ᠬᠡᠰᠡᠭ ᠭᠠᠵᠠᠷ ᠲᠦ᠍ ᠠᠭᠠᠬᠢᠮ᠎ᠠ ᠬᠠᠯᠠᠭᠤᠨ ᠠᠭᠤᠷ ᠠᠮᠢᠰᠬᠤᠯ ᠮᠦᠨ ᠬᠦ᠌ ᠦᠷᠬᠦᠯᠵᠢᠯᠡᠨᠠ
ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠵᠢᠡᠷ᠂ 2026 ᠤᠨ ᠤ᠋ 8 ᠰᠠᠷ᠎ᠠ ᠵᠢᠨ 2 — 5 ᠤ᠋ ᠡᠳᠤᠷ ᠪᠤᠯᠳᠠᠯ᠎ᠠ᠂ ᠮᠠᠨ ᠤ᠋ ᠤᠷᠤᠨ ᠤ᠋ ᠤᠯᠠᠨ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠵᠤ᠂ ᠬᠡᠰᠡᠭ ᠭᠠᠵᠠᠷ ᠲᠦ᠍ ᠰᠢᠷᠤᠬᠦᠨ ᠪᠤᠷᠤᠭᠠᠨ ᠤᠷᠤᠨ᠎ᠠ᠃ ᠲᠤᠰ ᠤᠳᠠᠭ᠎ᠠ ᠵᠢᠨ ᠬᠤᠷ᠎ᠠ ᠪᠤᠷᠤᠭᠠᠨ ᠭᠤᠤᠯᠳᠠᠭᠤ 2 — 3 ᠤ᠋ ᠡᠳᠤᠷ ᠲᠦ᠍ ᠲᠦᠪᠯᠡᠷᠡᠵᠤ᠂ ᠪᠠᠷᠠᠭᠤᠨ ᠪᠠᠶ᠎ᠠ ᠵᠢᠨ ᠪᠠᠷᠠᠭᠤᠨ ᠬᠡᠰᠡᠭ ᠪᠤᠯᠤᠨ ᠵᠡᠬᠦᠨ ᠡᠮᠤᠨ᠎ᠠ ᠪᠠᠶ᠎ᠠ ᠳ᠋ᠤ ᠠᠭᠠᠬᠢᠮ᠎ᠠ ᠬᠠᠯᠠᠭᠤᠨ ᠠᠭᠤᠷ ᠠᠮᠢᠰᠬᠤᠯ ᠮᠦᠨ ᠬᠦ᠌ ᠦᠷᠬᠦᠯᠵᠢᠯᠡᠨᠠ᠃
8 ᠰᠠᠷ᠎ᠠ ᠵᠢᠨ 2 — 5 ᠤ᠋ ᠡᠳᠤᠷ ᠪᠤᠯᠳᠠᠯ᠎ᠠ᠂ ᠦᠪᠤᠷ ᠮᠤᠩᠭᠤᠯ ᠤ᠋ᠨ ᠶᠡᠬᠡᠩᠬᠢ ᠭᠠᠵᠠᠷ ᠲᠦ᠍ ᠪᠠᠭ᠎ᠠ ᠪᠤᠷᠤᠭᠠᠨ ᠪᠤᠶᠤ ᠵᠢᠷᠪᠢᠰᠬᠢᠨ ᠪᠤᠷᠤᠭᠠᠨ ᠤᠷᠤᠨ᠎ᠠ᠃ ᠡᠬᠦᠨ ᠳ᠋ᠤ᠂ ᠠᠯᠠᠱᠠ ᠠᠢᠮᠠᠭ ᠤ᠋ᠨ ᠵᠡᠬᠦᠨ ᠡᠮᠤᠨ᠎ᠠ ᠪᠠᠶ᠎ᠠ᠂ ᠤᠷᠳᠤᠰ ᠬᠤᠳᠠ ᠵᠢᠨ ᠵᠡᠬᠦᠨ ᠪᠠᠶ᠎ᠠ᠂ ᠪᠤᠭᠤᠳᠤ ᠬᠤᠳᠠ ᠵᠢᠨ ᠡᠮᠤᠨ᠎ᠠ ᠪᠠᠶ᠎ᠠ᠂ ᠬᠦᠬᠡᠬᠤᠳᠠ᠂ ᠤᠯᠠᠭᠠᠨᠴᠠᠪ ᠬᠤᠳᠠ ᠵᠢᠨ ᠶᠡᠬᠡᠩᠬᠢ ᠭᠠᠵᠠᠷ᠂ ᠰᠢᠯᠢ ᠵᠢᠨ ᠭᠤᠤᠯ ᠠᠢᠮᠠᠭ ᠤ᠋ᠨ ᠶᠡᠬᠡᠩᠬᠢ ᠭᠠᠵᠠᠷ᠂ ᠤᠯᠠᠭᠠᠨᠬᠠᠳᠠ ᠬᠤᠳᠠ ᠵᠢᠨ ᠬᠤᠢᠳᠤ ᠪᠠᠶ᠎ᠠ᠂ ᠲᠦᠩᠯᠢᠶᠤᠤ ᠬᠤᠳᠠ ᠵᠢᠨ ᠬᠤᠢᠳᠤ ᠪᠠᠶ᠎ᠠ᠂ ᠬᠢᠩᠭᠠᠨ ᠠᠢᠮᠠᠭ ᠤ᠋ᠨ ᠶᠡᠬᠡᠩᠬᠢ ᠭᠠᠵᠠᠷ᠂ ᠬᠦᠯᠦᠨ ᠪᠤᠢᠷ ᠬᠤᠳᠠ ᠵᠢᠨ ᠪᠠᠷᠠᠭᠤᠨ ᠬᠤᠢᠳᠤ ᠪᠠᠶ᠎ᠠ ᠪᠤᠯᠤᠨ ᠵᠡᠬᠦᠨ ᠪᠠᠶ᠎ᠠ ᠳ᠋ᠤ ᠲᠤᠮᠳᠠ ᠡᠴᠡ ᠶᠡᠬᠡ ᠪᠤᠷᠤᠭᠠᠨ ᠤᠷᠤᠨ᠎ᠠ; ᠤᠷᠳᠤᠰ ᠬᠤᠳᠠ ᠵᠢᠨ ᠵᠡᠬᠦᠨ ᠬᠤᠢᠳᠤ ᠪᠠᠶ᠎ᠠ ᠵᠢᠨ ᠵᠡᠬᠦᠨ ᠬᠡᠰᠡᠭ᠂ ᠬᠦᠬᠡᠬᠤᠳᠠ ᠵᠢᠨ ᠡᠮᠤᠨ᠎ᠠ ᠪᠠᠶ᠎ᠠ᠂ ᠤᠯᠠᠭᠠᠨᠴᠠᠪ ᠬᠤᠳᠠ ᠵᠢᠨ ᠡᠮᠤᠨ᠎ᠠ ᠪᠠᠶ᠎ᠠ᠂ ᠲᠦᠩᠯᠢᠶᠤᠤ ᠬᠤᠳᠠ ᠵᠢᠨ ᠪᠠᠷᠠᠭᠤᠨ ᠬᠤᠢᠳᠤ ᠪᠠᠶ᠎ᠠ ᠵᠢᠨ ᠬᠡᠰᠡᠭ ᠭᠠᠵᠠᠷ᠂ ᠬᠢᠩᠭᠠᠨ ᠠᠢᠮᠠᠭ ᠤ᠋ᠨ ᠪᠠᠷᠠᠭᠤᠨ ᠡᠮᠤᠨ᠎ᠠ ᠪᠠᠶ᠎ᠠ᠂ ᠬᠦᠯᠦᠨ ᠪᠤᠢᠷ ᠬᠤᠳᠠ ᠵᠢᠨ ᠵᠡᠬᠦᠨ ᠡᠮᠤᠨ᠎ᠠ ᠪᠠᠶ᠎ᠠ ᠳ᠋ᠤ ᠰᠢᠷᠤᠬᠦᠨ ᠪᠤᠷᠤᠭᠠᠨ ᠤᠷᠤᠵᠤ᠂ ᠬᠠᠮᠤᠭ ᠤ᠋ᠨ ᠶᠡᠬᠡ ᠬᠤᠷ᠎ᠠ ᠲᠤᠨᠳᠠᠰᠤ ᠵᠢᠨ ᠬᠤᠷᠠᠮᠳᠤᠯ ᠤ᠋ᠨ ᠬᠡᠮᠵᠢᠶ᠎ᠠ 25 — 80 ᠮᠢᠯᠢᠮᠸᠲᠷ ᠬᠦᠷᠴᠦ᠂ ᠬᠡᠰᠡᠭ ᠭᠠᠵᠠᠷ ᠲᠦ᠍ 100 ᠮᠢᠯᠢᠮᠸᠲᠷ ᠢ᠋ ᠲᠠᠪᠠᠵᠤ᠂ ᠤᠬᠤᠷ ᠬᠤᠭᠤᠴᠠᠭᠠᠨ ᠤ᠋ ᠰᠢᠷᠤᠬᠦᠨ ᠪᠤᠷᠤᠭᠠᠨ᠂ ᠠᠶᠤᠩᠭᠠᠳᠤ ᠪᠤᠷᠤᠭᠠᠨ ᠶᠡᠬᠡ ᠰᠠᠯᠬᠢ᠂ ᠮᠦᠨᠳᠤᠷ ᠵᠡᠷᠬᠡ ᠴᠢᠩᠭ᠎ᠠ ᠰᠤᠯᠢᠭ ᠤᠷᠤᠰᠬᠠᠯᠳᠤ ᠴᠠᠭ ᠠᠭᠤᠷ ᠲᠠᠭᠠᠯᠳᠤᠨᠠ᠃
