ᠨᠠᠮ ᠎ᠤᠨ ᠰᠢᠨ᠎ᠡ ᠡᠭᠦᠳᠦᠯᠲᠠ ᠵᠢᠨ ᠣᠨᠣᠯ᠎ᠤᠨ ᠣᠯᠠᠨ ᠲᠦᠮᠡᠨᠴᠢᠯᠡᠭᠰᠡᠨ ᠳᠠᠮᠵᠢᠭᠤᠯᠭ᠎ᠠ᠎ᠶᠢᠨ ᠦᠢᠯᠡᠳᠦᠯᠭᠡ ᠪᠠ ᠪᠣᠳᠣᠯᠬᠢᠯᠠᠯ
2026-07-03 11:50:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠩ ᠲᠢᠶᠠᠨ ᠰᠢᠶᠣᠣ 《ᠰᠣᠨᠢᠨ ᠮᠡᠳᠡᠭᠡᠨ᠎ᠦ ᠹᠷᠣᠨᠲ 》 ᠰᠡᠳᠭᠦᠯ᠎ᠤᠨ 2025 ᠣᠨ᠎ᠤ 12 ᠰᠠᠷ᠎ᠠ᠎ᠳᠤ ᠦᠭᠦᠯᠡᠯ ᠨᠡᠢᠳᠡᠯᠡᠵᠦ᠂ ᠨᠠᠮ᠎ᠤᠨ ᠰᠢᠨ᠎ᠡ ᠡᠭᠦᠳᠦᠯᠲᠡ ᠵᠢᠨ ᠣᠨᠣᠯ᠎ᠤᠨ ᠤᠯᠠᠨ ᠲᠦᠮᠡᠨᠴᠢᠯᠡᠭᠰᠡᠨ ᠳᠠᠮᠵᠢᠭᠤᠯᠭ᠎ᠠ ᠪᠤᠯ ᠣᠳᠣᠬᠠᠨ᠎ᠤ ᠭᠣᠣᠯ ᠪᠤᠯᠬᠤ ᠵᠠᠭᠤᠴᠢᠯᠠᠭᠤᠷ᠎ᠤᠨ ᠰᠢᠰᠲᠧᠮ᠎ᠦᠨ ᠴᠢᠨᠠᠷᠲᠠᠢ ᠬᠤᠪᠢᠰᠤᠯᠲᠠ᠎ᠶᠢ ᠠᠬᠢᠭᠤᠯᠬᠤ ᠴᠢᠬᠤᠯᠠ ᠰᠡᠳᠦᠪ ᠮᠦᠨ ᠭᠡᠵᠦ ᠵᠢᠭᠠᠵᠤ ᠭᠠᠷᠭᠠᠪᠠ᠃ 《ᠨᠠᠮ᠎ᠤᠨ ᠰᠢᠨ᠎ᠡ ᠡᠭᠦᠳᠦᠯᠲᠡ ᠵᠢᠨ ᠤᠨᠤᠯ ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ ᠪᠣᠯᠤᠭᠰᠠᠨ᠎ᠤ ᠬᠤᠪᠢ᠎ᠳᠤ ᠮᠠᠷᠺᠰ᠎ᠤᠨ ᠦᠵᠡᠯ᠎ᠦᠨ ᠤᠯᠠᠨ ᠲᠦᠮᠡᠨᠴᠢ ᠴᠢᠨᠠᠷᠲᠠᠢ ᠭᠸᠨ᠎ᠢ ᠭᠦᠨᠵᠡᠭᠡᠢ ᠵᠠᠯᠭᠠᠮᠵᠢᠯᠠᠭᠰᠠᠨ ᠶᠤᠮ᠃ ᠤᠨᠤᠯ ᠪᠣᠯ ᠤᠯᠠᠨ ᠲᠦᠮᠡᠨ᠎ᠡᠴᠡ ᠢᠷᠡᠯᠲᠡ᠎ᠲᠠᠢ ᠪᠥᠭᠡᠳ ᠪᠠᠰᠠ ᠡᠷᠬᠡᠪᠰᠢ ᠤᠯᠠᠨ ᠲᠦᠮᠡᠨ᠎ᠦ ᠳᠤᠮᠳᠠ ᠪᠤᠴᠠᠬᠤ ᠶᠤᠰᠤᠲᠠᠢ᠂ ᠤᠨᠤᠯ᠎ᠤᠨ ᠬᠦᠴᠦᠨ ᠪᠣᠯ ᠤᠯᠠᠨ ᠲᠦᠮᠡᠨ᠎ᠢ ᠡᠵᠡᠮᠰᠢᠬᠦ᠎ᠶᠢᠨ ᠬᠠᠮᠲᠤ ᠡᠷᠬᠡᠪᠰᠢ ᠤᠯᠠᠨ ᠲᠦᠮᠡᠨ᠎ᠳᠦ ᠡᠵᠡᠮᠰᠢᠭᠳᠡᠬᠦ ᠶᠤᠰᠤᠲᠠᠢ᠂ ᠤᠨᠤᠯ᠎ᠢᠶᠠᠷ ᠤᠯᠠᠨ ᠲᠦᠮᠡᠨ᠎ᠢ ᠵᠡᠪᠰᠡᠭᠯᠡᠨ ᠬᠥᠮᠥᠵᠢᠭᠦᠯᠬᠦ᠎ᠶᠢᠨ ᠬᠠᠮᠲᠤ ᠡᠷᠬᠡᠪᠰᠢ ᠤᠯᠠᠨ ᠲᠦᠮᠡᠨ᠎ᠦ ᠠᠰᠠᠭᠤᠯᠲᠠ᠎ᠳᠦ ᠬᠠᠷᠢᠭᠤᠯᠲᠠ ᠦᠭᠬᠦ ᠬᠡᠷᠡᠭᠲᠡᠢ᠃ ᠪᠢᠳᠡ ᠨᠠᠮ᠎ᠤᠨ ᠰᠢᠨ᠎ᠡ᠎ᠡᠭᠦᠳᠦᠯᠲᠡ ᠵᠢᠨ ᠤᠨᠤᠯ᠎ᠤᠨ ᠤᠯᠠᠨ ᠲᠦᠮᠡᠨᠴᠢᠯᠡᠭᠰᠡᠨ ᠳᠠᠮᠵᠢᠭᠤᠯᠭ᠎ᠠ᠎ᠶᠢ ᠰᠢᠨ᠎ᠡ ᠴᠠᠭ ᠦᠶ᠎ᠡ᠎ᠶᠢᠨ ᠰᠣᠨᠢᠨ ᠮᠡᠳᠡᠭᠡ ᠰᠤᠷᠲᠠᠯ ᠤᠬᠠᠭᠤᠯᠭ᠎ᠠ᠎ᠶᠢᠨ ᠠᠵᠢᠯ᠎ᠤᠨ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠠᠭᠤᠯᠭ᠎ᠠ᠎ᠶᠢᠨ ᠰᠢᠨ᠎ᠡ᠎ᠶᠢ ᠡᠭᠦᠳᠬᠦ᠂ ᠬᠡᠯᠪᠡᠷᠢ᠎ᠶᠢᠨ ᠰᠢᠨᠡᠴᠢᠯᠡᠯᠲᠡ᠎ᠪᠡᠷ ᠳᠠᠮᠵᠢᠨ  ᠤᠨᠤᠯ ᠎ᠤᠨ ᠤᠬᠠᠭᠤᠯᠭ᠎ᠠ᠎ᠶᠢᠨ ᠬᠥᠲᠥᠯᠥᠨ ᠳᠠᠭᠠᠭᠤᠯᠬᠤ ᠬᠦᠴᠦᠨ᠂ ᠣᠢᠷᠠᠳᠬᠤ ᠴᠢᠨᠠᠷ᠂ ᠳᠣᠲᠣᠨᠣᠴᠢᠯᠠᠬᠤ ᠬᠦᠴᠦᠨ᠎ᠢ ᠴᠢᠩᠭᠠᠳᠬᠠᠵᠤ᠂ ᠬᠦᠯᠢᠶᠡᠨ ᠠᠪᠤᠭ᠍ᠴᠢᠳ᠎ᠲᠦ ᠨᠡᠩ ᠲᠦᠷᠭᠡᠨ ᠰᠢᠭᠤᠳ ᠬᠦᠷᠭᠡᠵᠦ᠂ ᠬᠥᠮᠥᠰ᠎ᠦᠨ ᠰᠡᠳᠬᠢᠯ᠎ᠢ ᠨᠡᠩ ᠰᠠᠢᠨ ᠨᠢᠭ᠍ᠲᠠᠷᠠᠭᠤᠯᠬᠤ ᠬᠡᠷᠡᠭᠲᠡᠢ᠃ ᠡᠭᠦᠨ᠎ᠦ ᠲᠤᠯᠠᠳᠠ ᠪᠢᠳᠡ ᠤᠨᠤᠯ᠎ᠤᠨ ᠳᠠᠮᠵᠢᠭᠤᠯᠭ᠎ᠠ ᠪᠠ ᠠᠷᠠᠳ ᠤᠯᠠᠨ᠎ᠤ ᠬᠡᠷᠡᠭ ᠶᠠᠪᠤᠳᠠᠯ᠎ᠢ ᠬᠦᠦᠷᠨᠢᠬᠦ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠤᠨᠤᠯ᠎ᠤᠨ ᠳᠠᠮᠵᠢᠭᠤᠯᠭ᠎ᠠ ᠪᠠ ᠵᠠᠰᠠᠭ᠎ᠤᠨ ᠶᠠᠪᠤᠳᠠᠯ ᠎ᠢ ᠵᠥᠪᠯᠡᠨ ᠰᠠᠨᠠᠯ ᠵᠥᠪᠯᠡᠯᠭᠡ ᠭᠠᠷᠭᠠᠬᠤ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠤᠨᠤᠯ ᠎ᠤᠨ ᠳᠠᠮᠵᠢᠭᠤᠯᠭ᠎ᠠ ᠪᠠ ᠪᠤᠷᠤᠭᠤᠰᠢᠶᠠᠬᠤ ᠨᠢᠴᠤᠭᠠᠬᠤ ᠢᠯᠭᠠᠨ ᠲᠠᠨᠢᠬᠤ᠎ᠶᠢ ᠤᠶᠠᠯᠳᠤᠭᠤᠯᠵᠤ᠂ ᠤᠨᠤᠯ᠎ᠤᠨ ᠳᠠᠮᠵᠢᠭᠤᠯᠭ᠎ᠠ ᠪᠠ ᠬᠠᠮᠲᠤ᠎ᠶᠢᠨ ᠰᠡᠳᠬᠢᠯ ᠵᠢᠡᠨ ᠢᠯᠡᠳᠬᠡᠬᠦ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠤᠨᠤᠯ᠎ᠤᠨ ᠳᠠᠮᠵᠢᠭᠤᠯᠭ᠎ᠠ ᠪᠠ ᠰᠣᠶᠣᠯ᠎ᠢᠶᠠᠷ ᠬᠥᠮᠥᠨ ᠎ᠢ ᠤᠬᠠᠭᠠᠷᠠᠭᠤᠯᠬᠤ᠎ᠵᠢ ᠤᠶᠠᠯᠳᠤᠭᠤᠯᠬᠤ᠎ᠶᠢ ᠪᠠᠷᠢᠮᠲᠠᠯᠠᠨ᠎ᠠ᠃ ᠰᠢᠨ᠎ᠡ ᠴᠠᠭ ᠦᠶ᠎ᠡ ᠰᠢᠨ᠎ᠡ ᠠᠶᠠᠨ᠎ᠳᠤ  ᠨᠠᠮ᠎ᠤᠨ ᠰᠢᠨ᠎ᠡ ᠡᠭᠦᠳᠦᠭᠰᠡᠨ ᠤᠨᠤᠯ᠎ᠤᠨ ᠤᠯᠠᠨ ᠲᠦᠮᠡᠨᠴᠢᠯᠡᠭᠰᠡᠨ ᠳᠠᠮᠵᠢᠭᠤᠯᠭ᠎ᠠ᠎ᠳᠤ ᠰᠢᠨ᠎ᠡ ᠪᠠᠢᠳᠠᠯ ᠰᠢᠨ᠎ᠡ ᠡᠭᠦᠷᠭᠡ ᠲᠤᠯᠭᠠᠷᠠᠵᠤ ᠪᠤᠢ᠃ ᠬᠦᠯᠢᠶᠡᠨ ᠠᠪᠤᠭ᠍ᠴᠢᠳ᠎ᠤᠨ ᠲᠠᠨᠢᠨ ᠮᠡᠳᠡᠬᠦᠢ ᠠᠳᠠᠯᠢ ᠪᠤᠰᠤ ᠪᠠᠢᠬᠤ᠂ ᠤᠯᠠᠮᠵᠢᠯᠠᠬᠤ ᠠᠮᠢ ᠠᠬᠤᠢ᠎ᠶᠢᠨ ᠬᠤᠪᠢᠰᠤᠯᠲᠠ᠂ ᠦᠵᠡᠯ ᠰᠠᠨᠠᠭᠠᠨ᠎ᠤ ᠣᠷᠴᠢᠨ ᠨᠥᠬᠥᠴᠡᠯ ᠪᠤᠳᠤᠯᠢᠶᠠᠨᠲᠠᠢ ᠪᠠᠢᠬᠤ ᠵᠡᠷᠭᠡ ᠰᠢᠨ᠎ᠡ ᠪᠠᠢᠳᠠᠯ᠎ᠤᠨ ᠡᠮᠦᠨ᠎ᠡ᠂ ᠤᠯᠠᠮᠵᠢᠯᠠᠯᠲᠤ ᠬᠡᠪ ᠵᠠᠭᠪᠤᠷ᠎ᠢ ᠰᠢᠪᠲᠤᠯᠵᠤ᠂ ᠤᠨᠤᠯ᠎ᠤᠨ ᠳᠠᠮᠵᠢᠭᠤᠯᠭ᠎ᠠ᠎ᠶᠢ ᠦᠵᠡᠯ ᠰᠠᠨᠠᠭ᠎ᠠ᠎ᠠᠴᠠ ᠦᠢᠯᠡᠳᠦᠯᠭᠡ᠎ᠳᠦ ᠬᠦᠷᠬᠦ᠂ ᠲᠠᠨᠢᠨ ᠮᠡᠳᠡᠬᠦᠢ᠎ᠡᠴᠡ ᠲᠠᠨᠢᠨ ᠮᠡᠳᠡᠷᠡᠬᠦᠢ᠎ᠳᠦ ᠬᠦᠷᠬᠦ ᠭᠦᠨᠵᠡᠭᠡᠢ ᠬᠤᠪᠢᠷᠠᠭᠤᠯᠤᠯᠲᠠ᠎ᠶᠢ ᠪᠡᠶᠡᠯᠡᠭᠦᠯᠬᠦ ᠨᠢ ᠨᠠᠮ᠎ᠤᠨ ᠵᠠᠭᠤᠴᠢᠯᠠᠭᠤᠷ᠎ᠤᠨ ᠴᠢᠬᠤᠯᠠ ᠶᠡᠬᠡ ᠴᠠᠭ ᠦᠶ᠎ᠡ᠎ᠶᠢᠨ ᠰᠡᠳᠦᠪ ᠪᠣᠯᠤᠭᠰᠠᠨ ᠪᠠᠢᠨ᠎ᠠ᠃ ᠡᠢᠮᠦ᠎ᠡᠴᠡ ᠪᠢᠳᠡ ᠪᠠᠰᠠ ᠬᠠᠷᠠᠭᠠᠨ ᠰᠡᠷᠡᠯ᠎ᠢᠶᠡᠷ ᠢᠯᠡᠷᠡᠭᠦᠯᠬᠦ᠎ᠶᠢ ᠴᠢᠬᠤᠯᠠᠴᠢᠯᠠᠵᠤ᠂ ᠣᠯᠠᠨ᠎ᠠᠴᠠ ᠢᠯᠭᠠᠭᠳᠠᠬᠤ ᠬᠡᠯᠪᠡᠷᠢ᠎ᠪᠡᠷ ᠤᠯᠠᠮᠵᠢᠯᠠᠬᠤ᠎ᠶᠢ ᠴᠢᠬᠤᠯᠠᠴᠢᠯᠠᠵᠤ ᠂ᠠᠮᠢᠵᠢᠷᠠᠯ ᠪᠢᠯᠬᠠᠮ᠎ᠠ ᠬᠡᠯᠪᠡᠷᠢ᠎ᠪᠡᠷ ᠢᠯᠡᠳᠬᠡᠬᠦ ᠎ᠶᠢ ᠴᠢᠬᠤᠯᠠᠴᠢᠯᠠᠵᠤ᠂ ᠬᠠᠷᠢᠯᠴᠠᠨ ᠦᠢᠯᠡᠳᠦᠯᠴᠡᠬᠦ ᠬᠡᠯᠪᠡᠷᠢ᠎ᠶᠢᠨ ᠰᠣᠯᠢᠯᠴᠠᠭ᠎ᠠ᠎ᠶᠢ ᠴᠢᠬᠤᠯᠠᠴᠢᠯᠠᠵᠤ᠂ ᠤᠳᠤᠷᠢᠳᠤᠮᠵᠢ᠎ᠶᠢᠨ ᠴᠢᠨᠠᠷᠲᠠᠢ ᠬᠥᠲᠥᠯᠥᠨ ᠳᠠᠭᠠᠭᠤᠯᠬᠤ᠎ᠶᠢ ᠴᠢᠬᠤᠯᠠᠴᠢᠯᠠᠬᠤ ᠬᠡᠷᠡᠭᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号