ᠳᠤᠮᠳᠠᠳᠤ ᠤᠯᠤᠰ (ᠥᠪᠥᠷ ᠮᠣᠩᠭᠣᠯ ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠎ᠤ ᠳ᠋ᠠᠢᠲ᠋ᠠ᠎ᠶᠢᠨ ᠠᠷᠠᠯᠵᠢᠶᠠᠨ ᠎ᠤ ᠬᠥᠨᠳᠡᠯᠡᠨ᠎ᠡᠴᠡ ᠲᠠᠰᠤᠯᠬᠤ ᠦᠢᠯᠡᠴᠢᠯᠡᠭᠡᠨ᠎ᠤ ᠲᠦᠪ ᠠᠰᠢᠬᠯᠠᠯᠲᠠ᠎ᠳᠤ ᠤᠷᠤᠪᠠ
2026-07-04 13:23:07
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ᠎ᠶᠢᠨ ᠲᠢᠩᠬᠢᠮ ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ᠂ ᠮᠠᠨ ᠎ᠤ ᠣᠷᠣᠨ᠎ᠤ ᠠᠩᠬᠠᠳᠠᠭ᠍ᠴᠢ ᠲᠤᠰᠬᠠᠢᠯᠠᠨ ᠳ᠋ᠠᠢᠲ᠋ᠠ᠎ᠶᠢᠨ ᠠᠷᠠᠯᠵᠢᠶᠠᠨ᠎ᠤ ᠵᠠᠭᠤᠷᠠᠯᠳᠤᠭᠠᠨ ᠎ᠢ ᠰᠢᠢᠳᠪᠦᠷᠢᠯᠡᠬᠦ ᠲᠤᠰᠬᠠᠢ ᠮᠡᠷᠭᠡᠵᠢᠯ᠎ᠦᠨ ᠬᠥᠨᠳᠡᠯᠡᠨ᠎ᠡᠴᠡ ᠲᠠᠰᠤᠯᠬᠤ ᠲᠠᠪᠴᠠᠩ  ︱  ᠳᠤᠮᠳᠠᠳᠤ ᠤᠯᠤᠰ ( ᠥᠪᠥᠷ ᠮᠣᠩᠭᠣᠯ ) ᠤ᠋ᠨ ᠴᠢᠯᠦᠭᠡᠲᠦ ᠠᠷᠠᠯᠵᠢᠶᠠᠨ ᠎ᠤ ᠲᠤᠷᠰᠢᠯᠲᠠ ᠎ᠶᠢᠨ ᠣᠷᠣᠨ ᠎ᠤ ᠳ᠋ᠠᠢᠲ᠋ᠠ ᠎ᠶᠢᠨ ᠠᠷᠠᠯᠵᠢᠶᠠᠨ᠎ᠤ ᠬᠥᠨᠳᠡᠯᠡᠨ᠎ᠡᠴᠡ ᠲᠠᠰᠤᠯᠬᠤ ᠦᠢᠯᠡᠴᠢᠯᠡᠭᠡᠨ ᠎ᠦ ᠲᠥᠪ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠎ᠤ  ᠬᠥᠬᠡᠬᠣᠲᠠ᠎ᠶᠢᠨ ᠬᠡᠰᠡᠭ ᠲᠸ᠋ ᠠᠰᠢᠭ᠍ᠯᠠᠯᠲᠠ᠎ᠳᠤ ᠣᠷᠣᠵᠤ᠂ ᠲᠣᠰ ᠬᠡᠰᠡᠭ ᠤ᠋ᠨ ᠳ᠋ᠠᠢᠲ᠋ᠠ᠎ᠶᠢᠨ ᠠᠷᠠᠯᠵᠢᠶᠠᠨ᠎ᠤ ᠵᠠᠭᠤᠷᠠᠯᠳᠤᠭᠠᠨ᠎ᠢ ᠰᠢᠢᠳᠪᠦᠷᠢᠯᠡᠬᠦ ᠲᠣᠭᠲᠠᠴᠠ᠎ᠶᠢᠨ ᠬᠣᠭᠣᠰᠤᠨ᠎ᠢ ᠨᠥᠬᠥᠪᠦᠷᠢᠯᠡᠪᠡ᠃

