ᠲᠣᠰᠬᠣᠨ᠎ᠤ ᠨᠠᠮ᠎ᠤᠨ ᠶᠡᠷᠦᠩᠬᠡᠶ ᠡᠭᠦᠷ᠎ᠦᠨ ᠱᠦᠵᠢ᠂ ᠲᠣᠰᠬᠣᠨ᠎ᠤ ᠵᠥᠪᠯᠡᠯ᠎ᠦᠨ ᠡᠷᠬᠢᠯᠡᠭᠴᠢ ᠲᠤᠤ ᠭᠦᠸᠧ ᠬᠤᠸᠠ᠂ ᠬᠣᠶ᠋ᠢᠰᠢᠳᠠ᠎ᠶᠢᠨ ᠠᠵᠢᠯ᠎ᠤᠨ ᠳᠤᠮᠳᠠ᠂ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠂ ᠨᠠᠮ᠎ᠤᠨ ᠭᠡᠰᠢᠭᠦᠨ ᠺᠠᠳ᠋ᠷ᠎ᠤᠨ ᠡᠩᠨᠡᠭᠡᠨ᠎ᠦ ᠪᠠᠶ᠋ᠢᠭᠤᠯᠤᠯᠲᠠ ᠵᠡᠷᠭᠡ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠦᠨᠳᠦᠰᠦᠨ ᠱᠠᠲᠤᠨ᠎ᠤ ᠴᠢᠳᠠᠮᠠᠭᠠᠶ ᠵᠠᠰᠠᠯᠲᠠ᠎ᠶᠢ ᠪᠡᠬᠢᠵᠢᠭᠦᠯᠬᠦ᠌ ᠵᠡᠷᠭᠡ᠎ᠲᠡᠶ ᠤᠯᠠᠮ ᠨᠢᠭᠡ ᠠᠯᠬᠤᠮ ᠨᠢᠭᠲᠠ ᠤᠶᠠᠯᠳᠤᠭᠤᠯᠵᠤ᠂ ᠪᠣᠳᠠᠲᠠᠶ ᠠᠵᠢᠯᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠠᠷᠠᠳ᠎ᠢ ᠪᠠᠶᠠᠵᠢᠭᠤᠯᠬᠤ ᠵᠠᠮ᠎ᠢ ᠶᠠᠪᠤᠬᠤ ᠲᠤᠲᠤᠮ ᠥᠷᠭᠡᠨ ᠳᠠᠷᠳᠠᠩ ᠪᠣᠯᠭᠠᠨ᠎ᠠ ᠭᠡᠵᠤ ᠢᠯᠡᠳᠭᠡᠪᠡ᠃

《ᠬᠥᠬᠢᠭᠦᠯᠦᠭᠳᠡᠨ ᠰᠠᠶ᠋ᠢᠰᠢᠶᠠᠭᠳᠠᠭᠰᠠᠨ ᠲᠡᠷᠢᠭᠦᠨ᠎ᠦ ᠨᠡᠶ᠋ᠢᠲᠡᠯᠢᠭ ᠵᠢᠱ᠌ᠢᠢ᠎ᠡ ᠡᠮᠦᠨ᠎ᠡ ᠹᠷᠣᠨᠲ᠎ᠲᠤ᠌ ᠦᠨᠳᠦᠰᠦᠯᠡᠵᠦ᠍᠂ ᠨᠢᠭᠡ ᠰᠡᠳᠬᠢᠯ᠎ᠢᠶᠡᠷ ᠠᠷᠠᠳ᠎ᠤᠨ ᠲᠥᠯᠥᠭᠡ ᠵᠢᠳᠬᠦᠭᠰᠡᠨ ᠦᠢᠯᠡ ᠠᠵᠢᠯᠯᠠᠭ᠎ᠠ ᠨᠢ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭᠠᠨ᠎ᠤ ᠴᠠᠭ ᠦᠶ᠎ᠡ᠎ᠶᠢᠨ ᠠᠭᠤᠯᠤᠭᠳᠠᠬᠤᠨ᠎ᠢ ᠨᠠᠳᠠ᠎ᠳᠤ ᠨᠡᠩ ᠭᠦᠨᠵᠡᠭᠡᠢ ᠤᠢ᠌ᠯᠠᠭᠠᠭᠤᠯᠪᠠ》᠃ ᠰᠢᠯᠢ᠎ᠶᠢᠨ ᠭᠣᠣᠯ ᠠᠶ᠋ᠢᠮᠠᠭ᠎ᠤᠨ ᠰᠢᠯᠢᠩᠬᠣᠲᠠ᠎ᠶᠢᠨ ᠴᠢᠭᠤᠯᠭᠠᠨ ᠵᠡᠭᠡᠯᠢ ᠭᠤᠳᠤᠮᠵᠢ᠎ᠶᠢᠨ ᠠᠢ ᠮᠢᠨ ᠨᠡᠶ᠋ᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠶᠢᠨ ᠱᠦᠵᠢ ᠵᠠᠩ ᡁᠢ ᠮᠢᠨ᠂ ᠦᠨᠳᠦᠰᠦᠨ ᠱᠠᠲᠤᠨ᠎ᠤ ᠨᠡᠶ᠋ᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠦᠵᠢ ᠪᠣᠯᠤᠭᠰᠠᠨ᠎ᠤ ᠬᠤᠪᠢ᠎ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠨᠠᠮ ᠪᠣᠯᠤᠨ ᠤᠯᠠᠨ ᠲᠦᠮᠡᠨ᠎ᠦ ᠬᠣᠭᠣᠷᠣᠨᠳᠣᠬᠢ ᠰᠡᠳᠬᠢᠯ᠎ᠢ ᠬᠣᠯᠪᠣᠬᠤ ᠬᠥᠭᠥᠷᠭᠡ ᠪᠤᠯᠵᠤ᠂ ᠠᠷᠠᠳ᠎ᠤᠨ ᠠᠮᠢᠳᠤᠷᠠᠯ᠎ᠤᠨ ᠪᠠᠭ᠎ᠠ ᠶᠠᠪᠤᠳᠠᠯ᠎ᠢ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠲᠡᠶ᠎ᠪᠡᠷ ᠰᠠᠶ᠋ᠢᠲᠤᠷ ᠬᠢᠵᠦ᠍᠂ ᠨᠡᠶ᠋ᠢᠭᠡᠮ ᠲᠣᠭᠣᠷᠢᠭ᠎ᠤᠨ ᠵᠠᠰᠠᠯᠲᠠ᠎ᠶᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠍᠂ ᠦᠨᠡᠨ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠡᠷ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠢᠲᠡᠭᠡᠯ᠎ᠢ ᠬᠥᠰᠡᠷᠳᠡᠭᠦᠯᠬᠦ᠌ ᠦᠭᠡᠢ᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠤᠨ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ ᠪᠠᠢᠵᠤ᠂ ᠦᠨᠳᠦᠰᠦᠨ ᠱᠠᠲᠤᠨ᠎ᠤ ᠵᠠᠰᠠᠯᠲᠠ᠎ᠶᠢᠨ ᠣᠳᠣᠬᠢᠴᠢᠯᠠᠯᠲᠠ᠂ ᠠᠷᠠᠳ ᠲᠦᠮᠡᠨ᠎ᠦ ᠵᠣᠯ ᠵᠢᠷᠭᠠᠯ᠎ᠢ ᠬᠠᠮᠠᠭᠠᠯᠠᠬᠤ᠎ᠳᠤ ᠪᠦᠬᠦ᠌ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠪᠡ᠃

