6 ᠰᠠᠷ᠎ᠠ᠎ᠶᠢᠨ 30᠎ᠤ᠋ ᠡᠳᠦᠷ᠎ᠡᠴᠡ 7 ᠰᠠᠷ᠎ᠠ᠎ᠶᠢᠨ 2 ᠤ᠋ᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠤᠢ ᠪᠠᠶᠠᠨᠨᠠᠭᠤᠷ ᠬᠤᠳᠠ᠎ᠶᠢᠨ ᠤᠷᠠᠳ᠎ᠤᠨ ᠬᠣᠢᠲᠤ ᠬᠣᠰᠢᠭᠤ ᠪᠣᠯᠣᠨ ᠬᠠᠩᠭᠢᠨ ᠬᠣᠢᠲᠤ ᠬᠣᠰᠢᠭᠤᠨ᠎ᠳᠤ ᠬᠦᠷᠴᠦ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠪᠠᠢᠴᠠᠭᠠᠨ ᠰᠤᠳᠤᠯᠵᠠᠢ᠃
ᠱᠢ ᠭᠤᠸᠠᠩ ᠬᠤᠢ ᠲᠠᠷᠢᠶᠠᠨ ᠭᠠᠵᠠᠷ᠎ᠲᠤ ᠭᠦᠨᠵᠡᠭᠡᠢᠷᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠪᠠᠢᠴᠠᠭᠠᠨ ᠦᠵᠡᠪᠡ; ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠠᠵᠤ ᠠᠬᠤᠢᠯᠠᠯ᠎ᠳᠤ ᠭᠦᠨᠵᠡᠭᠡᠢᠷᠡᠨ᠂ ᠦᠢᠯᠡᠳᠪᠦᠷᠢᠯᠡᠯ ᠡᠵᠡᠩᠨᠡᠯᠲᠡ ᠪᠠ ᠲᠠᠷᠢᠶᠠᠴᠢᠳ᠎ᠢ ᠲᠠᠢᠴᠢᠯᠠᠨ ᠣᠷᠣᠯᠭ᠎ᠠ᠎ᠪᠠᠨ ᠨᠡᠮᠡᠭᠳᠡᠭᠦᠯᠵᠦ ᠪᠠᠢᠭ᠎ᠠ ᠪᠠᠢᠳᠠᠯ᠎ᠢ ᠣᠢᠯᠠᠭᠠᠵᠤ᠂ ᠠᠵᠤ ᠠᠬᠤᠢᠯᠠᠯ᠎ᠤᠨ ᠬᠢᠨ᠎ᠤ ᠨᠠᠷᠢᠨ ᠨᠢᠭᠳᠠ ᠠᠰᠢᠭ᠋ ᠲᠤᠰᠠ᠎ᠶᠢᠨ ᠬᠣᠯᠪᠤᠭᠠᠨ᠎ᠤ ᠲᠣᠭᠲᠠᠴᠠ᠎ᠶᠢ ᠦᠷᠭᠦᠯᠵᠢᠯᠡᠨ ᠪᠦᠷᠢᠨᠰᠢᠭᠦᠯᠵᠦ᠂ ᠮᠠᠯ ᠠᠵᠤ ᠠᠬᠤᠢ᠎ᠲᠠᠷᠢᠶᠠᠯᠠᠩ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ ᠵᠢ ᠵᠤᠷᠢᠬᠵᠢᠭᠤᠯᠪᠠ; ᠪᠠᠰᠠ ᠲᠤᠰᠬᠠᠢᠯᠠᠨ ᠲᠠᠷᠢᠶᠠᠯᠠᠩ᠎ᠤᠨ ᠶᠠᠪᠤᠳᠠᠯ᠎ᠤᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠲᠦ ᠬᠦᠷᠴᠦ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ ᠪᠣᠯᠣᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠢ ᠭᠦᠨᠵᠡᠭᠡᠢ ᠶᠠᠷᠢᠯᠴᠠᠵᠤ᠂ ᠥᠪᠡᠷ᠎ᠦᠨ ᠦᠷᠳᠡᠭ᠎ᠦᠨ ᠲᠠᠨᠭᠰᠠ᠎ᠶᠢ ᠪᠤᠳᠤᠵᠤ᠂ ᠬᠥᠭᠵᠢᠯᠲᠡ᠎ᠶᠢᠨ ᠵᠠᠮ᠎ᠢ ᠡᠷᠢᠯᠬᠢᠯᠡᠪᠡ᠃ ᠱᠢ ᠭᠤᠸᠠᠩ ᠬᠤᠢ᠂ ᠨᠡᠢᠭᠡᠮᠴᠢᠯᠡᠭᠰᠡᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠨᠢ ᠨᠤᠲᠤᠭ ᠤᠰᠤᠨ᠎ᠳᠠᠭᠠᠨ ᠦᠨᠳᠦᠰᠦᠯᠡᠵᠦ ᠂ ᠠᠢᠯ ᠰᠠᠭᠠᠬᠠᠯᠲᠠ᠎ᠳᠠᠭᠠᠨ ᠦᠢᠯᠡᠴᠢᠯᠡᠬᠦ᠎ᠳᠡᠭᠡᠨ 《ᠥᠪᠡᠷ᠎ᠦᠨ ᠥᠷᠲᠡᠭ ᠢ᠋ ᠪᠠᠭᠤᠷᠠᠭᠤᠯᠬᠤ》 ᠪᠠ 《ᠦᠢᠯᠡᠴᠢᠯᠡᠭᠡ᠎ᠶᠢ ᠳᠡᠭᠡᠭᠰᠢᠯᠡᠭᠦᠯᠭᠦ》 ᠪᠠᠷ ᠣᠷᠣᠰᠢᠨ ᠲᠣᠭᠲᠠᠨᠢᠬᠤ᠎ᠶᠢᠨ ᠦᠨᠳᠦᠰᠦ ᠪᠤᠯᠭᠠᠵᠤ᠂ ᠲᠤᠰᠬᠠᠢ ᠮᠡᠷᠭᠡᠵᠢᠯ᠎ᠦᠨ ᠴᠢᠳᠠᠪᠤᠷᠢ ᠪᠠ ᠬᠠᠮᠢᠶᠠᠷᠤᠯᠲᠠ᠎ᠶᠢᠨ ᠲᠦᠪᠰᠢᠨ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ᠎ᠳᠦ ᠪᠣᠳᠠᠲᠤ ᠠᠰᠢᠭ᠋ ᠬᠦᠷᠲᠡᠭᠡᠵᠦ᠂ ᠠᠵᠤ ᠦᠢᠯᠡᠰ ᠢ᠋ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号