ᠣᠢᠯᠠᠭᠠᠭᠰᠠᠨ᠎ᠢᠶᠠᠷ᠂ ᠲᠤᠰ ᠬᠥᠨᠳᠡᠯᠡᠨ᠎ᠡᠴᠡ ᠲᠠᠰᠤᠯᠬᠤ ᠦᠢᠯᠡᠴᠢᠯᠡᠭᠡᠨ᠎ᠦ ᠲᠥᠪ᠎ᠢ ᠬᠥᠬᠡᠬᠣᠲᠠ᠎ᠶᠢᠨ ᠬᠥᠨᠳᠡᠯᠡᠨ᠎ᠡᠴᠡ ᠲᠠᠰᠤᠯᠬᠤ ᠵᠦᠪᠯᠡᠯ ᠪᠣᠯᠣᠨ ᠥᠪᠥᠷ ᠮᠣᠩᠭᠣᠯ᠎ᠤᠨ ᠳ᠋ᠠᠢᠲ᠋ᠠ᠎ᠶᠢᠨ ᠰᠣᠯᠢᠯᠴᠠᠭᠠᠨ᠎ᠤ ᠲᠥᠪ ᠬᠠᠮᠲᠤᠷᠠᠨ ᠪᠠᠢᠭᠤᠯᠵᠤ᠂ ᠭᠣᠣᠯᠳᠠᠭᠤ ᠳ᠋ᠠᠢᠲ᠋ᠠ᠎ᠶᠢᠨ ᠡᠷᠬᠡ᠎ᠶᠢ ᠨᠤᠲᠠᠯᠠᠨ ᠲᠣᠭᠲᠠᠭᠠᠬᠤ᠂ ᠠᠷᠠᠯᠵᠢᠶᠠᠨ᠎ᠤ ᠭᠡᠷ᠎ᠡ᠎ᠶᠢ ᠭᠦᠢᠴᠡᠳᠬᠡᠬᠦ᠂ ᠳ᠋ᠠᠢᠲ᠋ᠠ᠎ᠶᠢᠨ ᠲᠣᠭᠲᠠᠭᠠᠯ᠎ᠳᠤ ᠨᠡᠢᠴᠡᠬᠦ᠂ ᠬᠢᠯᠢ ᠠᠯᠤᠰᠯᠠᠭᠰᠠᠨ ᠳ᠋ᠠᠢᠲ᠋ᠠ᠎ᠶᠢᠨ ᠬᠠᠮᠲᠤᠷᠠᠯᠴᠠᠭ᠎ᠠ ᠵᠡᠷᠭᠡ ᠳ᠋ᠠᠢᠲ᠋ᠠ᠎ᠶᠢᠨ ᠠᠷᠠᠯᠵᠢᠶᠠᠨ ᠎ᠤ ᠬᠠᠮᠢᠶ᠎ᠠ ᠪᠦᠬᠦᠢ ᠬᠥᠨᠳᠡᠯᠡᠨ᠎ᠡᠴᠡ ᠲᠠᠰᠤᠯᠬᠤ ᠬᠡᠷᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠠᠷᠠᠯᠵᠢᠶᠠᠨ ᠎ᠤ ᠤᠷᠢᠳᠠᠴᠢ ᠲᠣᠭᠲᠠᠭᠠᠯ᠎ᠳᠤ ᠨᠡᠢᠴᠡᠭᠰᠡᠨ ᠬᠢᠨᠠᠨ ᠪᠠᠢᠴᠠᠭᠠᠯᠲᠠ᠂ ᠵᠠᠭᠠᠯᠳᠤᠬᠤ ᠡᠴᠡ ᠡᠮᠦᠨᠡᠬᠢ ᠤᠯᠠᠨ ᠡᠰᠢᠲᠦ ᠡᠶᠡᠳᠡᠭᠦᠯᠭᠡ᠂ ᠲᠤᠰᠬᠠᠢ ᠮᠡᠷᠭᠡᠵᠢᠯ᠎ᠦᠨ ᠬᠥᠨᠳᠡᠯᠡᠨ᠎ᠡᠴᠡ ᠲᠠᠰᠤᠯᠤᠭᠰᠠᠨ ᠳᠠᠰᠤᠯᠤᠯᠳᠠ᠂ ᠲᠦᠷᠦ᠎ᠶᠢᠨ ᠪᠣᠳᠣᠯᠭ᠎ᠠ᠎ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠨᠢᠭᠡ ᠦᠷᠲᠡᠭᠡᠴᠢᠯᠡᠭᠰᠡᠨ ᠮᠠᠶᠢᠭ᠎ᠤᠨ ᠬᠠᠤᠯᠢ ᠴᠠᠭᠠᠵᠠ᠎ᠶᠢᠨ ᠦᠢᠯᠡᠴᠢᠯᠡᠭᠡᠨ ᠎ᠦ ᠵᠢᠭ᠍ᠰᠠᠭᠠᠯ᠎ᠢ ᠪᠦᠬᠦ ᠲᠠᠯ᠎ᠠ᠎ᠪᠠᠷ ᠪᠠᠢᠭᠤᠯᠵᠤ᠂ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠳ᠋ᠠᠢᠲ᠋ᠠ᠎ᠶᠢᠨ ᠠᠷᠠᠯᠵᠢᠶᠠᠨ᠎ᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠳ᠋ᠠᠢᠲ᠋ᠠ᠎ᠶᠢᠨ ᠠᠷᠠᠯᠵᠢᠶᠠᠨ᠎ᠤ ᠪᠦᠬᠦ ᠦᠶᠡᠯᠡᠯ᠎ᠦᠨ ᠬᠤᠭᠤᠴᠠᠭ᠎ᠠ᠎ᠶᠢ ᠬᠠᠮᠤᠷᠤᠭᠰᠠᠨ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠪᠢᠲᠡᠭᠦᠦ ᠴᠠᠭᠠᠷᠢᠭ᠋᠎ᠤᠨ ᠰᠢᠰᠲᠧᠮ᠎ᠢ ᠪᠦᠷᠢᠯᠳᠦᠭᠦᠯᠪᠡ᠃

