ᠦᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠠᠴᠠ ᠳᠣᠷᠠᠳᠣᠭᠰᠠᠨ 《1571》 ᠠᠵᠢᠯ᠎ᠤᠨ ᠪᠠᠢᠷᠢᠯᠠᠭᠤᠯᠤᠯᠳᠠ᠎ᠶᠢᠨ ᠭᠣᠣᠯ ᠠᠭᠤᠯᠬᠤᠨ᠎ᠢ ᠰᠢᠨᠵᠢᠯᠡᠬᠦ ᠨᠢ
2026-07-03 11:22:49
ᠵᠣᠬᠢᠶᠠᠭ᠍ᠴᠢ᠄
ᠬᠣᠸᠠᠩ ᠵᠢᠨ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠠᠴᠠ ᠳᠣᠷᠠᠳᠣᠭᠰᠠᠨ《1571》 ᠠᠵᠢᠯ᠎ᠤᠨ ᠪᠠᠢᠷᠢᠯᠠᠭᠤᠯᠤᠯᠳᠠ ᠪᠣᠯ ᠳᠣᠮᠳᠠᠳᠣ᠌ ᠣᠯᠣᠰ᠎ᠤᠨ ᠡᠪ ᠬᠠᠮᠲᠤ ᠨᠠᠮ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠣᠭᠡᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠨᠢᠭᠡᠳᠣᠭᠡᠷ ᠣᠳᠠᠭᠠᠨ᠎ᠤ ᠪᠦᠭᠦᠳᠡ ᠬᠣᠷᠠᠯ ᠵᠢᠴᠢ ᠪᠦᠬᠦ ᠣᠷᠣᠨ᠎ᠤ ᠠᠵᠤ ᠠᠬᠤᠢ᠎ᠶᠢᠨ ᠠᠵᠢᠯ᠎ᠤᠨ ᠬᠣᠷᠠᠯ ᠳᠡᠭᠡᠷ᠎ᠡ ᠴᠢᠬᠤᠯᠠᠴᠢᠯᠠᠨ ᠳᠣᠷᠠᠳᠣᠭᠰᠠᠨ ᠠᠵᠢᠯ᠎ᠤᠨ ᠪᠠᠢᠷᠢᠯᠠᠭᠤᠯᠤᠯᠳᠠ ᠪᠣᠯᠬᠤ ᠶᠤᠮ᠃ 《1571》 ᠠᠵᠢᠯ᠎ᠤᠨ ᠪᠠᠢᠷᠢᠯᠠᠭᠤᠯᠤᠯᠳᠠ ᠨᠢ ᠮᠠᠨ᠎ᠤ ᠤᠯᠤᠰ᠎ᠤᠨ 《ᠠᠷᠪᠠᠨ ᠲᠠᠪᠤᠳᠣᠭᠠᠷ ᠲᠠᠪᠤᠨ ᠵᠢᠯ》ᠦ᠋ᠨ ᠲᠦᠯᠦᠪᠵᠢᠭᠦᠯᠭᠡ ᠶ᠋ᠢᠨ ᠡᠬᠢᠨ᠎ᠦ ᠬᠤᠭᠤᠴᠠᠭᠠᠨ ᠳ᠋ᠡᠬᠢ ᠮᠠᠨ᠎ᠤ ᠣᠷᠣᠨ᠎ᠤ ᠡᠯ᠎ᠡ ᠲᠠᠯ᠎ᠠ᠎ᠶᠢᠨ ᠠᠵᠢᠯ᠎ᠤᠨ ᠴᠢᠬᠤᠯᠠ ᠵᠦᠭᠯᠡᠭᠦᠷ ᠪᠠ ᠪᠣᠳᠠᠲᠠᠢ ᠪᠠᠢᠷᠢᠯᠠᠭᠤᠯᠤᠯᠳᠠ ᠪᠣᠯᠬᠤ ᠶᠤᠮ᠃ 《1571》 ᠠᠵᠢᠯ ᠎ᠤᠨ ᠪᠠᠢᠷᠢᠯᠠᠭᠤᠯᠤᠯᠳᠠ ᠨᠢ ᠬᠦᠨᠳᠦ ᠴᠢᠬᠤᠯᠠ ᠤᠯᠤᠰ ᠲᠦᠷᠦ᠎ᠶᠢᠨ ᠠᠴᠢ ᠬᠤᠯᠪᠤᠭᠳᠠᠯ ᠪᠤᠯᠤᠨ ᠪᠠᠢᠯᠳᠣᠬᠤ ᠪᠣᠳᠣᠯᠭ᠎ᠠ᠎ᠶᠢᠨ ᠠᠴᠢ ᠬᠤᠯᠪᠤᠭᠳᠠᠯ ᠲᠠᠢ ᠪᠣᠯᠬᠤ᠎ᠶᠢᠨ ᠣᠯᠠᠮ᠎ᠳᠤ ᠲᠡᠷᠡ ᠨᠢ ᠪᠠᠰᠠᠴᠦ ᠮᠠᠨ᠎ᠤ ᠣᠷᠣᠨ᠎ᠤ 2026 ᠣᠨ᠎ᠤ ᠡᠯ᠎ᠡ ᠲᠠᠯ᠎ᠠ᠎ᠶᠢᠨ ᠠᠵᠢᠯ ᠎ᠢ ᠨᠠᠷᠢᠯᠢᠭ᠋᠂ ᠭᠦᠨᠵᠡᠭᠡᠢ᠂ ᠣᠷᠣᠭᠰᠢᠲᠠᠢ᠂ ᠦᠨᠳᠦᠷ ᠪᠦᠲᠦᠮᠵᠢᠲᠠᠢ ᠬᠢᠬᠦ᠎ᠶᠢᠨ ᠴᠢᠬᠤᠯᠠ ᠬᠠᠷᠠᠯᠲᠠ ᠪᠣᠯᠣᠭᠰᠠᠨ ᠪᠠᠢᠨ᠎ᠠ ᠃

ᠳᠣᠮᠳᠠᠳᠣ᠌᠎ᠶᠢᠨ ᠦᠨᠳᠦᠰᠦᠲᠡᠨ᠎ᠦ ᠬᠠᠮᠲᠤ᠎ᠶᠢᠨ ᠴᠤᠭᠴᠠ᠎ᠶᠢᠨ ᠣᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ ᠂ 《ᠵᠢᠱ᠌ᠢᠶᠡᠴᠢ ᠦᠪᠡᠷᠲᠡᠭᠡᠨ ᠵᠠᠰᠠᠬᠤ ᠣᠷᠣᠨ》 ᠎ᠢ᠋ ᠪᠦᠲᠦᠭᠡᠨ ᠪᠠᠢᠭᠤᠯᠬᠤ ᠪᠣᠯ 《1571》 ᠠᠵᠢᠯ ᠎ᠤᠨ ᠪᠠᠢᠷᠢᠯᠠᠭᠤᠯᠤᠯᠳᠠ᠎ᠶᠢᠨ ᠴᠢᠬᠤᠯᠠ ᠱᠠᠭᠠᠷᠳᠠᠯᠭ᠎ᠠ ᠮᠦᠨ

ᠳᠣᠮᠳᠠᠳᠣ᠌᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠪᠣᠯᠬᠤ ᠪᠦᠭᠡᠳ ᠦᠨᠳᠦᠰᠦᠲᠡᠨ ᠨᠤᠭᠦᠳ ᠎ᠤᠨ ᠬᠤᠭᠣᠷᠣᠨᠳᠦᠬᠢ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠬᠤ ᠶᠤᠮ᠃ ᠳᠣᠮᠳᠠᠳᠣ᠌᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠬᠠᠮᠰᠠᠷ ᠨᠢ ᠳᠣᠮᠳᠠᠳᠣ᠌᠎ᠶᠢᠨ ᠦᠨᠳᠦᠰᠦᠲᠡᠨ ᠎ᠤ ᠪᠦᠬᠦᠯᠢ ᠴᠣᠭᠴᠠ᠎ᠶᠢᠨ ᠲᠠᠨᠢᠯᠲᠠ᠂ ᠳᠠᠷᠤᠢ ᠬᠠᠮᠲᠤ᠎ᠶᠢᠨ ᠲᠡᠤᠬᠡ ᠰᠤᠶᠤᠯ᠂ ᠤᠶᠣᠨ ᠰᠠᠨᠠᠭᠠᠨ᠎ᠤ ᠭᠡᠷ ᠬᠦᠷᠢᠶᠡᠯᠡᠩ᠂ ᠬᠣᠪᠢ ᠵᠠᠶᠠᠭᠠᠨ᠎ᠤ ᠬᠠᠮᠲᠤ᠎ᠶᠢᠨ ᠴᠣᠭᠴᠠ ᠎ᠶᠢᠨ ᠲᠣᠬᠠᠢ ᠲᠠᠨᠢᠯᠲᠠ᠎ᠶᠢ ᠴᠢᠬᠤᠯᠠᠴᠢᠯᠠᠳᠠᠭ᠃ ᠲᠡᠷᠡ ᠨᠢ ᠮᠦᠨᠴᠦ  ᠵᠦᠪ ᠣᠨᠣᠪᠴᠢᠲᠠᠢ ᠣᠯᠣᠰ ᠎ᠤᠨ  ᠦᠵᠡᠯᠲᠡ᠂ ᠲᠡᠤᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠤᠶᠤᠯ ᠎ᠤᠨ  ᠦᠵᠡᠯᠲᠡ᠂ ᠱᠠᠰᠢᠨ᠎ᠤ ᠦᠵᠡᠯᠲᠡ᠎ᠶᠢ ᠪᠣᠢ ᠪᠣᠯᠭᠠᠬᠤ ᠎ᠶᠢ ᠴᠢᠬᠣᠯᠠᠴᠢᠯᠠᠬᠤ ᠮᠦᠷᠲᠡᠭᠡᠨ ᠡᠯ᠎ᠡ ᠦᠨᠳᠦᠰᠦᠲᠡᠨ᠎ᠢ ᠣᠷᠢᠶᠠᠯᠠᠵᠤ᠂ ᠠᠭᠤᠤ ᠶᠡᠬᠡ ᠡᠬᠡ ᠣᠯᠣᠰ᠂ ᠳᠣᠮᠳᠠᠳᠣ᠌᠎ᠶᠢᠨ ᠦᠨᠳᠦᠰᠦᠲᠡᠨ᠂ ᠳᠣᠮᠳᠠᠳᠣ᠌᠎ᠶᠢᠨ ᠰᠣᠶᠣᠯ᠂ ᠳᠣᠮᠳᠠᠳᠣ᠌ ᠣᠯᠣᠰ᠎ᠤᠨ ᠡᠪ ᠬᠠᠮᠲᠤ ᠨᠠᠮ᠂ ᠳᠣᠮᠳᠠᠳᠣ᠌ ᠣᠯᠣᠰ᠎ᠤᠨ ᠣᠨᠴᠠᠯᠢᠭ᠋ ᠪᠦᠬᠦᠢ ᠨᠡᠢᠭᠡᠮ ᠵᠢᠷᠦᠮ᠎ᠦᠨ ᠲᠣᠬᠠᠢ ᠲᠠᠨᠢᠯᠲᠠ᠎ᠶᠢ ᠲᠠᠰᠣᠷᠠᠯᠲᠠ ᠦᠭᠡᠢ ᠭᠦᠨᠵᠡᠭᠡᠢᠷᠡᠭᠦᠯᠳᠡᠭ ᠃

