ᠪᠦᠦ ᠭᠠᠩ ᠵᠡᠪᠰᠡᠭᠲᠦ᠍ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠳᠤ ᠬᠦᠷᠴᠦ᠍ ᠪᠤᠯᠭᠤᠭᠠᠨ ᠲᠣᠬᠣᠨᠢᠭᠤᠯᠪᠠ
2026-07-30 10:20:07
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

《8·1》 ᠤ᠋ ᠴᠡᠷᠢᠭ ᠪᠠᠶ᠋ᠢᠭᠤᠯᠤᠭᠳᠠᠭᠰᠠᠨ ᠪᠠᠶᠠᠷ᠎ᠡᠴᠡ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠡᠪᠰᠡᠭᠲᠦ᠍ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶᠢᠨ ᠳᠠᠷᠤᠭ᠎ᠠ ᠪᠠᠶ᠋ᠢᠯᠳᠤᠭᠴᠢᠳ᠎ᠢ ᠪᠣᠯᠭᠣᠭᠠᠨ ᠲᠣᠬᠣᠨᠢᠭᠤᠯᠵᠤ᠂ ᠲᠡᠳᠡᠨᠤᠰ ᠲᠸ᠋ ᠪᠠᠶᠠᠷ᠎ᠤᠨ ᠡᠳᠦᠷ᠎ᠦᠨ ᠵᠥᠩᠨᠡᠯ ᠪᠠ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠪᠡ᠃

ᠪᠦᠦ ᠭᠠᠩ ᠥᠷᠭᠡᠨ ᠤᠯᠠᠨ ᠳᠠᠷᠤᠭ᠎ᠠ ᠪᠠᠶ᠋ᠢᠯᠳᠤᠭᠴᠢ᠎ᠶᠢᠨ ᠪᠠᠴᠢᠮ ᠪᠠᠶ᠋ᠢᠳᠠᠯ᠎ᠢ ᠠᠷᠭᠠᠴᠠᠭᠠᠨ ᠭᠡᠨᠡᠳᠲᠡ᠎ᠶᠢᠨ ᠬᠡᠷᠡᠭ᠎ᠢ ᠰᠢ᠌ᠳᠪᠦᠷᠢᠯᠡᠬᠦ᠌᠂ ᠠᠶᠤᠯ ᠭᠠᠮᠰᠢᠭ᠎ᠡᠴᠡ ᠠᠪᠤᠷᠠᠬᠤ᠂ ᠲᠣᠭᠲᠠᠭᠤᠨ᠎ᠢ ᠬᠠᠮᠠᠭᠠᠯᠠᠬᠤ ᠵᠡᠷᠭᠡ ᠲᠠᠯ᠎ᠠ᠎ᠪᠠᠷ ᠦᠵᠡᠭᠦᠯᠦᠭᠰᠡᠨ ᠬᠤᠪᠢ ᠨᠡᠮᠡᠷᠢ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠴᠡᠷᠢᠭ ᠠᠩᠭᠢ᠎ᠶᠢᠨ᠎ᠬᠢᠨ ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ᠌ ᠦᠵᠡᠯ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠲᠠᠶ ᠨᠢᠭᠲᠠ ᠤᠶᠠᠯᠳᠤᠭᠤᠯᠵᠤ᠂ ᠣᠷᠣᠨ ᠨᠤᠲᠤᠭ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ ᠪᠠᠨ ᠠᠭᠤᠰᠤᠯᠴᠠᠵᠤ᠂ ᠡᠬᠡ ᠤᠯᠤᠰ᠎ᠤᠨ ᠤᠮᠠᠷᠠᠲᠤ᠎ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠬᠠᠮᠲᠤ᠎ᠪᠠᠷ ᠴᠣᠭᠴᠠᠯᠠᠬᠤ᠎ᠶᠢ ᠬᠦᠰᠡᠵᠦ᠍ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ ᠥᠩᠭᠡᠷᠡᠭᠰᠡᠨ᠎ᠲᠡᠶ᠎ᠪᠡᠨ ᠠᠳᠠᠯᠢ᠎ᠪᠠᠷ ᠴᠡᠷᠢᠭ ᠠᠩᠭᠢ᠎ᠶᠢᠨ ᠥᠭᠡᠷᠡᠴᠢᠯᠡᠯᠲᠡ ᠪᠦᠲᠦᠭᠡᠨ ᠪᠠᠶ᠋ᠢᠭᠤᠯᠤᠯᠲᠠ᠎ᠶᠢ ᠳᠡᠮᠵᠢᠵᠦ᠍᠂ ᠴᠡᠷᠢᠭ᠎ᠢᠶᠡᠨ ᠬᠦᠷᠢᠶᠡᠯᠡᠨ ᠴᠡᠷᠢᠭ᠎ᠦᠨ ᠭᠡᠷ ᠪᠦᠯᠢ᠎ᠶᠢᠨ ᠬᠢᠨ ᠢ᠋ ᠬᠠᠷᠠᠭᠠᠯᠵᠠᠬᠤ ᠵᠡᠷᠭᠡ ᠦᠢᠯᠡᠴᠢᠯᠡᠭᠡ  ᠪᠠᠲᠤᠯᠠᠭ᠎ᠠ᠎ᠶᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠠᠲᠤ᠌ ᠪᠡᠬᠢ ᠬᠠᠷᠢᠴᠠᠭ᠎ᠠ᠎ᠶᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠦᠨ᠎ᠡ ᠭᠡᠪᠡ᠃

ᠵᠡᠪᠰᠡᠭᠲᠦ᠍ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶᠢᠨ ᠺᠣᠮᠠᠨᠳ᠋ᠯᠠᠭᠴᠢ ᠭᠦᠸᠧ ᠵᠢᠶᠦ᠋ᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号