ᠦᠪᠤᠷ ᠮᠤᠡᠭᠭᠤᠯ ᠬᠣᠲᠠ ᠪᠠᠯᠭᠠᠰᠤᠨ᠎ᠤ 9.16 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ
2026-07-05 12:18:21
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

2026 ᠣᠨ᠎ᠳᠤ᠂ ᠪᠥᠬᠥ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠤᠨ᠂ 5 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠬᠣᠲᠠ ᠪᠠᠯᠭᠠᠰᠤᠨ᠎ᠤ 9.16 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠬᠣᠲᠠ ᠪᠠᠯᠭᠠᠰᠤᠨ᠎ᠤ 2.86 ᠲᠦᠮᠡᠨ ᠠᠵᠢᠯ ᠠᠯᠳᠠᠭᠰᠠᠳ ᠲᠸ᠋ ᠳᠠᠬᠢᠨ ᠠᠵᠢᠯ ᠣᠯᠭᠣᠵᠤ᠂ ᠠᠵᠢᠯ ᠣᠯᠬᠤ᠎ᠳᠤ ᠬᠦᠴᠢᠷᠲᠡᠢ 1.62 ᠲᠦᠮᠡᠨ ᠬᠥᠮᠥᠨ᠎ᠳᠦ ᠠᠵᠢᠯ ᠣᠯᠭᠣᠪᠠ᠃

ᠡᠨᠡ ᠵᠢᠯ᠂ ᠥᠪᠥᠷ ᠮᠣᠩᠭᠣᠯ ᠠᠵᠢᠯ᠎ᠤᠨ ᠭᠡᠮᠲᠦᠯ ᠪᠠ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠪᠠᠭᠤᠷᠠᠭᠤᠯᠬᠤ᠂ ᠤᠷ᠎ᠠ ᠮᠡᠷᠬᠡᠵᠢᠯ᠎ᠢ ᠳᠡᠭᠡᠭᠰᠢᠯᠡᠭᠦᠯᠬᠦ ᠨᠥᠬᠥᠪᠦᠷᠢ ᠥᠭᠬᠦ ᠵᠡᠷᠭᠡ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠣᠯᠭᠣᠬᠤ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ 11.8 ᠳ᠋ᠦᠩᠰᠢᠭᠤᠷ ᠲᠥᠭᠥᠷᠢᠭ᠎ᠦᠨ ᠲᠥᠷᠥ᠎ᠶᠢᠨ ᠪᠣᠳᠣᠯᠭ᠎ᠠ᠎ᠶᠢᠨ ᠠᠰᠢᠭ᠋ ᠬᠦᠷᠲᠡᠭᠡᠵᠦ᠂ ᠠᠵᠤ ᠠᠬᠤᠢᠯᠠᠯ᠎ᠤᠨ ᠡᠵᠡᠩᠨᠡᠯᠲᠡ᠎ᠶᠢᠨ ᠥᠪᠡᠷ᠎ᠦᠨ ᠥᠷᠲᠡᠭ ᠪᠠ ᠠᠵᠢᠯᠴᠢᠨ ᠬᠡᠷᠡᠭᠯᠡᠬᠦ ᠬᠦᠴᠢᠷ ᠠᠰᠠᠭᠤᠳᠠᠯ᠎ᠢ ᠬᠦᠴᠦᠲᠡᠢ ᠰᠢᠢᠳᠪᠦᠷᠢᠯᠡᠵᠠᠢ᠃ ᠭᠣᠣᠯᠳᠠᠯᠭ᠎ᠠ᠎ᠲᠠᠢ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠂ ᠳᠤᠮᠳᠠ ᠪᠠᠭ᠎ᠠ ᠵᠢᠵᠢᠭ ᠠᠵᠤ ᠠᠬᠤᠢᠯᠠᠯ ᠵᠡᠷᠭᠡ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠵᠠᠬ᠎ᠠ ᠳᠡᠯᠭᠡᠭᠦᠷᠴᠢᠯᠡᠭᠰᠡᠨ ᠠᠵᠢᠯ᠎ᠤᠨ ᠪᠠᠢᠷᠢ᠎ᠶᠢ 29.4 ᠲᠦᠮᠡᠨ ᠤᠳᠠᠭ᠎ᠠ ᠲᠥᠪᠯᠡᠷᠡᠭᠦᠯᠦᠨ ᠨᠡᠢᠲᠡᠯᠡᠵᠦ᠂ ᠠᠵᠢᠯ ᠦᠢᠯᠡᠰ᠎ᠦᠨ ᠨᠢᠭᠡᠴᠢ ᠵᠡᠷᠭᠡ ᠵᠢᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ 2.4 ᠲᠦᠮᠡ ᠲᠤᠬᠢᠷᠠᠭᠤᠯᠪᠠ᠃

ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠦᠢᠯᠡᠰ ᠪᠤᠰᠬᠠᠬᠤ ᠡᠬᠢ ᠪᠠᠶᠠᠯᠢᠭ᠋᠎ᠤᠨ ᠬᠠᠩᠭᠠᠯᠭ᠎ᠠ᠎ᠶᠢ ᠥᠷᠭᠡᠳᠬᠡᠬᠦ᠎ᠪᠡᠷ ᠰᠢᠨ᠎ᠡ ᠨᠢᠭᠡᠨ ᠡᠭᠡᠯᠵᠢ᠎ᠶᠢᠨ 《ᠦᠢᠯᠡᠰ ᠪᠤᠰᠬᠠᠬᠤ ᠥᠪᠥᠷ ᠮᠣᠩᠭᠣᠯ᠎ᠤᠨ ᠠᠵᠢᠯᠯᠠᠭ᠎ᠠ》 ᠶ᠋ᠢ ᠡᠬᠢᠯᠡᠭᠦᠯᠵᠦ᠂ 《〈ᠦᠢᠯᠡᠰ ᠪᠤᠰᠬᠠᠨ ᠤᠮᠠᠷᠠᠲᠤ ᠬᠢᠯᠢ ᠵᠢ ᠮᠠᠨᠳᠤᠭᠤᠯᠬᠤ〉 ᠦᠢᠯᠡᠰ ᠪᠤᠰᠬᠠᠬᠤ ᠦᠢᠯᠡᠴᠢᠯᠡᠭᠡ》 ᠵᠡᠷᠭᠡ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠦᠢᠯᠡᠰ ᠪᠤᠰᠬᠠᠬᠤ ᠪᠠᠲᠤᠯᠠᠭᠠᠲᠤ  ᠵᠢᠭᠡᠯᠡᠯᠭᠡ᠎ᠶᠢ 3.34 ᠳ᠋ᠦᠩᠰᠢᠭᠤᠷ ᠲᠥᠭᠥᠷᠢᠭ ᠲᠠᠯᠪᠢᠵᠤ᠂ ᠦᠢᠯᠡᠰ ᠪᠤᠰᠬᠠᠭᠴᠢᠳ ᠲᠸ᠋ ᠪᠡᠯᠡ ᠮᠥᠩᠭᠥ᠎ᠶᠢᠨ ᠳᠡᠮᠵᠢᠯᠭᠡ ᠪᠠ ᠦᠢᠯᠡᠴᠢᠯᠡᠭᠡᠨ᠎ᠦ ᠪᠠᠲᠤᠯᠠᠭ᠎ᠠ ᠬᠠᠩᠭᠠᠵᠠᠢ᠃ ᠡᠭᠦᠨ᠎ᠦ ᠬᠠᠮᠲᠤ᠂ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠤᠷ᠎ᠠ ᠮᠡᠷᠬᠡᠵᠢᠯ ᠤ᠋ᠨ ᠪᠣᠯᠪᠠᠰᠤᠷᠠᠯ᠂ ᠠᠵᠢᠯ᠎ᠤᠨ ᠪᠠᠢᠷᠢ᠎ᠶᠢᠨ ᠵᠣᠯᠭᠠᠯᠴᠠᠭ᠎ᠠ᠂ ᠠᠮᠢᠳᠤᠯᠢᠭ᠋ ᠠᠵᠢᠯ ᠣᠯᠭᠣᠯᠲᠠ᠎ᠶᠢ ᠨᠢᠭᠡ ᠴᠣᠭᠴᠠᠵᠢᠭᠤᠯᠤᠭᠰᠠᠨ 《ᠭᠡᠷ᠎ᠦᠨ ᠡᠭᠦᠳᠡᠨ》᠎ᠳ᠋ᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ᠎ᠶᠢ 192 ᠰᠢᠨ᠎ᠡ᠎ᠪᠡᠷ ᠪᠠᠢᠭᠤᠯᠵᠤ᠂ ᠬᠣᠲᠠ ᠬᠥᠳᠡᠭᠡ᠎ᠶᠢᠨ ᠬᠦᠲᠠᠯᠮᠤᠷᠢ ᠬᠦᠴᠤᠨ ᠪᠠ ᠬᠥᠮᠥᠨ ᠬᠡᠷᠡᠭᠯᠡᠬᠦ ᠨᠢᠭᠡᠴᠢ᠎ᠶᠢᠨ ᠠᠵᠢᠯ ᠡᠷᠢᠬᠦ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ ᠵᠢᠨ ᠤᠷᠢᠵᠤ ᠡᠯᠰᠡᠬᠦ ᠠᠵᠢᠯᠯᠠᠭ᠎ᠠ᠎ᠶᠢ 1596 ᠤᠳᠠᠭ᠎ᠠ ᠡᠷᠭᠢᠯᠡᠵᠦ᠂ 57.96 ᠲᠦᠮᠡᠨ ᠤᠳᠠᠭ᠎ᠠ ᠵᠢᠨ ᠠᠵᠢᠯ ᠣᠯᠭᠣᠯᠲᠠ᠎ᠶᠢᠨ ᠠᠵᠢᠯ᠎ᠤᠨ ᠪᠠᠢᠷᠢ ᠬᠠᠩᠭᠠᠵᠤ᠂ ᠭᠣᠣᠯᠳᠠᠯᠭ᠎ᠠ᠎ᠲᠠᠢ ᠬᠦᠷᠢᠶᠡᠨ᠎ᠦ ᠲᠣᠭᠣᠷᠢᠨ᠎ᠳᠤ ᠲᠤᠬᠠᠢᠯᠠᠭᠰᠠᠨ ᠠᠵᠢᠯ ᠤ᠋ᠨ ᠤᠷ᠎ᠠ ᠮᠡᠷᠬᠡᠵᠢᠯ ᠤ᠋ᠨ ᠪᠣᠯᠪᠠᠰᠤᠷᠠᠯ᠎ᠢ 12.9 ᠲᠦᠮᠡᠨ ᠬᠥᠮᠥᠨ ᠤᠳᠠᠭ᠎ᠠ ᠥᠷᠨᠢᠭᠦᠯᠵᠦ᠂ ᠬᠦᠲᠠᠯᠮᠤᠷᠢ ᠬᠦᠴᠤᠨ ᠤ᠋ ᠠᠵᠢᠯ ᠣᠯᠭᠣᠯᠲᠠ᠎ᠶᠢᠨ ᠥᠷᠢᠰᠦᠯᠳᠦᠬᠦ ᠬᠦᠴᠦᠨ᠎ᠢ ᠳᠡᠭᠡᠭᠰᠢᠯᠡᠬᠦᠯᠪᠡ᠃

ᠡᠭᠦᠨ᠎ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠪᠠᠰᠠ ᠠᠵᠢᠯ ᠣᠯᠭᠣᠯᠲᠠ᠎ᠶᠢᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠲᠦᠷᠭᠡᠨ ᠬᠦᠷᠭᠡᠭᠴᠢ᠂ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ ᠵᠡᠷᠭᠡ ᠠᠮᠢᠳᠤᠯᠢᠭ᠋ ᠠᠵᠢᠯ ᠣᠯᠭᠣᠯᠲᠠ᠂ ᠰᠢᠨ᠎ᠡ᠎ᠬᠡᠯᠪᠡᠷᠢ ᠵᠢᠨ ᠠᠵᠢᠯ ᠤᠯᠭᠤᠯᠳᠠ ᠵᠢᠨ ᠬᠥᠮᠥᠰ᠎ᠦᠨ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠵᠤ᠂ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶᠢᠨ ᠲᠤᠷᠰᠢᠯᠲᠠ᠎ᠶᠢᠨ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠲᠥᠪ ᠭᠤᠤᠯᠴᠢ ᠡᠮᠬᠢ ᠵᠢᠷᠤᠮ᠎ᠲᠠᠢ ᠰᠠᠢᠨ ᠰᠠᠢᠬᠠᠨ ᠠᠵᠢᠯ ᠣᠯᠭᠣᠯᠲᠠ᠎ᠶᠢᠨ ᠣᠷᠴᠢᠨ ᠨᠥᠬᠥᠴᠡᠯ᠎ᠢ ᠢᠳᠡᠪᠬᠢᠲᠡᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号