ᠪᠦᠬᠦ ᠣᠷᠣᠨ ᠪᠦᠰᠡ᠎ᠶᠢᠨ ᠣᠶᠤᠨᠴᠢ ᠲᠠᠷᠢᠶᠠᠯᠠᠩ᠎ᠤᠨ ᠬᠥᠭᠵᠢᠯᠲᠡ᠎ᠶᠢ ᠦᠷᠭᠦᠯᠵᠢᠯᠡᠨ ᠠᠬᠢᠭᠤᠯᠤᠨ᠎ᠠ
2026-07-31 09:51:26
ᠵᠣᠬᠢᠶᠠᠭ᠍ᠴᠢ᠄
ᠰᠤᠷᠤᠶ᠎ᠠ ᠦᠷᠡᠴᠡᠴᠡᠭ
ᠣᠩᠱᠢᠭ᠍ᠰᠠᠨ ᠣᠳᠠᠭ᠎ᠠ᠄
★★★☆☆



e0fa858b-02ce-4a8a-8aee-981000bc01cf.png


ᠶᠡᠬᠡ ᠬᠢᠩᠭᠠᠨ ᠳᠠᠪᠠᠭᠠᠨ᠎ᠤ ᠡᠮᠦᠨ᠎ᠡ ᠬᠣᠷᠮᠣᠢ᠂ ᠤᠮᠠᠷᠠᠲᠤ ᠥᠷᠭᠡᠷᠢᠭ᠎ᠦᠨ 46 ᠭᠷᠡᠳᠦ᠋ᠰ᠎ᠦᠨ ᠬᠦᠢᠲᠡᠨ ᠭᠠᠵᠠᠷ᠎ᠤᠨ ᠤᠰᠤᠨ ᠲᠤᠲᠤᠷᠭ᠎ᠠ᠎ᠶᠢᠨ ᠰᠢᠵᠢᠷ ᠠᠯᠳᠠᠨ ᠲᠠᠷᠢᠮᠠᠯ᠎ᠤᠨ ᠪᠦᠰᠡ᠎ᠳᠦ ᠪᠠᠢᠷᠢᠯᠠᠵᠤ ᠪᠠᠢᠭ᠎ᠠ ᠵᠠᠯᠠᠢᠳ ᠬᠣᠰᠢᠭᠤ ᠨᠢ ᠶᠡᠷᠦ᠎ᠡᠴᠡ 《ᠪᠣᠭᠣᠮᠲᠠ᠎ᠶᠢᠨ ᠭᠠᠳᠠᠨᠠᠬᠢ ᠠᠮᠤ ᠪᠤᠳᠠᠭᠠᠨ᠎ᠤ ᠬᠥᠮᠥᠷᠭᠡ》᠂ 《ᠠᠯᠳᠠᠨ ᠲᠤᠲᠤᠷᠭ᠎ᠠ᠎ᠶᠢᠨ ᠨᠤᠲᠤᠭ》 ᠭᠡᠰᠡᠨ ᠰᠠᠢᠬᠠᠨ ᠠᠯᠳᠠᠷ᠎ᠲᠠᠢ ᠶᠤᠮ᠃

ᠤᠯᠤᠰ᠎ᠤᠨ ᠲᠡᠰ᠎ᠠᠴᠠ ᠳᠠᠪᠠᠭᠰᠠᠨ ᠠᠮᠤ ᠪᠤᠳᠠᠭᠠᠨ᠎ᠤ ᠭᠠᠷᠤᠯᠲᠠ᠎ᠶᠢᠨ ᠲᠣᠮᠣ᠌ ᠰᠢᠶᠠᠨ ᠪᠣᠯᠤᠭᠰᠠᠨ᠎ᠤ ᠬᠤᠪᠢ᠎ᠳᠤ᠂ ᠣᠢᠷ᠎ᠠ᠎ᠶᠢᠨ ᠵᠢᠯ᠎ᠡᠴᠡ᠂ ᠵᠠᠯᠠᠢᠳ ᠬᠣᠰᠢᠭᠤ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠡᠷ ᠤᠳᠤᠷᠢᠳᠤᠮᠵᠢ ᠪᠣᠯᠭᠠᠵᠤ᠂ ᠠᠮᠤ ᠪᠤᠳᠠᠭᠠᠨ᠎ᠤ ᠤᠨᠠᠯᠲᠠ᠎ᠶᠢ ᠪᠠᠲᠤᠯᠠᠵᠤ᠂ ᠮᠡᠷᠭᠡᠵᠢᠯ᠎ᠳᠦ ᠲᠦᠰᠢᠭᠯᠡᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ᠎ᠤᠨ ᠣᠳᠣᠬᠢᠴᠢᠯᠠᠯᠲᠠ᠂ ᠠᠵᠤ ᠦᠢᠯᠡᠰᠵᠢᠯᠲᠡ᠂ ᠲᠦᠷᠦᠯ ᠲᠡᠮᠳᠡᠭᠵᠢᠯᠳᠡ ᠲᠡᠢᠰᠢ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠬᠦ᠎ᠶᠢ ᠠᠬᠢᠭᠤᠯᠵᠤ᠂ 550 ᠲᠦᠮᠡᠨ ᠮᠦ᠍ ᠬᠠᠷ᠎ᠠ ᠬᠥᠷᠥᠰᠥᠨ ᠳᠡᠭᠡᠷ᠎ᠡ ᠬᠥᠳᠡᠭᠡ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠴᠤ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠦ ᠪᠠᠢᠨ᠎ᠠ᠃