ᠰᠢᠨ᠎ᠡ ᠴᠠᠭ ᠦᠶ᠎ᠡ᠎ᠳᠦ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠶᠡᠷᠦᠩᠬᠡᠢ ᠱᠦᠵᠢ ᠰᠢ ᠵᠢᠨ ᠫᠢᠩ ᠎ᠤᠨ ᠦᠪᠦᠷ ᠮᠤᠩᠭᠤᠯ᠎ᠤᠨ ᠲᠤᠬᠠᠢ ᠬᠠᠮᠢᠶ᠎ᠠ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠣᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠣᠷᠣᠯᠴᠠᠨ ᠳᠣᠭᠣᠰᠢᠯᠠᠭᠤᠯᠵᠤ᠂ ᠦᠨᠳᠦᠰᠦᠲᠡᠨ᠎ᠤ ᠣᠷᠣᠨ᠎ᠤ ᠠᠵᠢᠯ᠎ᠤᠨ ᠪᠣᠳᠠᠲᠣ᠌ ᠪᠠᠢᠳᠠᠯ᠎ᠠ᠋ᠴᠠ ᠡᠭᠦᠰᠴᠦ《1571》 ᠠᠵᠢᠯ᠎ᠤᠨ ᠲᠣᠬᠠᠢ ᠪᠠᠢᠷᠢᠯᠠᠭᠤᠯᠤᠯᠳᠠ ᠬᠢᠬᠦ ᠳ᠋ᠡᠭᠡᠨ ᠳᠣᠮᠳᠠᠳᠣ᠌᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠬᠠᠮᠰᠠᠷ᠎ᠢ ᠪᠠᠲᠤ ᠴᠣᠭᠴᠠᠯᠠᠬᠤ ᠎ᠪᠠᠷ ᠭᠣᠣᠯ ᠰᠢᠵᠢᠮ ᠪᠣᠯᠭᠠᠬᠤ᠎ᠶᠢ ᠡᠩ ᠲᠦᠷᠦᠭᠦᠨ᠎ᠳᠦ ᠴᠢᠬᠤᠯᠠᠴᠢᠯᠠᠨ ᠳᠣᠷᠠᠳᠣᠭᠰᠠᠨ ᠪᠠᠢᠨ᠎ᠠ᠃

2021 ᠣᠨ᠎ᠤ 3 ᠰᠠᠷ᠎ᠠ᠎ᠳᠤ  ᠶᠡᠷᠦᠩᠬᠡᠢ ᠱᠦᠵᠢ ᠰᠢ ᠵᠢᠨ ᠫᠢᠩ ᠎ᠠᠷᠪᠠᠨ ᠭᠤᠷᠪᠠᠳᠣᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠣᠳᠠᠭᠠᠨ ᠎ᠤ ᠬᠣᠷᠠᠯ᠎ᠳᠤ ᠣᠷᠣᠯᠴᠠᠭ᠎ᠠ ᠦᠪᠦᠷ ᠮᠤᠩᠭᠤᠯ᠎ᠤᠨ ᠲᠦᠯᠦᠭᠡᠯᠡᠭᠴᠢᠳ ᠎ᠦᠨ ᠪᠦᠯᠬᠦᠮ ᠎ᠦᠨ ᠬᠢᠨᠠᠨ ᠵᠦᠪᠯᠡᠬᠦ ᠎ᠳᠦ ᠤᠷᠤᠯᠴᠠᠬᠤ᠎ᠳᠠᠭᠠᠨ《ᠦᠨᠳᠦᠰᠦᠲᠡᠨ᠎ᠦ ᠪᠦᠯᠬᠦᠮᠳᠡᠯ ᠎ᠦᠨ ᠦᠩᠭᠡ ᠭᠡᠷᠡᠯᠲᠦ ᠤᠯᠠᠮᠵᠢᠯᠠᠯ ᠪᠠ 〈 ᠵᠢᠱ᠌ᠢᠶᠡᠴᠢ ᠦᠪᠡᠷᠲᠡᠭᠡᠨ ᠵᠠᠰᠠᠬᠤ ᠣᠷᠣᠨ〉 ᠎ᠤ᠋ ᠡᠷᠬᠢᠮ ᠳᠡᠭᠡᠳᠦ ᠢᠷᠠᠭᠤ ᠠᠯᠳᠠᠷ᠎ᠵᠢᠡᠨ ᠬᠤᠪᠢ ᠳᠠᠬᠢᠨ ᠡᠷᠬᠢᠮᠨᠠᠨ ᠨᠠᠨᠳᠢᠩᠨᠠᠵᠤ᠂ ᠦᠷᠬᠦᠯᠵᠢᠯᠡᠨ ᠪᠠᠷᠢᠮᠳᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠵᠢ ᠪᠡᠬᠢᠵᠢᠭᠦᠯᠦᠨ ᠬᠦᠭᠵᠢᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃

ᠶᠡᠷᠦᠩᠬᠡᠢ ᠱᠦᠵᠢ ᠰᠢ ᠵᠢᠨ ᠫᠢᠩ ᠎ᠤᠨ ᠡᠨᠡ ᠎ᠬᠦ ᠴᠢᠬᠤᠯᠠ ᠵᠢᠭᠠᠪᠦᠷᠢ᠎ᠶᠢᠨ ᠵᠣᠷᠢᠭ᠋ ᠰᠠᠨᠠᠭ᠎ᠠ᠎ᠶᠢ ᠨᠡᠩ ᠭᠦᠨᠵᠡᠭᠡᠢ ᠲᠣᠭᠣᠰᠢᠯᠠᠭᠤᠯᠬᠤ᠎ᠶᠢᠨ ᠲᠦᠯᠦᠭᠡ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠣᠷᠢᠶ᠎ᠠ᠎ᠠᠴᠠ2023 ᠣᠨ᠎ᠤ 7 ᠰᠠᠷ᠎ᠠ᠎ᠳᠤ《ᠦᠪᠦᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠵᠢᠱ᠌ᠢᠶᠡᠴᠢ ᠦᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠬᠤ ᠲᠣᠬᠠᠢ ᠰᠢᠢᠳᠪᠦᠷᠢ》 ᠎ᠶ᠋ᠢ ᠲᠣᠭᠲᠠᠭᠠᠨ ᠬᠡᠷᠡᠭᠵᠢᠭᠦᠯᠦᠭᠰᠡᠨ ᠪᠠᠢᠨ᠎ᠠ᠃ 《ᠵᠢᠱ᠌ᠢᠶᠡᠴᠢ ᠦᠪᠡᠷᠲᠡᠭᠡᠨ ᠵᠠᠰᠠᠬᠤ ᠣᠷᠣᠨ》᠎ᠢ᠋ ᠦᠷᠬᠦᠯᠵᠢᠯᠡᠨ ᠪᠦᠲᠦᠭᠡᠨ ᠪᠠᠢᠭᠤᠯᠬᠤ᠎ᠶᠢᠨ ᠶᠡᠷᠦᠩᠬᠡᠢ ᠵᠣᠷᠢᠯᠲᠠ ᠪᠣᠯ 《ᠵᠢᠱ᠌ᠢᠶᠡᠴᠢ》 ᠭᠡᠬᠦ ᠡᠨᠡᠬᠦ ᠨᠠᠨᠳᠢᠨ ᠬᠡᠪ ᠳᠠᠭᠤᠷᠢᠶᠠᠯ᠎ᠢ ᠡᠯ᠎ᠡ ᠬᠦᠷᠢᠶ᠎ᠠ ᠴᠠᠷᠠᠭ᠎ᠠ᠂ ᠡᠯ᠎ᠡ ᠲᠠᠯ᠎ᠠ᠎ᠳᠤ ᠳᠣᠭᠣᠰᠢᠯᠠᠭᠤᠯᠤᠨ ᠨᠠᠢᠳᠠᠪᠤᠷᠢᠵᠢᠭᠤᠯᠬᠤ᠎ᠳᠦ ᠣᠷᠣᠰᠢᠨ᠎ᠠ ᠃

