ᠥᠪᠥᠷ ᠮᠣᠩᠭᠣᠯ᠎ᠳᠤ ᠡᠪᠦᠯᠵᠢᠭᠰᠡᠨ ᠤᠰᠤᠨ ᠤ᠋ ᠰᠢᠪᠠᠭᠤᠳ ᠤ᠋ᠨ᠎ᠲᠣᠭ᠎ᠠ 18.5 ᠲᠦᠮᠡ ᠶ᠋ᠢ ᠳᠠᠪᠠᠪᠠ
2026-07-30 19:30:38
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭᠰᠠᠨ᠎ᠢᠶᠠᠷ᠂ 2026 ᠣᠨ ᠤ᠋ ᠬᠢᠨᠠᠨ ᠬᠡᠮᠵᠢᠭᠰᠡᠨ ᠲᠣᠭ᠎ᠠ ᠪᠠᠷᠢᠮᠲᠠ ᠳ᠋ᠤ ᠢᠯᠡᠷᠡᠭᠦᠯᠦᠭᠰᠡᠨ ᠵᠢᠡᠷ᠂ ᠥᠪᠥᠷ ᠮᠣᠩᠭᠣᠯ᠎ᠳᠤ ᠡᠪᠦᠯᠵᠢᠭᠰᠡᠨ ᠤᠰᠤᠨ ᠤ᠋ ᠰᠢᠪᠠᠭᠤᠳ ᠤ᠋ᠨ ᠲᠣᠭ᠎ᠠ 18.5 ᠲᠦᠮᠡ ᠶ᠋ᠢ ᠳᠠᠪᠠᠵᠤ᠂ ᠬᠠᠪᠤᠷ ᠨᠡᠭᠦᠳᠡᠯᠯᠡᠨ ᠢᠷᠡᠭᠰᠡᠨ ᠤᠰᠤᠨ ᠤ᠋ ᠰᠢᠪᠠᠭᠤᠳ ᠤ᠋ᠨ ᠲᠣᠭ᠎ᠠ 57 ᠲᠦᠮᠡ ᠶ᠋ᠢ ᠳᠠᠪᠠᠨ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠲᠣᠰ ᠲᠣᠰ 2.5 ᠲᠦᠮᠡ ᠪᠤᠯᠤᠨ 25.5 ᠲᠦᠮᠡ ᠭᠠᠷᠤᠢ ᠪᠡᠷ ᠨᠡᠮᠡᠭᠳᠡᠵᠦ᠂ ᠰᠢᠪᠠᠭᠤᠨ ᠤ᠋ ᠲᠥᠷᠥᠯ ᠤ᠋ᠨ ᠰᠦᠷᠦᠭ ᠤ᠋ᠨ ᠣᠷᠣᠰᠢᠨ ᠠᠮᠢᠳᠤᠷᠠᠬᠤ ᠲᠣᠭ᠎ᠠ ᠦᠷᠭᠦᠯᠵᠢᠯᠡᠨ ᠨᠡᠮᠡᠭᠳᠡᠨ᠂ ᠣᠷᠣᠨ ᠪᠦᠰᠡ ᠶ᠋ᠢᠨ ᠠᠮᠢ ᠠᠬᠤᠢ ᠶ᠋ᠢᠨ ᠶᠠᠰᠤ ᠴᠢᠨᠠᠷ ᠲᠣᠭᠲᠠᠭᠤᠨ᠎ᠢᠶᠠᠷ ᠰᠠᠢᠵᠢᠷᠠᠪᠠ᠃

ᠥᠪᠥᠷ ᠮᠣᠩᠭᠣᠯ ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠤ᠋ᠨ ᠡᠬᠢ ᠪᠠᠶᠠᠯᠢᠭ ᠵᠢᠡᠷ ᠡᠯᠪᠡᠭ ᠪᠠᠢᠵᠤ᠂ ᠨᠡᠭᠦᠳᠡᠯ ᠤ᠋ᠨ ᠰᠢᠪᠠᠭᠤᠳ ᠤ᠋ᠨ ᠨᠡᠭᠦᠳᠡᠯᠯᠡᠬᠦ ᠵᠠᠩᠭᠢᠯᠠᠭ᠎ᠠ ᠶ᠋ᠢᠨ ᠠᠮᠠᠷᠠᠯᠲᠠ ᠶ᠋ᠢᠨ ᠭᠠᠵᠠᠷ ᠪᠠ ᠡᠪᠦᠯᠵᠢᠬᠦ ᠲᠤᠬᠢᠷᠠᠮᠵᠢᠳᠠᠢ ᠣᠷᠣᠨ ᠪᠣᠯᠣᠨ᠎ᠠ᠃ ᠮᠠᠨ ᠤ᠋ ᠤᠷᠤᠨ ᠲᠤᠬᠠᠢ ᠵᠢᠨ ᠭᠠᠵᠠᠷ ᠤ᠋ᠨ ᠠᠮᠢᠳᠤ ᠪᠣᠳᠠᠰ ᠤ᠋ᠨ ᠡᠬᠢ ᠪᠠᠶᠠᠯᠢᠭ᠋᠎ᠢ ᠰᠢᠰᠲᠧᠮ᠎ᠲᠠᠢ ᠬᠠᠮᠠᠭᠠᠯᠠᠬᠤ ᠶ᠋ᠢᠨ ᠲᠥᠯᠥᠭᠡ᠂ ᠨᠢᠭᠡᠨᠲᠡ ᠭᠣᠣᠯᠳᠠᠯᠭ᠎ᠠ᠎ᠲᠠᠢ ᠬᠠᠮᠠᠭᠠᠯᠠᠬᠤ ᠬᠡᠭᠡᠷ᠎ᠡ ᠶ᠋ᠢᠨ ᠤᠷᠭᠤᠮᠠᠯ ᠤ᠋ᠨ ᠨᠡᠷᠡᠰ᠎ᠢ ᠨᠡᠢᠲᠡᠯᠡᠵᠦ᠂ ᠣᠷᠳᠣ᠌ ᠬᠤᠭᠤᠴᠠᠭᠠᠨ ᠤ᠋ ᠪᠦᠲᠦᠮᠵᠢᠲᠡᠶ ᠠᠮᠢ ᠠᠬᠤᠢ ᠶ᠋ᠢᠨ ᠬᠠᠮᠢᠶᠠᠷᠤᠯᠲᠠ ᠬᠠᠮᠠᠭᠠᠯᠠᠯᠲᠠ ᠶ᠋ᠢᠨ ᠲᠣᠭᠲᠠᠴᠠ ᠶ᠋ᠢ ᠪᠠᠢᠭᠤᠯᠪᠠ; ᠥᠪᠥᠷ ᠮᠣᠩᠭᠣᠯ ᠲᠦᠷᠦᠭᠦᠬᠡᠨ 2026 ᠣᠨ ᠤ᠋ 2 ᠳ᠋ᠤᠭᠠᠷ ᠲᠣᠭᠠᠲᠤ ᠶᠡᠷᠦᠩᠬᠡᠢ ᠣᠶ ᠶ᠋ᠢᠨ ᠳᠠᠷᠤᠭ᠎ᠠ ᠶ᠋ᠢᠨ ᠵᠠᠷᠯᠢᠭ᠋᠎ᠢ ᠨᠡᠢᠲᠡᠯᠡᠵᠦ᠂ ᠰᠢᠪᠠᠭᠤᠨ ᠤ᠋ ᠲᠥᠷᠥᠯ ᠵᠢᠴᠢ ᠬᠡᠭᠡᠷ᠎ᠡ ᠶ᠋ᠢᠨ ᠠᠮᠢᠲᠠᠨ ᠤᠷᠭᠤᠮᠠᠯ ᠤ᠋ᠨ ᠬᠠᠮᠠᠭᠠᠯᠠᠯᠲᠠ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠨᠡᠭᠦᠳᠡᠯ ᠤ᠋ᠨ ᠰᠢᠪᠠᠭᠤᠳ ᠤ᠋ᠨ᠎ᠨᠡᠭᠦᠳᠡᠯᠯᠡᠬᠦ ᠵᠠᠮ᠎ᠢ ᠰᠠᠬᠢᠨ ᠬᠠᠮᠠᠭᠠᠯᠠᠪᠠ; ᠲᠤᠬᠠᠢ ᠶ᠋ᠢᠨ ᠭᠠᠵᠠᠷ ᠤ᠋ᠨ ᠣᠶ ᠰᠢᠭᠤᠢ ᠪᠠ ᠨᠤᠲᠤᠭ ᠪᠡᠯᠴᠢᠭᠡᠷ᠂ ᠳᠣᠲᠣᠭᠠᠳᠤ ᠶ᠋ᠢ ᠬᠠᠮᠠᠭᠠᠯᠠᠬᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠬᠢᠨ ᠬᠠᠮᠵᠢᠯᠴᠠᠨ ᠬᠠᠤᠯᠢ ᠬᠡᠷᠡᠭᠵᠢᠭᠦᠯᠵᠦ᠂ ᠬᠡᠭᠡᠷ᠎ᠡ ᠶ᠋ᠢᠨ ᠠᠮᠢᠲᠠᠨ ᠵᠢᠴᠢ ᠲᠡᠭᠦᠨ᠎ᠦ ᠪᠦᠲᠦᠭᠡᠭᠳᠡᠬᠦᠨ᠎ᠢ ᠬᠠᠤᠯᠢ ᠪᠤᠰᠤ᠎ᠪᠠᠷ ᠠᠩᠨᠠᠬᠤ᠂ ᠲᠡᠭᠡᠭᠡᠪᠦᠷᠢᠯᠡᠬᠦ᠂ ᠠᠷᠠᠯᠵᠢᠶᠠᠯᠠᠬᠤ ᠦᠶ᠋ᠯᠡ ᠠᠵᠢᠯᠯᠠᠭ᠎ᠠ ᠶ᠋ᠢ ᠴᠢᠩᠭ᠎ᠠ ᠪᠠᠢᠴᠠᠭᠠᠪᠠ᠃

ᠦᠪᠦᠷ ᠮᠤᠩᠭᠤᠯ ᠰᠢᠪᠠᠭᠤᠨ ᠤ᠋ ᠲᠥᠷᠥᠯ ᠤ᠋ᠨ ᠦᠷᠡᠵᠢᠯ ᠤ᠋ᠨ ᠭᠠᠵᠠᠷ᠂ ᠡᠪᠦᠯᠵᠢᠬᠦ ᠭᠠᠵᠠᠷ ᠵᠢᠴᠢ ᠨᠡᠭᠦᠳᠡᠯᠯᠡᠬᠦ ᠵᠠᠮ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠳᠦ ᠴᠢᠭᠯᠡᠭᠦᠯᠦᠨ᠂ ᠡᠳᠦᠷ ᠲᠤᠲᠤᠮ ᠤ᠋ᠨ ᠲᠣᠭᠣᠷᠢᠨ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠵᠣᠷᠢᠭᠤᠳᠠ ᠶ᠋ᠢᠨ ᠠᠵᠢᠯᠯᠠᠭ᠎ᠠ ᠶ᠋ᠢᠨ ᠬᠠᠷᠰᠢᠯᠠᠯ᠎ᠢ ᠪᠠᠭᠠᠰᠬᠠᠬᠤ ᠶ᠋ᠢᠨ ᠬᠠᠮᠲᠤ ᠨᠡᠢᠭᠡᠮ ᠨᠡᠢᠲᠡ᠎ᠳᠦ ᠬᠠᠨᠳᠤᠭᠤᠯᠤᠨ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠮᠡᠳᠡᠯᠭᠡ ᠮᠡᠳᠡᠴᠡ ᠶ᠋ᠢ ᠲᠦᠭᠡᠮᠡᠯᠵᠢᠭᠦᠯᠤᠨ᠂ ᠰᠢᠪᠠᠭᠤ ᠶ᠋ᠢ ᠬᠠᠢᠷᠠᠯᠠᠵᠤ ᠬᠠᠮᠠᠭᠠᠯᠠᠬᠤ ᠣᠢᠯᠠᠭᠠᠭᠳᠠᠬᠤᠨ᠎ᠢ ᠰᠠᠨᠠᠭᠠᠴᠢᠯᠠᠨ᠂ ᠪᠥᠬᠥ ᠠᠷᠠᠳ᠎ᠢᠶᠠᠷ ᠵᠢᠡᠨ ᠠᠮᠢ ᠠᠬᠤᠢ ᠶ᠋ᠢᠨ ᠬᠠᠮᠠᠭᠠᠯᠠᠯᠲᠠ ᠳ᠋ᠤ ᠣᠷᠣᠯᠴᠠᠬᠤ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号