7 ᠰᠠᠷ᠎ᠠ᠎ᠶᠢᠨ 29 ᠤ᠋ ᠦᠳᠡ᠎ᠶᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠎ᠶᠢᠨ ᠪᠦᠷᠢᠯᠳᠦᠬᠦᠨ ᠪᠠ ᠠᠷᠠᠳ᠎ᠤᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠬᠡᠰᠡᠭ ᠲᠦᠯᠦᠭᠡᠯᠡᠭᠴᠢᠳ ᠲᠤ᠌ ᠪᠥᠬᠥ᠌ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠳᠠᠯ᠎ᠢ ᠮᠡᠳᠡᠭᠳᠡᠪᠡ᠃
ᠪᠦᠦ ᠭᠠᠩ᠂ ᠡᠨᠡ ᠵᠢᠯ᠎ᠡᠴᠡ ᠨᠠᠭᠠᠰᠢ᠂ ᠣᠷᠣᠨ ᠳᠠᠶᠠᠭᠠᠷ ᠵᠢᠨᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠶ᠋ᠢᠵᠤ᠂ ᠠᠵᠤ ᠠᠬᠤᠢ ᠨᠡᠶ᠋ᠢᠭᠡᠮ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠳᠡᠭᠡᠷ᠎ᠡ ᠬᠠᠭᠠᠰ ᠵᠢᠯ᠎ᠳᠦ ᠪᠦᠬᠦ᠌ ᠣᠷᠣᠨ᠎ᠤ ᠠᠵᠤ ᠠᠬᠤᠢ᠎ᠶᠢᠨ ᠡᠷᠭᠢᠯᠲᠡ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂ ᠠᠵᠤ ᠠᠬᠤᠢ᠎ᠶᠢᠨ ᠨᠡᠮᠡᠭᠳᠡᠯ ᠵᠣᠬᠢᠰᠲᠠᠢ ᠬᠡᠪᠴᠢᠶᠡᠨ᠎ᠳᠦ ᠪᠠᠶ᠋ᠢᠬᠤ᠎ᠶᠢ ᠪᠠᠲᠤᠯᠠᠵᠤ᠂ ᠰᠢᠨ᠎ᠡ ᠰᠢᠯᠢᠳᠡᠭ ᠰᠠᠢᠨ ᠲᠡᠶ᠋ᠢᠰᠢ ᠬᠠᠨᠳᠤᠬᠤ ᠪᠠᠢᠳᠠᠯ ᠢᠯᠡᠷᠡᠪᠡ ᠭᠡᠵᠠᠢ᠃
ᠪᠦᠦ ᠭᠠᠩ᠂ ᠳᠣᠣᠷ᠎ᠠ ᠬᠠᠭᠠᠰ ᠵᠢᠯ᠎ᠳᠦ ᠪᠢᠳᠡ ᠠᠰᠢᠭᠳᠠᠢ ᠪᠠᠢᠳᠠᠯ᠎ᠢ ᠠᠮᠵᠢᠨ ᠤᠷᠤᠭᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠭᠤᠶ᠋ᠢᠪᠢᠰᠢ ᠦᠭᠡᠢ ᠡᠷᠡᠮᠡᠬᠡᠶ᠋ᠢᠯᠡᠨ ᠤᠷᠤᠭᠰᠢᠯᠠᠵᠤ᠂ ᠠᠷᠭ᠎ᠠ ᠪᠦᠬᠦᠨ᠎ᠢ ᠰᠦᠪᠡᠭᠴᠢᠯᠡᠨ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠵᠦ᠍᠂ ᠡᠯᠡᠰᠦᠨ ᠴᠦᠯ ᠭᠤᠪᠢ ᠨᠤᠲᠤᠭ ᠴᠦᠯᠯᠡᠷᠬᠡᠭ ᠭᠠᠵᠠᠷ ᠤ᠋ᠨ ᠲᠤᠮᠤ ᠰᠠᠭᠤᠷᠢᠨ᠂ ᠨᠡᠭᠦᠷᠡᠰᠦ᠎ᠪᠡᠷ ᠴᠢᠯᠠᠭᠤᠨ ᠲᠤᠰᠤ ᠰᠢᠳᠠᠮᠠᠬᠠᠢ ᠬᠡᠢ ᠦᠢᠯᠡᠳᠬᠦ᠌᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠂ 《ᠵᠢᠷᠭᠤᠭᠠᠨ ᠲᠣᠣᠷ》 ᠵᠡᠷᠭᠡ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠤᠨ᠎ᠠ; ᠠᠵᠤ ᠦᠢᠯᠡᠳᠪᠦᠷᠢ᠎ᠶᠢᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠬᠦᠴᠦᠯᠡᠨ ᠠᠬᠢᠭᠤᠯᠵᠤ᠂ ᠡᠨᠧᠷᠭᠢ᠂ ᠥᠩᠭᠡᠲᠦ᠍ ᠲᠡᠮᠦᠷᠯᠢᠭ᠂ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠶ ᠵᠡᠷᠭᠡ ᠬᠦᠷᠢᠶ᠎ᠡ ᠴᠠᠷᠠᠭ᠎ᠠ᠎ᠶᠢᠨ ᠭᠤᠤᠯᠳᠠᠯᠭ᠎ᠠ᠎ᠲᠠᠶ ᠠᠵᠤ ᠠᠬᠤᠶ᠋ᠢᠯᠠᠯ᠎ᠤᠨ ᠦᠢᠯᠡᠳᠪᠦᠷᠢᠯᠡᠯ ᠵᠢᠡᠨ ᠲᠤᠭᠳᠠᠭᠤᠨ ᠭᠦᠢᠴᠡᠳ ᠪᠠᠢᠯᠭᠠᠬᠤ ᠵᠢ ᠬᠥᠲᠥᠯᠥᠨ ᠵᠢᠯᠣᠭᠣᠳᠴᠤ᠌᠂ ᠲᠤᠬᠠᠶ᠎ᠶᠢᠨ ᠭᠠᠵᠠᠷ ᠣᠷᠣᠨ᠎ᠤ ᠪᠠᠶ᠋ᠢᠳᠠᠯ ᠳ᠋ᠤᠨᠢ ᠲᠤᠬᠢᠷᠠᠭᠤᠯᠤᠨ ᠤᠢᠷ᠎ᠠ ᠤᠭᠳᠠᠷᠭᠤᠢ ᠵᠢᠨ ᠠᠵᠤ ᠠᠬᠤᠶ᠂ ᠠᠮᠢᠳᠤ ᠪᠣᠳᠠᠰ᠎ᠤᠨ ᠦᠢᠯᠡᠳᠭᠡᠯ᠂ ᠵᠣᠬᠢᠶᠠᠮᠠᠯ ᠣᠶᠤᠨ ᠴᠢᠳᠠᠪᠤᠷᠢ ᠵᠡᠷᠭᠡ ᠪᠠᠶ᠋ᠢᠯᠳᠤᠬᠤ ᠪᠣᠳᠣᠯᠭ᠎ᠠ᠎ᠶᠢᠨ ᠴᠢᠨᠠᠷᠲᠠᠶ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠶ᠎ᠶᠢᠨ ᠠᠵᠤ ᠦᠢᠯᠡᠰ᠎ᠢ ᠬᠥᠭᠵᠢᠭᠦᠯᠦᠨ᠎ᠡ; ᠮᠠᠯ ᠠᠵᠤ ᠠᠬᠤᠶ ᠲᠠᠷᠢᠶᠠᠯᠠᠩ ᠤ᠋ᠨ ᠦᠢᠯᠡᠳᠪᠦᠷᠢᠯᠡᠯ᠎ᠢ ᠦᠷᠭᠦᠯᠵᠢᠯᠡᠨ ᠰᠠᠶ᠋ᠢᠲᠤᠷ ᠵᠣᠬᠢᠶᠠᠨ ᠪᠠᠶ᠋ᠢᠭᠤᠯᠵᠤ᠂ ᠠᠮᠤ ᠪᠤᠳᠠᠭ᠎ᠠ ᠮᠢᠬ᠎ᠠ ᠰᠦ ᠵᠡᠷᠭᠡ ᠭᠣᠣᠯ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠤ᠋ ᠭᠠᠷᠤᠯᠲᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠌᠎ᠶᠢ ᠪᠠᠲᠤᠯᠠᠵᠤ᠂ ᠨᠡᠩ ᠣᠯᠠᠨ ᠪᠦᠬᠦ᠌ ᠤᠯᠤᠰ᠎ᠲᠤ᠌ ᠠᠯᠳᠠᠷᠰᠢᠭᠰᠠᠨ ᠲᠦᠷᠦᠯ ᠲᠡᠮᠳᠡᠭ᠎ᠢ ᠪᠤᠶ ᠪᠣᠯᠭᠠᠨ᠎ᠠ; ᠦᠢᠯᠡᠴᠢᠯᠡᠭᠡᠨ ᠤ᠋ ᠦᠢᠯᠡᠰ᠎ᠦᠨ ᠳᠠᠯᠳᠠ ᠬᠦᠴᠦᠨ᠎ᠢ ᠠᠭᠤᠳᠠᠯᠵᠤ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠵᠡᠮᠳᠡᠭᠴᠦᠳ᠎ᠢ ᠲᠤᠰᠠᠯᠠᠬᠤ᠂ ᠬᠡᠦᠬᠡᠳ ᠰᠠᠭᠠᠲᠠᠭᠤᠯᠬᠤ᠂ ᠬᠡᠷᠠᠬᠤᠢ ᠵᠡᠷᠭᠡ ᠦᠢᠯᠡᠴᠢᠯᠡᠭᠡᠨ᠎ᠦ ᠬᠠᠩᠭᠠᠯᠭ᠎ᠠ᠎ᠶᠢ ᠦᠷᠭᠦᠯᠵᠢᠯᠡᠨ ᠨᠡᠮᠡᠭᠳᠡᠭᠦᠯᠵᠦ᠍᠂ ᠬᠡᠷᠡᠭᠯᠡᠭᠡᠨ᠎ᠦ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠨ᠎ᠡ; ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠡᠭᠦᠷᠭᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ᠂ ᠠᠶᠤᠯᠭᠦᠢ ᠦᠢᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠡᠯ᠎ᠡ ᠬᠦᠷᠢᠶᠡᠨ᠎ᠦ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠶ᠋ᠢᠯᠡᠨ ᠠᠷᠢᠯᠭᠠᠵᠤ᠂ ᠲᠥᠪ᠎ᠦᠨ ᠲᠣᠭᠣᠷᠢᠨ ᠪᠠᠶ᠋ᠢᠴᠠᠭᠠᠯᠲᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠶ᠋ᠢᠴᠠᠭᠠᠯᠲᠠ ᠵᠡᠷᠭᠡ ᠡᠴᠡ ᠵᠢᠭᠠᠵᠤ ᠭᠠᠷᠭᠠᠭᠰᠠᠨ ᠡᠯ᠎ᠡ ᠲᠦᠷᠦᠯ᠎ᠦᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠎ᠶᠢ ᠴᠢᠨᠠᠷ ᠰᠠᠶ᠋ᠢᠲᠠᠢ ᠪᠡᠶᠡᠯᠡᠭᠦᠯᠵᠦ᠍᠂ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠢ᠋ ᠰᠠᠶ᠋ᠢᠲᠤᠷ ᠬᠡᠷᠡᠭᠵᠢᠭᠦᠯᠵᠦ᠍᠂ 《ᠡᠷᠡᠭᠦᠯ ᠮᠡᠨᠳᠦ ᠠᠮᠢ ᠨᠠᠰᠤ ᠪᠡᠷ ᠦᠷᠡᠭᠳᠡᠯ ᠪᠤᠯᠭᠠᠭᠰᠠᠨ》 GDP᠂ 《ᠪᠤᠬᠢᠷᠳᠤᠯ ᠲᠠᠢ》 GDP᠂ 《ᠬᠤᠯᠢᠴᠠ ᠲᠠᠢ》 GDP ᠵᠢ ᠡᠷᠡᠰ ᠲᠡᠪᠴᠢᠵᠦ᠍᠂ ᠠᠷᠠᠳ ᠤᠯᠠᠨ᠎ᠳᠦ ᠬᠠᠨᠤᠮᠵᠢᠲᠠᠢ ᠬᠠᠷᠢᠭᠤᠯᠲᠠ᠎ᠶᠢᠨ ᠬᠠᠭᠤᠳᠠᠰᠤ᠎ᠶᠢ ᠦᠨᠡᠨ ᠪᠣᠳᠠᠲᠠᠢ ᠲᠤᠰᠢᠶᠠᠨ᠎ᠠ ᠭᠡᠵᠤ ᠢᠯᠡᠳᠭᠡᠪᠡ᠃