《 ᠬᠣᠶᠠᠷ ᠬᠠᠯᠬᠠᠪᠴᠢ》 ᠂  《 ᠬᠣᠶᠠᠷ ᠰᠠᠭᠤᠷᠢᠨ》 ᠂ 《 ᠨᠢᠭᠡ ᠪᠡᠬᠢᠯᠡᠯᠲᠡ》 ᠎ᠶ᠋ᠢ ᠪᠦᠲᠦᠭᠡᠨ ᠪᠠᠢᠭᠤᠯᠬᠤ ᠪᠣᠯ 《1571》 ᠠᠵᠢᠯ ᠎ᠤᠨ ᠪᠠᠢᠷᠢᠯᠠᠭᠤᠯᠤᠯᠳᠠ᠎ᠶᠢᠨ ᠭᠣᠣᠯ ᠡᠭᠦᠷᠭᠡ ᠮᠦᠨ

ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌《ᠤᠯᠤᠰ᠎ᠤᠨ ᠶᠡᠬᠡ ᠶᠠᠪᠤᠳᠠᠯ》 ᠪᠣᠯᠤᠨ᠎ᠠ᠃ ᠨᠤᠮᠢᠨ ᠤᠰᠤ ᠬᠦᠭᠡᠮᠳᠦᠭ ᠠᠭᠤᠯᠠ ᠪᠣᠯ ᠠᠯᠳᠠᠨ ᠠᠭᠤᠯᠠ ᠮᠦᠨᠭᠭᠦᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠴᠥᠬᠥᠷᠡᠰᠢ ᠦᠭᠡᠢ ᠪᠠᠲᠤ ᠴᠣᠭ᠍ᠴᠠᠯᠠᠬᠤ ᠬᠡᠷᠡᠭ᠌ᠲᠡᠢ᠃

ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠰᠠᠭᠤᠷᠢ ᠮᠥᠨ᠂ ᠲᠣᠭ᠍ᠲᠠᠭᠤᠨ ᠪᠠᠢᠬᠤ ᠪᠣᠯ ᠬᠦᠴᠦᠷᠬᠡᠭ᠌ᠵᠢᠨ ᠮᠠᠨᠳᠤᠬᠤ᠎ᠶ᠋ᠢᠨ ᠤᠷᠢᠲᠠᠯ ᠮᠥᠨ᠃ ᠥᠪᠥᠷ ᠮᠣᠩᠭᠣᠯ 《ᠤᠮᠠᠷᠠᠲᠤ᠎ᠶ᠋ᠢᠨ ᠭᠤᠷᠪᠠᠨ ᠣᠷᠣᠨ 》 ᠢ᠋ ᠰᠤᠨᠳᠠᠯᠠᠵᠤ᠂ ᠨᠠᠢᠰᠯᠠᠯ ᠲᠠᠢ ᠣᠢᠷᠠᠯᠴᠠᠭ᠎ᠠ ᠪᠠᠢᠵᠤ᠂ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠤ ᠴᠢᠬᠤᠯᠠ ᠪᠠᠢᠷᠢ ᠰᠠᠭᠤᠷᠢ ᠂ ᠬᠦᠨᠳᠦ ᠶᠡᠬᠡ ᠬᠠᠷᠢᠭᠤᠴᠠᠯᠭ᠎ᠠ᠎ᠲᠠᠶ ᠶᠤᠮ᠃ ᠡᠷᠬᠡᠪᠰᠢ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠦᠬᠦ᠌ ᠬᠦᠴᠦᠨ᠎ᠢᠶᠡᠷ ᠵᠢᠡᠨ ᠪᠠᠲᠤ ᠴᠣᠭ᠍ᠴᠠᠯᠠᠵᠤ᠂ ᠬᠢᠯᠢ ᠬᠢᠵᠠᠭᠠᠷ᠎ᠢ ᠬᠥᠭ᠌ᠵᠢᠭᠦᠯᠵᠦ᠍ ᠬᠢᠯᠢ ᠬᠢᠵᠠᠭᠠᠷ ᠎ᠢ ᠲᠣᠭ᠍ᠲᠠᠪᠤᠷᠢᠵᠢᠭᠤᠯᠵᠤ᠎ᠬᠢᠯᠢ ᠬᠢᠵᠠᠭᠠᠷ ᠢ᠋ ᠪᠠᠬᠢᠵᠢᠬᠦᠯᠬᠦ ᠵᠢ ᠭᠦᠨᠵᠡᠭᠡᠢᠷᠡᠭᠦᠯᠵᠦ᠍᠂ ᠡᠬᠡ ᠤᠯᠤᠰ ᠎ᠤᠨ  《 ᠤᠮᠠᠷᠠᠲᠤ᠎ᠶ᠋ᠢᠨ ᠶᠡᠬᠡ ᠬᠠᠭᠠᠯᠭ᠎ᠠ 》 ᠵᠢ ᠰᠠᠢᠲᠤᠷ ᠰᠠᠬᠢᠵᠤ᠂ ᠨᠡᠢᠰᠯᠡᠯ᠎ᠦᠨ 《ᠬᠠᠮᠠᠭᠠᠯᠠᠯᠳᠠ ᠵᠢᠨ ᠭᠣᠣᠯ 》 ᠎ᠤ᠋ᠨ ᠦᠢᠯᠡᠳᠤᠯ ᠵᠢᠡᠨ ᠰᠠᠢᠳᠤᠷ ᠪᠠᠳᠠᠷᠠᠭᠤᠯᠬᠤ ᠬᠡᠷᠡᠭ᠌ᠲᠡᠢ᠃

ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠦᠢᠯᠡᠳᠪᠦᠷᠢᠯᠡᠯ ᠪᠣᠯ ᠬᠥᠭ᠌ᠵᠢᠯᠲᠡ᠎ᠶ᠋ᠢᠨ ᠲᠤᠯᠭᠠᠭᠤᠷᠢ ᠮᠥᠨ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠪᠣᠯᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠥᠪᠥᠷ ᠮᠣᠩᠭᠣᠯ ᠪᠣᠯ ᠡᠨᠧᠷᠭᠢ᠎ᠶ᠋ᠢᠨ ᠡᠷᠳᠡᠨᠢᠰ ᠤ᠋ᠨ ᠰᠠᠩ ᠮᠥᠨ᠂ 《ᠬᠤᠨᠢ ᠨᠡᠭᠦᠷᠡᠰᠦ ᠬᠤᠪᠤᠷ ᠰᠢᠷᠤᠢ ᠪᠠᠢᠭᠠᠯᠢ ᠵᠢᠨ ᠱᠢᠲᠠᠮᠠᠬᠠᠢ ᠬᠡᠢ》ᠲᠠᠢ ᠪᠥᠭᠡᠳ《ᠠᠪᠤᠭᠠᠳ ᠲᠠᠭᠤᠰᠤᠰᠢ ᠦᠭᠡᠢ ᠰᠠᠯᠬᠢ ᠬᠡᠷᠡᠯ ᠤ᠋ᠨ ᠡᠨ᠋ᠸᠷᠬᠢ》ᠲᠠᠢ ᠪᠤᠯᠬᠤᠷ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠬᠦ᠌ ᠬᠦᠴᠦᠨ᠎ᠢᠶᠡᠷ᠎ᠢᠶᠡᠨ ᠪᠦᠳᠦᠭᠡᠨ ᠪᠠᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠢᠯᠡᠰ᠎ᠢ ᠬᠦᠴᠦᠷᠬᠡᠭ᠌ᠵᠢᠭᠦᠯᠦᠨ᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ᠃

ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ᠋ ᠦᠶ᠋ᠯᠡᠳᠪᠦᠷᠢᠯᠡᠯ ᠪᠣᠯ ᠬᠥᠭ᠌ᠵᠢᠯᠲᠡ᠎ᠶ᠋ᠢᠨ ᠰᠠᠭᠤᠷᠢ ᠪᠣᠯᠤᠨ᠎ᠠ᠂ ᠡᠨᠡ ᠬᠦ᠌ ᠰᠠᠭᠤᠷᠢᠨ᠎ᠢ ᠰᠠᠢᠲᠤᠷ ᠪᠠᠢᠭᠤᠯᠪᠠᠯ᠂ ᠤᠯᠤᠰ᠎ᠲᠤ ᠢᠯᠡᠭᠦᠬᠡᠨ ᠬᠤᠪᠢ ᠨᠡᠮᠡᠷᠢ ᠦᠵᠡᠭᠦᠯᠬᠦ᠌ ᠮᠥᠷᠲᠡᠭᠡᠨ ᠪᠠᠰᠠ ᠮᠠᠯᠴᠢᠨ ᠲᠠᠷᠢᠶᠠᠴᠢᠳ᠎ᠢ ᠳᠠᠢᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠵᠤ ᠴᠢᠳᠠᠨ᠎ᠠ᠃ ᠮᠠᠯ ᠠᠵᠤ ᠠᠬᠤᠶ ᠲᠠᠷᠢᠶᠠᠯᠠᠩ᠎ᠤᠨ ᠬᠡᠯᠪᠡᠷᠢ ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠵᠤ᠂ ᠤᠯᠤᠰ᠎ᠤᠨ ᠠᠮᠤ ᠪᠤᠳᠠᠭᠠᠨ ᠎ᠤ  ᠠᠮᠤᠷ ᠲᠦᠪᠱᠢᠨ᠎ᠢ ᠪᠠᠲᠤᠯᠠᠬᠤ᠎ᠳᠤ ᠨᠠᠩ ᠣᠯᠠᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ᠃

ᠭᠠᠳᠠᠭᠠᠳᠤ ᠨᠡᠭᠡᠭᠡᠯᠲᠡ ᠪᠣᠯ ᠬᠥᠭ᠌ᠵᠢᠯᠲᠡ᠎ᠶ᠋ᠢᠨ ᠬᠥᠳᠡᠯᠭᠡᠭ᠌ᠦ ᠬᠦᠴᠦᠨ ᠮᠥᠨ᠂ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠬᠤ ᠪᠣᠯ ᠤᠯᠤᠰ ᠲᠥᠷᠦ᠍᠎ᠶ᠋ᠢᠨ ᠬᠠᠷᠢᠭᠤᠴᠠᠯᠭ᠎ᠠ ᠪᠣᠯᠬᠤ ᠮᠥᠷᠲᠡᠭᠡᠨ ᠪᠠᠰᠠ ᠴᠤ᠌ ᠬᠥᠭ᠌ᠵᠢᠯᠲᠡ᠎ᠶ᠋ᠢᠨ ᠠᠵᠠ ᠲᠣᠬᠢᠶᠠᠯ ᠪᠣᠯᠤᠨ᠎ᠠ᠃ ᠳᠤᠮᠳᠠᠳᠤ ᠤᠯᠤᠰ(ᠥᠪᠥᠷ ᠮᠣᠩᠭᠣᠯ) ᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠳᠤ ᠴᠣᠭ᠍ᠴᠠᠯᠠᠬᠤ ᠬᠡᠷᠡᠭ᠌ᠲᠡᠶ᠃