《〈ᠪᠦᠬᠦ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ〉 ᠭᠡᠬᠦ᠌ ᠡᠨᠡ ᠬᠦ᠌ ᠡᠷᠬᠢᠮ ᠳᠡᠭᠡᠳᠦ ᠢᠷᠠᠭᠤ ᠠᠯᠳᠠᠷ᠎ᠢ ᠣᠯᠤᠭᠰᠠᠨ ᠨᠢ ᠨᠠᠮ᠎ᠤᠨ ᠲᠥᠪ ᠬᠣᠷᠢᠶ᠎ᠠ᠎ᠶᠢᠨ ᠪᠢᠳᠡᠨ᠎ᠤ 〈ᠨᠠᠮ᠎ᠤᠨ ᠪᠠᠶ᠋ᠢᠭᠤᠯᠤᠯᠲᠠ᠎ᠪᠠᠷ ᠬᠥᠲᠥᠯᠦᠮᠵᠢ ᠪᠣᠯᠭᠠᠵᠤ᠂ ᠪᠣᠳᠠᠲᠤ᠌ ᠦᠢᠯᠡᠰ᠎ᠢᠶᠡᠷ ᠤᠯᠤᠰ᠎ᠲᠠᠭᠠᠨ ᠵᠢᠳᠬᠦᠬᠦ᠌〉 ᠴᠢᠭᠯᠡᠯ᠎ᠢ ᠪᠠᠷᠢᠮᠲᠠᠯᠠᠭᠰᠠᠨ᠎ᠤ ᠭᠦᠢᠴᠡᠳ ᠨᠤᠲᠠᠯᠠᠯᠲᠠ ᠪᠣᠯᠤᠨ᠎ᠠ》᠃ ᠥᠪᠥᠷ ᠮᠣᠩᠭᠣᠯ᠎ᠤᠨ ᠰᠢᠩ ᠳ᠋ᠠ ᠶᠠᠩ ᠭᠤᠸᠠᠩ ᠠᠵᠤ ᠦᠢᠯᠡᠰ (ᠪᠦᠯᠦᠭᠯᠡᠯ)᠎ᠤ᠋ᠨ ᠬᠢᠵᠠᠭᠠᠷᠲᠤ᠌ ᠺᠣᠮᠫᠠᠨᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠶᠠᠩ ᠨᠢᠩ᠂ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠤᠭ ᠰᠠᠨᠠᠭ᠎ᠠ᠎ᠪᠠᠨ ᠪᠠᠲᠤ᠌ ᠰᠠᠬᠢᠵᠤ᠂ ᠬᠠᠷᠠᠯᠲᠠ᠎ᠪᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠢᠨᠠᠷ ᠰᠠᠶ᠋ᠢᠲᠠᠢ ᠨᠠᠮ᠎ᠤᠨ ᠪᠠᠶ᠋ᠢᠭᠤᠯᠤᠯᠲᠠ᠎ᠪᠠᠷ ᠠᠵᠤ ᠠᠬᠤᠶ᠋ᠢᠯᠠᠯ᠎ᠤᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠬᠦᠳᠦᠯᠦᠨ ᠳᠠᠭᠠᠭᠤᠯᠵᠤ᠂ ᠯᠠᠪᠳᠠᠭᠤᠨ ᠪᠠᠲᠤᠲᠠᠢ ᠠᠵᠢᠯᠯᠠᠭ᠎ᠠ ᠪᠠ ᠰᠢᠯᠢᠳᠡᠭ ᠦᠷ᠎ᠡ ᠪᠦᠲᠦᠭᠡᠯ᠎ᠢᠶᠡᠷ᠎ᠢᠶᠡᠨ ᠨᠢᠭᠡ ᠬᠤᠪᠢ ᠨᠠᠮ᠎ᠳᠤ ᠣᠰᠣᠯᠳᠠᠬᠤ ᠦᠭᠡᠢ᠂ ᠴᠠᠭ ᠦᠶ᠎ᠡ᠎ᠳᠦ ᠣᠰᠣᠯᠳᠠᠬᠤ ᠦᠭᠡᠢ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠨ᠎ᠠ ᠭᠡᠵᠦ᠍ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号