ᠵᠠᠯᠠᠢᠳ ᠬᠣᠰᠢᠭᠤ ᠨᠢ ᠵᠢᠯ ᠲᠤᠷᠰᠢ ᠤᠰᠤᠨ ᠲᠤᠲᠤᠷᠭ᠎ᠠ᠎ᠶᠢᠨ ᠠᠵᠤ ᠦᠢᠯᠡᠰ᠎ᠦᠨ ᠬᠥᠭᠵᠢᠯᠲᠡ᠎ᠳᠡᠭᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠲᠠᠷᠢᠶᠠᠯᠠᠩ᠎ᠢ ᠬᠥᠭᠵᠢᠭᠦᠯᠬᠦ᠂ ᠮᠠᠰᠢᠨᠴᠢᠯᠡᠯᠳᠡ ᠪᠡᠷ ᠲᠠᠷᠢᠶᠠᠯᠠᠩ᠎ᠢ ᠬᠦᠴᠦᠷᠬᠡᠭᠵᠢᠭᠦᠯᠬᠦ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠷᠢᠮᠲᠠᠯᠠᠵᠤ᠂ ᠰᠢᠯᠢᠳᠡᠭ ᠡᠭᠦᠯᠳᠡᠷ᠂ ᠲᠡᠷᠢᠭᠦᠨ᠎ᠦ ᠲᠠᠷᠢᠶᠠᠯᠠᠩ᠎ᠤᠨ ᠮᠠᠰᠢᠨ ᠬᠢᠭᠡᠳ ᠰᠢᠨᠵᠢᠯᠡᠬᠦ ᠤᠬᠠᠭᠠᠨᠴᠢ᠎ᠪᠠᠷ ᠳᠠᠷᠢᠬᠤ ᠵᠠᠭᠪᠤᠷ᠎ᠢ ᠦᠷᠭᠦᠯᠵᠢᠯᠡᠨ ᠳᠡᠯᠭᠡᠷᠡᠭᠦᠯᠵᠦ᠂ ᠤᠯᠠᠮᠵᠢᠯᠠᠯᠲᠤ ᠦᠢᠯᠡᠳᠪᠤᠷᠢᠯᠡᠯ ᠎ᠳᠦ 《ᠰᠢᠨᠵᠢᠯᠡᠬᠦ ᠤᠬᠠᠭᠠᠨ ᠮᠡᠷᠭᠡᠵᠢᠯ᠎ᠦᠨ ᠵᠢᠭᠦᠷ》 ᠤᠷᠭᠤᠭᠤᠯᠵᠤ᠂ ᠲᠠᠷᠢᠶᠠᠯᠠᠩ᠎ᠦᠨ ᠣᠳᠣᠬᠢᠴᠢᠯᠠᠯᠲᠠ᠎ᠶᠢᠨ ᠬᠢᠷᠢ ᠲᠦᠪᠰᠢᠨ ᠎ᠢ ᠪᠥᠬᠥ ᠲᠠᠯ᠎ᠠ᠎ᠪᠠᠷ ᠨᠡᠮᠡᠭᠳᠡᠬᠦᠯᠵᠦ᠂ᠦᠢᠯᠡᠳᠪᠦᠷᠢᠯᠡᠯ᠂ ᠬᠠᠩᠭᠠᠯᠭ᠎ᠠ᠂ ᠪᠣᠷᠤᠯᠠᠭᠤᠯᠭ᠎ᠠ᠂ 《ᠭᠤᠷᠪᠠ᠎ᠶᠢ ᠨᠢᠭᠡ ᠴᠣᠭᠴᠠᠵᠢᠭᠤᠯᠬᠤ》ᠢᠲᠡᠭᠡᠮᠵᠢ᠎ᠶᠢᠨ ᠶᠡᠷᠦᠩᠬᠡᠢᠯᠡᠭᠰᠡᠨ ᠬᠠᠮᠲᠤᠷᠠᠯᠴᠠᠭ᠎ᠠ ᠵᠢ ᠲᠣᠭᠲᠠᠭᠤᠨ᠎ᠢᠶᠠᠷ ᠠᠬᠢᠭᠤᠯᠵᠤ᠂ ᠬᠣᠰᠢᠭᠤᠨ᠎ᠤ ᠱᠠᠲᠤᠨ᠎ᠤ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠲᠥᠪ ᠪᠠ ᠰᠢᠶᠠᠩ᠎ᠤᠨ ᠱᠠᠲᠤᠨ᠎ᠤ ᠬᠤᠷᠰᠢᠭ᠍ᠰᠠᠨ ᠵᠣᠬᠢᠶᠠᠨ ᠪᠠᠢᠭᠤᠯᠤᠯᠲᠠ᠎ᠶᠢ ᠠᠯᠬᠤᠮ ᠠᠯᠬᠤᠮ᠎ᠢᠶᠠᠷ ᠬᠠᠮᠤᠷᠴᠤ᠂ ᠲᠠᠷᠢᠶᠠᠯᠠᠩ᠎ᠤᠨ ᠬᠡᠷᠡᠭᠰᠡᠯ᠎ᠢ ᠬᠤᠳᠠᠯᠳᠤᠨ ᠠᠪᠬᠤ ᠥᠪᠡᠷ᠎ᠦᠨ ᠥᠷᠲᠡᠭ ᠦᠷᠭᠦᠯᠵᠢᠯᠡᠨ ᠪᠠᠭᠤᠷᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠦ ᠭᠦᠢᠯᠭᠡᠭᠡᠨ᠎ᠦ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃

ᠰᠢᠨ᠎ᠡ ᠬᠥᠭᠵᠢᠯᠲᠡ᠎ᠶᠢᠨ ᠭᠠᠷᠤᠭ᠎ᠠ᠎ᠳᠤ ᠵᠣᠭᠰᠣᠵᠤ᠂ ᠵᠠᠯᠠᠢᠳ ᠬᠣᠰᠢᠭᠤ ᠶᠠᠭ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠪᠡᠷ ᠵᠢᠯᠣᠭᠣᠳᠤᠮᠵᠢ ᠪᠣᠯᠭᠠᠵᠤ᠂  ᠪᠦᠬᠦ ᠣᠷᠣᠨ ᠪᠦᠰᠡ᠎ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠪᠣᠯᠣᠨ ᠪᠦᠬᠦ ᠣᠷᠣᠨ ᠪᠦᠰᠡ ᠎ᠶᠢᠨ ᠤᠶᠤᠨᠴᠢ ᠲᠠᠷᠢᠶᠠᠯᠠᠩ᠎ᠤᠨ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ ᠎ᠢ ᠪᠠᠲᠤᠯᠠᠬᠤ ᠠᠶᠠᠨ ᠳᠤᠮᠳᠠ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠂ ᠡᠨᠡ ᠬᠦ᠌ ᠥᠩ ᠰᠢᠮᠡᠯᠢᠭ ᠬᠥᠷᠥᠰᠥ ᠰᠢᠷᠣᠢ᠎ᠪᠠᠷ ᠦᠷᠭᠦᠯᠵᠢᠯᠡᠨ ᠡᠯᠪᠡᠭ ᠬᠤᠷᠢᠶᠠᠯᠲᠠ ᠣᠯᠬᠤ ᠬᠦᠰᠡᠯ᠎ᠢ ᠠᠴᠢᠶᠡᠯᠡᠵᠦ᠂ ᠲᠠᠷᠢᠶᠠᠯᠠᠩ᠎ᠤᠨ  ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ᠂ ᠮᠠᠯᠴᠢᠨ ᠲᠠᠷᠢᠶᠠᠴᠢᠨ᠎ᠢ ᠪᠠᠶᠠᠵᠢᠭᠤᠯᠤᠨ ᠴᠢᠨᠡᠭᠡᠯᠢᠭᠵᠢᠭᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号