8 ᠰᠠᠷ᠎ᠠ ᠵᠢᠨ 2 — 5 ᠤ᠋ ᠡᠳᠤᠷ ᠪᠤᠯᠳᠠᠯ᠎ᠠ᠂ ᠦᠪᠤᠷ ᠮᠤᠩᠭᠤᠯ ᠤ᠋ᠨ ᠪᠠᠷᠠᠭᠤᠨ ᠪᠠᠶ᠎ᠠ ᠵᠢᠨ ᠬᠤᠢᠳᠤ ᠬᠡᠰᠡᠭ᠂ ᠲᠤᠮᠳᠠ ᠪᠠᠶ᠎ᠠ ᠵᠢᠨ ᠪᠠᠷᠠᠭᠤᠨ ᠬᠤᠢᠳᠤ ᠬᠡᠰᠡᠭ᠂ ᠵᠡᠬᠦᠨ ᠪᠠᠶ᠎ᠠ ᠵᠢᠨ ᠡᠮᠤᠨ᠎ᠠ ᠬᠡᠰᠡᠭ ᠪᠤᠯᠤᠨ ᠪᠠᠷᠠᠭᠤᠨ ᠬᠡᠰᠡᠭ ᠲᠦ᠍ 35 ᠭᠷᠠᠳᠦ᠋ᠰ ᠵᠢᠴᠢ ᠲᠡᠬᠦᠨ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠦᠷᠬᠦᠯᠵᠢᠯᠡᠨᠠ᠃ ᠡᠬᠦᠨ ᠳ᠋ᠤ ᠠᠯᠠᠱᠠ ᠠᠢᠮᠠᠭ ᠤ᠋ᠨ ᠶᠡᠬᠡᠩᠬᠢ ᠭᠠᠵᠠᠷ᠂ ᠪᠠᠶᠠᠠᠨᠠᠭᠤᠷ ᠬᠤᠳᠠ ᠵᠢᠨ ᠪᠠᠷᠠᠭᠤᠨ ᠪᠠᠶ᠎ᠠ᠂ ᠤᠯᠠᠭᠠᠨᠬᠠᠳᠠ ᠬᠤᠳᠠ ᠵᠢᠨ ᠵᠡᠬᠦᠨ ᠪᠠᠶ᠎ᠠ᠂ ᠲᠦᠩᠯᠢᠶᠤᠤ ᠬᠤᠳᠠ ᠵᠢᠨ ᠬᠤᠢᠳᠤ ᠪᠠᠶ᠎ᠠ ᠳ᠋ᠤ 37 ᠭᠷᠠᠳᠦ᠋ᠰ ᠵᠢᠴᠢ ᠲᠡᠬᠦᠨ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠦᠷᠬᠦᠯᠵᠢᠯᠡᠵᠤ᠂ ᠠᠯᠠᠱᠠ ᠠᠢᠮᠠᠭ ᠤ᠋ᠨ ᠪᠠᠷᠠᠭᠤᠨ ᠬᠤᠢᠳᠤ ᠪᠠᠶ᠎ᠠ ᠳ᠋ᠤ 40 ᠭᠷᠠᠳᠦ᠋ᠰ ᠵᠢᠴᠢ ᠲᠡᠬᠦᠨ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ᠎ᠠ᠃