ᠳᠣᠯᠣᠭᠠᠨ ᠵᠦᠢᠯ᠎ᠦᠨ ᠭᠣᠣᠯᠳᠠᠯᠭ᠎ᠠ ᠲᠠᠢ ᠠᠵᠢᠯ᠎ᠢ ᠠᠬᠢᠭᠤᠯᠬᠤ ᠨᠢ 《1571》 ᠠᠵᠢᠯ᠎ᠤᠨ ᠪᠠᠢᠷᠢᠯᠠᠭᠤᠯᠤᠯᠳᠠ᠎ᠶᠢᠨ ᠴᠢᠬᠤᠯᠠ ᠬᠠᠷᠠᠯᠲᠠ ᠮᠦᠨ

ᠦᠪᠦᠷ ᠮᠤᠩᠭᠤᠯ᠎ᠤᠨ ᠣᠨᠴᠠᠯᠢᠭ᠋ ᠳᠠᠪᠠᠭᠤᠯᠢᠭ᠋᠎ᠢ ᠬᠠᠷᠠᠭᠤᠯᠤᠬᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠸᠮ᠎ᠢ ᠪᠦᠲᠦᠭᠡᠨ ᠪᠠᠢᠭᠤᠯᠬᠤ᠂ ᠭᠠᠵᠠᠷ ᠣᠷᠣᠨ᠎ᠤ ᠪᠠᠢᠳᠠᠯ ᠎ᠳᠦ ᠲᠣᠬᠢᠷᠠᠭᠤᠯᠵᠤ ᠦᠨᠳᠦᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠦ ᠬᠦᠴᠦᠷᠬᠡᠭᠵᠢᠬᠦ᠎ᠶᠢ ᠲᠦᠷᠭᠡᠳᠭᠡᠬᠦ᠂ ᠪᠦᠬᠦ ᠣᠯᠣᠰ᠎ᠤᠨ ᠨᠢᠭᠡᠲᠦᠯᠲᠠᠢ ᠲᠣᠮᠤ ᠵᠠᠬ᠎ᠠ ᠳᠡᠯᠭᠡᠭᠦᠷ ᠲᠠᠢ ᠭᠦᠨᠵᠡᠭᠡᠢ ᠵᠤᠯᠭᠠᠭᠤᠯᠬᠤ᠂ ᠦᠨᠳᠦᠷ ᠲᠦᠪᠰᠢᠨ ᠪᠦᠬᠦᠢ ᠨᠡᠢᠭᠡᠮ ᠵᠢᠷᠦᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠬᠤ᠂ ᠣᠷᠣᠨ ᠪᠦᠰᠡ ᠵᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠬᠦ᠂ ᠨᠡᠢᠭᠡᠮ ᠵᠢᠷᠦᠮ᠎ᠤᠨ ᠰᠣᠶᠣᠯ᠎ᠢ ᠴᠡᠴᠡᠭᠯᠡᠭᠦᠯᠦᠨ ᠬᠦᠭᠵᠢᠭᠦᠯᠬᠦ ᠂ ᠠᠷᠠᠳ᠎ᠤᠨ ᠠᠮᠢᠳᠤᠷᠠᠯ᠎ᠢ ᠪᠠᠲᠣᠯᠠᠨ ᠰᠠᠢᠵᠢᠷᠠᠭᠤᠯᠬᠤ ᠡᠷᠴᠢᠮ ᠵᠢᠡᠨ ᠴᠢᠩᠭᠠᠷᠠᠭᠤᠯᠬᠤ ᠵᠡᠷᠭᠡ ᠪᠣᠯ ᠦᠪᠡᠷᠳᠡᠭᠡᠨ ᠵᠠᠰᠠᠬᠤ  ᠤᠷᠤᠨ᠎ᠤ ᠨᠠᠮ ᠬᠤᠷᠢᠶᠠᠨ᠎ᠠᠴᠠ ᠳᠣᠷᠠᠳᠣᠭᠰᠠᠨ《1571》 ᠠᠵᠢᠯ᠎ᠤᠨ ᠪᠠᠢᠷᠢᠯᠠᠭᠤᠯᠤᠯᠳᠠ᠎ᠶᠢᠨ ᠳᠣᠯᠣᠭᠠᠨ ᠴᠢᠬᠤᠯᠠ ᠬᠠᠷᠠᠯᠲᠠ ᠪᠣᠯᠬᠤ ᠶᠤᠮ ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ ᠨᠡᠭᠡᠭᠡᠬᠦ᠌᠎ᠶ᠋ᠢ ᠲᠦᠷᠭᠡᠳᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠨᠢ ᠠᠵᠤ ᠦᠶ᠋ᠯᠡᠰ᠎ᠦᠨ ᠱᠢᠰᠲ᠋ᠧᠮ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠱᠢᠨ᠎ᠡ᠎ᠶ᠋ᠢ ᠡᠭᠦᠳᠬᠦ᠌᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠥᠭᠡᠷᠡᠴᠢᠯᠡᠯᠲᠡ᠎ᠶ᠋ᠢᠨ ᠪᠣᠭᠣᠮᠲᠠ ᠱᠢᠪᠲᠤᠯᠬᠤ᠂ ᠣᠷᠣᠨ ᠪᠦᠰᠡ᠎ᠶ᠋ᠢᠨ ᠵᠣᠬᠢᠴᠠᠭᠤᠯᠭ᠎ᠠ᠂ ᠰᠣᠶᠣᠯ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠬᠦᠷᠢᠶ᠎ᠡ᠎ᠶ᠋ᠢ ᠬᠠᠮᠤᠷᠴᠤ᠌᠂ ᠥᠪᠥᠷ ᠮᠣᠩᠭᠣᠯ᠎ᠤᠨ ᠣᠨᠴᠠᠯᠢᠭ ᠪᠠ ᠳᠠᠪᠠᠭᠤᠯᠢᠭ᠎ᠲᠤ ᠰᠠᠭᠤᠷᠢᠯᠠᠭᠰᠠᠨ᠎ᠢᠶᠡᠷ ᠪᠠᠷᠠᠬᠤ ᠥᠬᠡᠶ ᠪᠠᠰᠠ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠲᠠᠶ ᠨᠠᠷᠢᠯᠢᠭ ᠣᠨᠣᠪᠴᠢᠲᠠᠶ᠎ᠵᠣᠯᠭᠠᠯᠴᠠᠵᠤ᠂ ᠣᠳᠣᠬᠠᠨ᠎ᠤ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠠᠷᠠᠳ᠎ᠤᠨ ᠠᠮᠢᠳᠤᠷᠠᠯ ᠎ᠢ ᠪᠠᠲᠤᠯᠠᠬᠤ ᠲᠤᠯᠭᠠᠮ ᠡᠭᠦᠷᠭᠡ᠎ᠳᠦ ᠠᠩᠬᠠᠷᠤᠯ᠎ᠢᠶᠠᠨ ᠬᠠᠨᠳᠤᠭᠤᠯᠤᠭᠰᠠᠨ᠎ᠢᠶᠡᠷ ᠪᠠᠷᠠᠬᠤ ᠥᠬᠡᠶ ᠪᠠᠰᠠ ᠠᠯᠤᠰ ᠬᠡᠲᠦ᠍᠎ᠶ᠋ᠢᠨ ᠠᠵᠤ ᠦᠶ᠋ᠯᠡᠰ᠎ᠦᠨ ᠲᠠᠰ ᠳᠡᠪᠱᠢᠬᠦ᠌᠂ ᠵᠣᠬᠢᠴᠠᠩᠭᠤᠶ᠎ᠪᠠᠷ ᠬᠥᠭ᠌ᠵᠢᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠤᠬᠠᠭᠠᠯᠠᠨ ᠲᠦᠯᠦᠪᠯᠡᠵᠦ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠥᠬᠡᠶ ᠰᠤᠩᠭᠤᠯᠲᠠ ᠪᠤᠯᠤᠭᠰᠠᠨ ᠪᠠᠢᠨ᠎ᠠ᠃ ᠭᠠᠭ᠍ᠴᠠ ᠬᠦ᠌ ᠡᠨᠡ ᠬᠦ᠌ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠎ᠢ ᠰᠠᠢᠲᠤᠷ ᠠᠳᠭᠤᠪᠠᠯ ᠰᠠᠶᠢ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ 《ᠵᠢᠯᠣᠭᠣ》 ᠶ᠋ᠢ ᠡᠵᠡᠮᠳᠡᠵᠦ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ᠂ ᠡᠷᠡᠯᠬᠡᠭ᠌ᠯᠡᠨ ᠤᠷᠤᠭ᠍ᠰᠢᠯᠠᠵᠤ ᠲᠡᠷᠢᠭᠦᠨ᠎ᠤ ᠬᠢ ᠪᠤᠯᠬᠤ ᠪᠡᠷ ᠬᠦᠴᠦᠯᠡᠨ ᠲᠡᠮᠡᠴᠡᠬᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃

ᠨᠠᠮ᠎ᠤᠨ ᠪᠦᠬᠦ ᠲᠠᠯ᠎ᠠ᠎ᠶᠢᠨ ᠣᠳᠣᠷᠢᠳᠣᠯᠭ᠎ᠠ ᠬᠢᠭᠡᠳ ᠨᠠᠮ ᠎ᠤᠨ  ᠪᠠᠢᠭᠤᠯᠤᠯᠲᠠ᠎ᠶᠢ ᠴᠢᠩᠭᠠᠳᠬᠠᠬᠤ ᠪᠣᠯ《1571》 ᠠᠵᠢᠯ᠎ᠤᠨ ᠪᠠᠢᠷᠢᠯᠠᠭᠤᠯᠤᠯᠳᠠ ᠎ᠶᠢᠨ ᠦᠨᠳᠦᠰᠦᠨ ᠪᠠᠲᠣᠯᠠᠭ᠎ᠠ ᠮᠦᠨ

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠦᠨᠳᠦᠰᠦᠨ ᠪᠠᠲᠤᠯᠠᠭ᠎ᠠ ᠮᠥᠨ᠃ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠲᠡᠳᠦᠢ ᠬᠦᠴᠦᠲᠡᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠠᠬᠢ ᠬᠣᠶᠠᠳᠤᠭᠠᠷ  《1》 ᠪᠣᠯ ᠳᠠᠷᠤᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠶᠠᠪᠤᠳᠠᠯ ᠪᠣᠯᠣᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠳᠤᠷᠢᠳᠬᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠰᠤᠷᠤᠯᠴᠠᠯᠭ᠎ᠠ᠎ᠶᠢ ᠶᠡᠬᠡ ᠪᠡᠷ ᠡᠷᠬᠢᠮᠯᠡᠨ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠦᠨᠡᠨ ᠬᠦ᠌ ᠠᠳᠬᠤᠵᠤ ᠪᠣᠳᠠᠲᠠᠢ ᠠᠵᠢᠯᠯᠠᠨ᠂ ᠠᠷᠢᠭᠤᠨ ᠴᠢᠬᠡᠴᠢ ᠪᠠᠢᠵᠤ᠂ ᠡᠯ᠎ᠡ ᠲᠠᠯ᠎ᠠ᠎ᠶᠢᠨ ᠬᠢᠨ᠎ᠢ ᠳᠠᠭᠠᠭᠤᠯᠤᠨ ᠨᠢᠭ᠍ᠲᠠᠷᠠᠭᠤᠯᠵᠤ ᠬᠠᠮᠲᠤ ᠪᠠᠷ ᠲᠡᠮᠡᠴᠡᠬᠦ ᠬᠡᠷᠡᠭᠲᠡᠢ᠃