ᠲᠠᠨᠢᠯᠴᠠᠭᠤᠯᠤᠭᠰᠠᠨ᠎ᠢᠶᠠᠷ᠂ ᠲᠤᠰ ᠬᠥᠨᠳᠡᠯᠡᠨ᠎ᠡᠴᠡ ᠲᠠᠰᠤᠯᠬᠤ ᠦᠢᠯᠡᠴᠢᠯᠡᠭᠡᠨ᠎ᠦ ᠲᠥᠪ ᠎ᠢ ᠪᠠᠢᠭᠤᠯᠤᠬᠰᠠᠨ ᠨᠢ ᠳ᠋ᠠᠢᠲ᠋ᠠ᠎ᠶᠢᠨ ᠠᠷᠠᠯᠵᠢᠶᠠᠨ ᠎ᠤ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ ᠎ᠢ ᠤᠯᠠᠮ ᠴᠢᠨᠠᠭᠰᠢᠳᠠ ᠵᠢᠷᠤᠮᠵᠢᠭᠤᠯᠵᠤ᠂ ᠳ᠋ᠠᠢᠲ᠋ᠠ ᠎ᠶᠢᠨ ᠠᠷᠠᠯᠵᠢᠶᠠᠨ᠎ᠤ ᠵᠠᠭᠤᠷᠠᠯᠳᠤᠭᠠᠨ᠎ᠢ ᠰᠢᠢᠳᠪᠦᠷᠢᠯᠡᠬᠦ ᠪᠠᠷᠢᠮᠵᠢᠶ᠎ᠠ ᠎ᠶᠢ ᠨᠢᠭᠡᠳᠬᠡᠵᠦ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠠᠷᠠᠯᠵᠢᠶᠠᠨ᠎ᠤ ᠳᠦᠷᠢᠮ᠎ᠦᠨ ᠴᠢᠨᠠᠷᠲᠠᠢ ᠥᠪᠡᠷ᠎ᠦᠨ ᠦᠷᠳᠡᠭ ᠪᠣᠯᠣᠨ ᠳᠦᠷᠢᠮ᠎ᠳᠦ ᠨᠡᠢᠴᠡᠬᠦ ᠲᠦᠭᠰᠢᠭᠦᠷᠢ᠎ᠶᠢ ᠪᠦᠲᠦᠮᠵᠢᠲᠡᠢ ᠪᠠᠭᠤᠷᠠᠭᠤᠯᠵᠤ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠳ᠋ᠠᠢᠲ᠋ᠠ᠎ᠶᠢᠨ ᠠᠷᠠᠯᠵᠢᠶᠠᠨ᠎ᠳᠤ ᠣᠷᠣᠯᠴᠠᠬᠤ ᠢᠲᠡᠭᠡᠯ ᠎ᠢ ᠦᠷᠭᠦᠯᠵᠢᠯᠡᠨ ᠨᠡᠮᠡᠭᠳᠡᠭᠦᠯᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠶᠢᠨ ᠬᠡᠰᠡᠭ ᠲᠸ᠋ ᠳᠣᠲᠣᠭᠠᠳᠤ ᠭᠠᠳᠠᠭᠠᠳᠤ᠎ᠶᠢ ᠬᠣᠯᠪᠣᠭᠰᠠᠨ ᠳ᠋ᠠᠢᠲ᠋ᠠ᠎ᠶᠢᠨ ᠡᠯᠧᠮᠧᠨ᠋ᠲ᠎ᠦᠨ ᠭᠦᠢᠯᠭᠡᠭᠡᠨ᠎ᠦ ᠬᠦᠢᠰᠦ᠎ᠶᠢ ᠪᠠᠶ᠋ᠢᠭᠤᠯᠬᠤ᠎ᠳᠤ ᠴᠢᠩᠭ᠎ᠠ ᠬᠦᠴᠦᠲᠡᠢ ᠬᠠᠤᠯᠢ ᠪᠡᠷ ᠵᠠᠰᠠᠬᠤ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号