ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ ᠎ᠢ ᠨᠢᠭᠡ ᠴᠣᠭᠴᠠᠵᠢᠭᠤᠯᠬᠤ ᠪᠡᠷ ᠰᠢᠨ᠎ᠡ ᠴᠢᠨᠠᠷ᠎ᠤᠨ ᠦᠢᠯᠡᠳᠪᠦᠷᠢᠯᠡᠯ ᠬᠦᠴᠦᠨ᠎ᠳᠦ ᠡᠨ᠋ᠸᠷᠭᠢ ᠣᠯᠭᠣᠬᠤ ᠲᠣᠭᠲᠠᠴᠠ
2026-07-03 11:55:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠹᠸᠩ ᠵᠤᠤ ᠵᠢᠶᠠᠨ《ᠬᠤᠨᠠᠨ᠎ᠤ ᠨᠡᠢᠭᠡᠮ᠎ᠦᠨ ᠰᠢᠨᠵᠢᠯᠡᠬᠦ ᠤᠬᠠᠭᠠᠨ》 ᠰᠡᠳᠭᠦᠯ᠎ᠤᠨ 2025 ᠣᠨ᠎ᠤ 6 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠱᠠᠭᠠᠷᠳᠠᠯᠭ᠎ᠠ ᠶᠤᠰᠤᠭᠠᠷ  ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠴᠢᠳᠠᠪᠤᠷᠢᠲᠠᠨ ᠎ᠤ ᠰᠠᠢᠨ ᠣᠷᠴᠢᠯ᠎ᠢ ᠰᠢᠯᠤᠭᠤᠳᠬᠠᠬᠤ ᠬᠡᠷᠡᠭᠲᠡᠢ᠃ ᠣᠳᠣᠬᠠᠨ ᠎ᠳᠤ ᠪᠦᠬᠦ ᠪᠥᠮᠪᠥᠷᠴᠡᠭ ᠎ᠦᠨ ᠬᠡᠪᠴᠢᠶᠡᠨ᠎ᠳᠦ ᠮᠡᠷᠭᠡᠵᠢᠯ ᠎ᠦᠨ ᠰᠢᠨᠡᠴᠢᠯᠡᠯᠳᠡ ᠡᠳᠦᠷ ᠢᠷᠡᠬᠦᠶ᠎ᠡ ᠲᠦᠷᠭᠡᠳᠴᠦ᠂ ᠴᠢᠳᠠᠪᠤᠷᠢᠲᠠᠨ ᠎ᠤ ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠰᠢᠨ᠎ᠡ ᠴᠢᠨᠠᠷ ᠤ᠋ᠨ ᠦᠢᠯᠡᠳᠪᠦᠷᠢᠯᠡᠯ ᠎ᠦᠨ ᠬᠦᠴᠦᠨ᠎ᠦ ᠬᠥᠭᠵᠢᠯᠲᠡ ᠨᠢ ᠬᠥᠳᠡᠯᠮᠦᠷᠢᠴᠢᠳ ᠎ᠦᠨ ᠬᠡᠪ ᠴᠢᠨᠠᠷ᠎ᠲᠤ ᠨᠡᠩ ᠥᠨᠳᠥᠷ ᠱᠠᠭᠠᠷᠳᠠᠯᠭ᠎ᠠ ᠲᠠᠯᠪᠢᠵᠤ ᠪᠠᠢᠨ᠎ᠠ᠂ ᠡᠢᠮᠦ᠎ᠡᠴᠡ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠨᠢᠭᠡ ᠴᠣᠭᠴᠠᠵᠢᠭᠤᠯᠬᠤ ᠵᠢᠨ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠦᠵᠡᠭᠦᠯᠬᠦ ᠠᠬᠢᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠤᠷᠭᠠᠨ ᠬᠥᠮᠦᠵᠢᠯ  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ ᠎ᠢ ᠨᠢᠭᠡ ᠴᠣᠭᠴᠠᠵᠢᠭᠤᠯᠬᠤ ᠵᠢᠨ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠎ᠳᠦ ᠡᠨ᠋ᠸᠷᠭᠢ ᠣᠯᠭᠣᠬᠤ ᠲᠣᠭᠲᠠᠴᠠ᠎ᠶᠢ ᠰᠦᠪᠡᠭᠴᠢᠯᠡᠵᠦ᠂ ᠡᠯ᠎ᠡ ᠲᠦᠷᠦᠯ᠎ᠦᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ ᠵᠦᠢᠯ᠎ᠢ ᠪᠦᠲᠦᠮᠵᠢᠲᠡᠢ ᠨᠡᠢᠳᠬᠡᠵᠦ᠂ ᠡᠭᠦᠨ᠎ᠦ ᠤᠯᠠᠮ᠎ᠢᠶᠠᠷ ᠰᠢᠨ᠎ᠡ ᠴᠢᠨᠠᠷ ᠤ᠋ᠨ ᠦᠢᠯᠡᠳᠪᠦᠷᠢᠯᠡᠯ ᠎ᠦᠨ ᠬᠦᠴᠦᠨ ᠎ᠢ ᠬᠥᠭᠵᠢᠭᠦᠯᠬᠦ᠎ᠳᠦ ᠪᠠᠷᠠᠭᠳᠠᠰᠢ ᠦᠭᠡᠢ ᠬᠥᠳᠡᠯᠭᠡᠬᠦ ᠬᠦᠴᠦᠨ ᠬᠠᠩᠭᠠᠬᠤ ᠬᠡᠷᠡᠭᠳᠡᠢ᠃ ᠲᠣᠭᠲᠠᠴᠠ᠎ᠶᠢᠨ ᠠᠭᠤᠯᠤᠭᠳᠠᠬᠤᠨ ᠎ᠤ ᠳᠠᠪᠬᠤᠷᠭ᠎ᠠ᠎ᠳᠤ᠂ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠦᠵᠡᠭᠦᠯᠬᠦ ᠰᠠᠭᠤᠷᠢ ᠤᠳᠤᠷᠢᠳᠤᠮᠵᠢ᠎ᠶᠢᠨ ᠦᠢᠯᠡᠳᠦᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠤᠨ  ᠥᠨᠳᠥᠷ ᠲᠦᠪᠰᠢᠨ ᠪᠦᠬᠦᠢ ᠰᠢᠨ᠎ᠡ᠎ᠡᠭᠦᠳᠦᠯᠳᠡ ᠵᠢᠨ ᠭᠡᠳᠡᠷᠭᠦ ᠲᠡᠮᠵᠢᠬᠦ ᠦᠢᠯᠡᠳᠦᠯ᠂ ᠴᠢᠳᠠᠪᠤᠷᠢᠲᠠᠨ᠎ᠢ ᠥᠨᠳᠥᠷ ᠴᠢᠨᠠᠷ ᠴᠢᠨᠰᠠᠭ᠎ᠠ᠎ᠲᠠᠢ ᠬᠥᠮᠥᠵᠢᠭᠦᠯᠬᠦ ᠵᠢᠨ ᠲᠤᠯᠭᠠᠭᠤᠷᠢᠯᠠᠨ ᠪᠠᠲᠤᠯᠠᠬᠤ ᠦᠢᠯᠡᠳᠦᠯ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠬᠦ ᠵᠢᠨ ᠠᠬᠢᠭᠤᠯᠬᠤ ᠦᠢᠯᠡᠳᠦᠯ ᠴᠢᠳᠠᠪᠬᠢ ᠎ᠵᠢ ᠳᠣᠪᠣᠶ᠋ᠢᠯᠭᠠᠨ᠎ᠠ᠃ ᠲᠣᠭᠲᠠᠴᠠ᠎ᠶᠢᠨ ᠥᠭᠡᠷᠡᠴᠢᠯᠡᠯᠲᠡ᠎ᠶᠢᠨ ᠳᠠᠪᠬᠤᠷᠭ᠎ᠠ᠎ᠳᠤ᠂ ᠰᠤᠷᠭᠠᠨ ᠬᠥᠮᠦᠵᠢᠯ ᠵᠢᠡᠷ ᠣᠶᠤᠨ᠎ᠢ ᠨᠡᠮᠡᠭᠳᠡᠭᠦᠯᠬᠦ᠎ᠪᠡᠷ ᠲᠠᠮᠵᠢᠨ ᠮᠡᠳᠡᠯᠭᠡ᠎ᠶᠢᠨ ᠳᠠᠬᠢᠨ ᠦᠢᠯᠡᠳᠪᠦᠷᠢᠯᠡᠯ᠎ᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ  ᠡᠭᠦᠳᠬᠦ᠎ᠪᠡᠷ ᠮᠡᠷᠭᠡᠵᠢᠯ᠎ᠦᠨ ᠳᠠᠬᠢᠨ ᠦᠢᠯᠡᠳᠪᠦᠷᠢᠯᠡᠯ᠎ᠢ ᠠᠬᠢᠭᠤᠯᠵᠤ᠂ ᠴᠢᠳᠠᠪᠤᠷᠢᠲᠠᠨ᠎ᠢᠶᠠᠷ ᠬᠥᠲᠥᠯᠥᠨ ᠳᠠᠭᠠᠭᠤᠯᠵᠤ ᠬᠥᠳᠡᠯᠮᠦᠷᠢ ᠬᠦᠴᠦᠨ᠎ᠦ ᠳᠠᠬᠢᠨ ᠦᠢᠯᠡᠳᠪᠦᠷᠢᠯᠡᠯ ᠎ᠢ ᠠᠬᠢᠭᠤᠯᠵᠤ᠂ ᠤᠬᠢ ᠰᠠᠢᠨ ᠬᠠᠷᠢᠯᠴᠠᠨ ᠨᠡᠪᠲᠡᠷᠡᠯᠴᠡᠯ ᠵᠢᠡᠷ ᠦᠢᠯᠡᠳᠪᠦᠷᠢᠯᠡᠯ᠎ᠦᠨ ᠬᠦᠴᠦᠨ ᠎ᠦ ᠳᠠᠬᠢᠨ ᠦᠢᠯᠡᠳᠪᠦᠷᠢᠯᠡᠯ᠎ᠢ ᠠᠬᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠪᠠᠢᠭᠤᠯᠤᠯ ᠲᠣᠭᠲᠠᠴᠠ᠎ᠶᠢᠨ ᠨᠢᠭᠡ ᠴᠣᠭᠴᠠᠵᠢᠭ᠍ᠰᠠᠨ ᠥᠭᠡᠷᠡᠴᠢᠯᠡᠯᠲᠡ ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠲᠣᠭᠲᠠᠴᠠ᠎ᠶᠢᠨ ᠪᠠᠲᠤᠯᠠᠭ᠎ᠠ᠎ᠶᠢᠨ ᠳᠠᠪᠬᠤᠷᠭ᠎ᠠ᠎ᠳᠤ᠂ ᠳᠦᠷᠢᠮ ᠎ᠦᠨ ᠳᠠᠪᠠᠭᠤᠯᠢᠭ᠋᠎ᠢᠶᠠᠨ ᠪᠠᠳᠠᠷᠠᠭᠤᠯᠵᠤ ᠬᠠᠮᠵᠢᠯᠴᠠᠨ ᠵᠠᠰᠠᠬᠤ ᠰᠢᠰᠲᠧᠮ᠎ᠢ ᠪᠦᠷᠢᠨᠰᠢᠭᠦᠯᠵᠦ᠂ ᠠᠰᠠᠭᠤᠳᠠᠯ ᠵᠢᠡᠷ᠎ᠤᠳᠤᠷᠢᠳᠤᠮᠵᠢ ᠪᠣᠯᠭᠠᠬᠤ᠎ᠶᠢ ᠲᠡᠭᠦᠯᠳᠡᠷᠵᠢᠭᠦᠯᠵᠦ ᠭᠣᠣᠯᠳᠠᠯᠭ᠎ᠠ᠎ᠲᠠᠢ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠪᠠᠷᠢᠮᠲᠠᠯᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠭᠦᠨᠵᠡᠭᠡᠢ ᠠᠭᠤᠰᠤᠯᠴᠠᠭᠤᠯᠬᠤ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠦᠨᠡᠯᠡᠯᠲᠡ᠎ᠶᠢᠨ ᠰᠢᠰᠲᠧᠮ᠎ᠢ ᠪᠦᠷᠢᠨᠰᠢᠭᠦᠯᠦᠨ᠂ ᠬᠥᠭᠵᠢᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠡᠴᠦᠰ᠎ᠲᠡᠬᠡᠨ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ ᠎ᠶᠢ ᠲᠤᠯᠭᠠᠭᠤᠷᠢᠯᠠᠬᠤ ᠰᠢᠨ᠎ᠡ᠎ᠶᠢ ᠡᠭᠦᠳᠬᠦ ᠠᠮᠢ ᠠᠬᠤᠢ᠎ᠶᠢᠨ ᠰᠢᠰᠲᠧᠮ᠎ᠢ ᠪᠦᠷᠢᠯᠳᠦᠭᠦᠯᠦᠨ᠎ᠡ᠃ ᠰᠤᠷᠭᠠᠨ ᠬᠥᠮᠦᠵᠢᠯ ᠎ᠳᠦ ᠰᠠᠭᠤᠷᠢ ᠲᠠᠯᠪᠢᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠦ ᠡᠨᠧᠷᠭᠢ ᠣᠯᠭᠣᠬᠤ᠂ ᠴᠢᠳᠠᠪᠤᠷᠢᠲᠠᠨ᠎ᠢᠶᠠᠷ ᠬᠥᠳᠡᠯᠭᠡᠭᠦᠷ ᠪᠣᠯᠭᠠᠬᠤ ᠭᠤᠷᠪᠠᠨ ᠬᠡᠮᠵᠢᠯᠲᠦ ᠬᠠᠮᠵᠢᠯᠴᠠᠨ ᠰᠢᠨ᠎ᠡ᠎ᠶᠢ ᠡᠭᠦᠳᠬᠦ ᠲᠣᠭᠲᠠᠴᠠ᠎ᠶᠢ ᠪᠠᠶ᠋ᠢᠭᠤᠯᠬᠤ᠎ᠪᠠᠷ ᠳᠠᠮᠵᠢᠨ ᠪᠥᠬᠥ ᠡᠯᠧᠮᠧᠨ᠋ᠲ᠎ᠦᠨ ᠦᠢᠯᠡᠳᠪᠦᠷᠢᠯᠡᠯ᠎ᠦᠨ ᠨᠣᠷᠮ᠎ᠠ᠎ᠶᠢ ᠪᠦᠲᠦᠮᠵᠢᠲᠡᠶ ᠬᠥᠭᠵᠢᠭᠡᠵᠦ᠂ ᠴᠢᠨᠠᠷ ᠰᠠᠢᠲᠠᠢ ᠬᠥᠭᠵᠢᠯᠲᠡ᠎ᠳᠦ ᠦᠷᠭᠦᠯᠵᠢᠯᠡᠨ ᠬᠥᠳᠡᠯᠭᠡᠬᠦ ᠡᠨᠧᠷᠭᠢ᠎ᠶᠢ ᠨᠡᠮᠡᠷᠢᠯᠡᠬᠦ ᠬᠡᠷᠡᠭᠲᠠᠢ᠃  

                

   《ᠱᠢᠨᠬᠤᠸᠠ ᠵᠤᠬᠢᠶᠠᠯ ᠤ᠋ᠨ ᠱᠦᠭᠦᠮᠡᠭ 》 ᠡᠴᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号