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠎ᠳᠤ᠂ ᠡᠩ ᠲᠡᠷᠢᠭᠦᠨ᠎ᠳᠦ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠭᠤᠢᠪᠢᠰᠢ ᠦᠭᠡᠢ ᠪᠡᠶᠡᠯᠡᠭᠦᠯᠵᠦ᠂ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠎ᠪᠠᠨ ᠳᠡᠭᠡᠭᠰᠢᠯᠡᠭᠦᠯᠵᠤ᠂ 《ᠭᠡᠨᠡᠨ ᠪᠠᠯᠠᠢ ᠪᠡᠷ ᠰᠢᠢᠳᠪᠦᠷᠢᠲᠤ ᠪᠤᠳᠤᠯᠭ᠎ᠠ ᠲᠤᠭᠲᠠᠭᠠᠬᠤ᠂ ᠦᠩᠭᠡ ᠵᠢᠨ ᠲᠡᠳᠦᠢ ᠤᠪᠤᠷ᠎ᠢᠶᠡᠨ ᠢᠯᠡᠳᠭᠡᠬᠦ᠂ ᠬᠠᠷᠢᠭᠤᠴᠠᠯᠭ᠎ᠠ ᠲᠦᠯᠬᠢᠵᠦ ᠲᠤᠲᠠᠭᠠᠨ ᠵᠠᠢᠳᠠᠬᠤ 》 ᠦᠵᠡᠭᠳᠡᠯ᠎ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭᠳᠡᠢ᠃ᠡᠯ᠎ᠡ ᠱᠠᠲᠤᠨ᠎ᠤ ᠤᠳᠤᠷᠢᠳᠭᠤ ᠺᠠᠳ᠋ᠷᠴᠤᠳ 《 ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ》 ᠭᠡᠬᠦ ᠤᠶᠤᠨ ᠰᠠᠨᠠᠭᠠᠨ ᠤ᠋ ᠤᠪᠤᠷ ᠪᠠᠢᠳᠠᠯ ᠪᠣᠯᠤᠨ 《 ᠠᠮᠵᠢᠯᠲᠠ ᠭᠠᠷᠭᠠᠬᠤ ᠳ᠋ᠤ ᠯᠠᠪᠲᠠᠢ ᠪᠢ ᠪᠠᠢᠨ᠎ᠠ 》 ᠭᠡᠬᠦ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠳᠠᠲᠤ ᠶᠠᠪᠤᠳᠠᠯ ᠰᠠᠢ᠌ᠨ ᠶᠠᠪᠤᠳᠠᠯ᠎ᠢ ᠢᠯᠡᠭᠦᠬᠡᠨ ᠬᠢᠵᠦ᠍᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠳᠡ ᠵᠢ ᠪᠤᠢ ᠪᠤᠯᠭᠠᠬᠤ ᠬᠡᠷᠡᠭᠳᠡᠢ᠃

《1571》 ᠠᠵᠢᠯ᠎ᠤᠨ ᠪᠠᠢᠷᠢᠯᠠᠭᠤᠯᠤᠯᠳᠠ ᠪᠣᠯ ᠮᠠᠨ᠎ᠤ ᠤᠷᠤᠨ᠎ᠤ ᠰᠢᠨ᠎ᠡ ᠴᠠᠭ ᠦᠶ᠎ᠡ᠎ᠶᠢᠨ ᠡᠯ᠎ᠡ ᠲᠠᠯ᠎ᠠ᠎ᠶᠢᠨ ᠠᠵᠢᠯ ᠦᠢᠯᠡᠰ᠎ᠢ ᠨᠠᠷᠢᠨ ᠨᠢᠭ᠍ᠲᠠ᠂ ᠠᠯᠬᠤᠮ ᠳᠠᠷᠠᠭ᠎ᠠ ᠲᠠᠢ᠂ ᠦᠨᠳᠦᠷ ᠪᠦᠲᠦᠮᠵᠢᠲᠠᠢ ᠬᠢᠬᠦ᠎ᠶᠢᠨ ᠵᠢᠯᠤᠭᠣᠳᠣᠮᠵᠢ᠎ᠶᠢᠨ ᠴᠢᠨᠠᠷ ᠪᠦᠬᠦᠢ ᠠᠵᠢᠯ᠎ᠤᠨ ᠪᠠᠢᠷᠢᠯᠠᠭᠤᠯᠤᠯᠳᠠ ᠪᠣᠯᠤᠨ᠎ᠠ᠃ ᠡᠨᠡ᠎ᠬᠦ ᠠᠵᠢᠯ᠎ᠤᠨ ᠪᠠᠢᠷᠢᠯᠠᠭᠤᠯᠤᠯᠳᠠ᠎ᠶᠢ ᠡᠷᠴᠢ ᠵᠣᠷᠢᠭ᠋ ᠲᠠᠢ᠂ ᠢᠲᠡᠭᠡᠯ ᠬᠦᠴᠦᠨ ᠲᠠᠢ ᠣᠷᠣᠭ᠍ᠰᠢ ᠠᠬᠢᠭᠤᠯᠬᠤ ᠪᠣᠯ ᠳᠣᠮᠳᠠᠳᠣ᠌ ᠣᠯᠣᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠦᠪᠦᠷ ᠮᠤᠩᠭᠤᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠶᠢᠨ ᠲᠡᠷᠢᠭᠦᠨ ᠴᠢᠬᠤᠯᠠ ᠠᠯᠬᠤᠮ ᠪᠣᠯᠣᠨ᠎ᠠ᠃


ᠵᠣᠬᠢᠶᠠᠭ᠍ᠴᠢ᠎ᠶᠢᠨ ᠬᠠᠶᠢᠭ᠋᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠎ᠤ ᠨᠡᠢᠭᠡᠮ᠎ᠦᠨ ᠰᠢᠨᠵᠢᠯᠡᠬᠦ ᠣᠬᠠᠭᠠᠨ᠎ᠤ ᠬᠦᠷᠢᠶᠡᠯᠡᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号