ᠰᠤᠷᠪᠤᠯᠵᠢᠯᠠᠭ᠍ᠴᠢ ᠦᠪᠦᠷ ᠮᠤᠩᠭᠤᠯ᠎ᠤᠨ ᠶᠡᠭᠡ ᠰᠤᠷᠭᠠᠭᠤᠯᠢ ᠡᠴᠡ ᠤᠢᠯᠠᠭᠠᠭᠰᠠᠨ ᠵᠢᠡᠷ᠂ ᠲᠦᠷᠦᠭᠦᠭᠡᠨ ᠪᠡᠭᠡᠵᠢᠩ ᠳ᠋ᠤ ᠶᠠᠪᠤᠭᠳᠠᠭᠰᠠᠨ ᠳᠥᠷᠪᠡᠳᠦᠭᠡᠷ ᠬᠤᠭᠤᠴᠠᠭᠠᠨ᠎ᠤ 《ᠪᠦᠬᠦ ᠤᠯᠤᠰ᠎ᠤᠨ ᠰᠢᠨ᠎ᠡ᠎ᠶᠢ ᠡᠬᠦᠳᠦᠨ ᠲᠡᠷᠢᠭᠦᠨ᠎ᠤ ᠬᠢ ᠪᠤᠯᠬᠤ ᠪᠡᠷ ᠴᠢᠷᠮᠠᠢᠬᠰᠠᠨ ᠱᠠᠩᠨᠠᠯ》 ᠤ᠋ᠨ ᠬᠦᠬᠢᠬᠦᠯᠦᠨ ᠰᠠᠢᠰᠢᠶᠠᠬᠤ ᠶᠡᠬᠡ ᠬᠤᠷᠠᠯ ᠲᠡᠭᠡᠷ᠎ᠡ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠵᠠᠬᠢᠷᠤᠯ ᠦ᠋ ᠯᠢ ᠮᠢᠨ ᠪᠥᠬᠥ ᠤᠯᠤᠰ᠎ᠤᠨ ᠰᠢᠨ᠎ᠡ᠎ᠶᠢ ᠡᠬᠦᠳᠦᠨ ᠲᠡᠷᠢᠭᠦᠨ᠎ᠤ ᠬᠢ ᠪᠤᠯᠬᠤ ᠪᠡᠷ ᠴᠢᠷᠮᠠᠢᠭᠰᠠᠨ ᠬᠦᠬᠢᠬᠦᠯᠦᠯ᠎ᠤᠨ ᠲᠡᠮᠳᠡᠭ᠎ᠢ ᠭᠥᠷᠳᠡᠵᠦ᠂ ᠲᠣᠰ ᠱᠠᠩᠨᠠᠯ᠎ᠢ ᠲᠤᠰᠤᠭᠰᠠᠨ ᠮᠠᠨ᠎ᠤ ᠤᠷᠤᠨ᠎ᠤ ᠠᠩᠬᠠᠳᠠᠭ᠍ᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ ᠪᠣᠯᠤᠭᠰᠠᠨ ᠪᠠᠢᠨ᠎ᠠ᠃
ᠦ᠋ ᠯᠢ ᠮᠢᠨ ᠫᠷᠤᠹᠧᠰᠰᠤᠷ ᠪᠥᠭᠡᠭᠡᠨᠡᠷᠡᠯ ᠨᠢᠬᠡᠳᠪᠦᠷᠢ ᠵᠢᠨ ᠲᠦᠷᠬᠢᠯ ᠳᠠᠪᠬᠤᠷᠭ᠎ᠠ᠎ᠶᠢᠨ ᠮᠠᠲᠧᠷᠢᠶᠠᠯ᠎ᠤᠨ ᠬᠦᠷᠢᠶ᠎ᠡ᠎ᠳ᠋ᠤ ᠤᠯᠠᠨ ᠵᠢᠯ ᠰᠤᠳᠤᠯᠭᠠᠨ ᠦᠷᠨᠢᠬᠦᠯᠵᠦ᠂ ᠰᠠᠭᠤᠷᠢ ᠰᠤᠳᠤᠯᠭᠠᠨ᠎ᠤ ᠬᠣᠰᠢᠭᠤᠷᠠᠯ ᠪᠣᠯᠣᠨ ᠤᠯᠤᠰ᠎ᠤᠨ ᠴᠢᠬᠤᠯᠠ ᠶᠡᠬᠡ ᠬᠡᠷᠡᠭᠴᠡᠭᠡ ᠱᠠᠭᠠᠷᠳᠠᠯᠭ᠎ᠠ᠎ᠶᠢ ᠭᠦᠨᠵᠡᠭᠡᠢ ᠠᠭᠤᠰᠤᠯᠴᠠᠭᠤᠯᠵᠤ᠂《ᠪᠥᠭᠡᠭᠡᠨᠡᠷᠡᠯ ᠨᠢᠬᠡᠳᠪᠦᠷᠢ ︱ ᠣᠷᠭᠠᠨᠢᠭ᠋ ᠪᠤᠰᠤ ᠬᠣᠯᠢᠮᠠᠭ ᠥᠨᠳᠥᠷ ᠴᠢᠳᠠᠪᠬᠢᠲᠤ ᠲᠦᠷᠬᠢᠯ ᠳᠠᠪᠬᠤᠷᠭ᠎ᠠ》 ᠵᠢᠨ ᠰᠠᠭᠤᠷᠢ ᠤᠨᠤᠯ᠂ ᠪᠡᠯᠡᠳᠬᠡᠯ ᠰᠢᠨ᠎ᠡ ᠠᠷᠭ᠎ᠠ ᠪᠣᠯᠣᠨ ᠢᠨᠵᠧᠨᠧᠷᠢᠩ᠎ᠦᠨ ᠬᠡᠷᠡᠭᠯᠡᠯᠲᠡ᠎ᠶᠢᠨ ᠲᠠᠯ᠎ᠠ᠎ᠪᠠᠷ ᠰᠢᠰᠲ᠋ᠧᠮᠴᠢ ᠴᠢᠨᠠᠷᠲᠠᠢ ᠬᠤᠪᠢ ᠨᠡᠮᠡᠷᠢ ᠦᠵᠡᠭᠦᠯᠪᠡ᠃ ᠦ᠋ ᠯᠢ ᠮᠢᠨ ᠨᠢᠭᠡᠳᠦᠭᠡᠷ ᠪᠡᠶᠡᠯᠡᠭᠦᠯᠦᠭᠴᠢ᠎ᠪᠡᠷ ᠤᠯᠤᠰ᠎ᠤᠨ ᠮᠡᠷᠭᠡᠵᠢᠯ᠎ᠦᠨ ᠡᠭᠦᠳᠦᠯᠲᠡ᠎ᠶᠢᠨ ᠬᠣᠶᠠᠳᠤᠭᠠᠷ ᠳᠡᠰ᠎ᠤᠨ ᠱᠠᠩᠨᠠᠯ᠂ ᠮᠤᠵᠢ ᠶᠠᠮᠤᠨ᠎ᠤ ᠳᠡᠰ᠎ᠤᠨ ᠨᠢᠭᠡᠳᠦᠭᠡᠷ ᠳᠡᠰ᠎ᠤᠨ ᠱᠠᠩᠨᠠᠯᠢ᠋ 5 ᠤᠳᠠᠭ᠎ᠠ ᠬᠦᠷᠳᠡᠵᠦ᠂ SCI ᠥᠭᠦᠯᠡᠯ᠎ᠢ ᠨᠡᠢᠳᠡ 527 ᠨᠡᠢᠲᠡᠯᠡᠵᠦ᠂ ᠳᠤᠮᠳᠠᠳᠤ ᠤᠯᠤᠰ᠎ᠤᠨ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ ᠵᠢ 44᠂ ᠠᠮᠧᠷᠢᠺᠠ᠎ᠶᠢᠨ ᠲᠤᠰᠬᠠᠢ ᠠᠰᠢᠭ᠋᠎ᠤᠨ ᠡᠷᠬᠡ ᠵᠢ 3᠂ PCT ᠲᠤᠰᠬᠠᠢ ᠠᠰᠢᠭ᠋᠎ᠤᠨ ᠡᠷᠬᠡ ᠵᠢ 3ᠬᠦᠷᠳᠡᠪᠡ᠃ ᠤᠯᠤᠰ᠎ᠤᠨ ᠰᠠᠭᠤᠷᠢ ᠮᠥᠩᠭᠥᠨ᠎ᠦ ᠵᠥᠪᠯᠡᠯ᠎ᠦᠨ ᠰᠢᠨ᠎ᠡ᠎ᠶᠢ ᠡᠭᠦᠳᠬᠦ ᠬᠠᠮᠳᠤ ᠨᠡᠢᠳᠡ ᠵᠢᠨ ᠳᠠᠭᠠᠭᠤᠯᠤᠭ᠍ᠴᠢ ᠪᠣᠯᠤᠭᠰᠠᠨ᠎ᠤ ᠬᠤᠪᠢ᠎ᠳᠤ᠂ ᠲᠡᠬᠦᠨ᠎ᠢᠶᠡᠷ ᠲᠦᠷᠦᠬᠦᠯᠡᠬᠦᠯᠦᠭᠰᠡᠨ ᠰᠤᠷᠭᠠᠨ ᠬᠥᠮᠦᠵᠢᠯ᠎ᠦᠨ ᠶᠠᠮᠤᠨ᠎ᠤ ᠲᠡᠷᠢᠭᠦᠨ᠎ᠦ ᠰᠢᠷᠪᠤᠳᠤᠭᠦᠨ ᠢᠨᠵᠧᠨᠧᠷᠢᠩ᠎ᠦᠨ ᠰᠤᠳᠤᠯᠭᠠᠨ᠎ᠤ ᠲᠥᠪ ᠵᠢᠴᠢ ᠳᠡᠭᠡᠳᠦ ᠲᠡᠰ᠎ᠤᠨ ᠲᠣᠨᠣᠭᠯᠠᠯ᠎ᠤᠨ ᠰᠢᠷ ᠪᠤᠳᠤᠭ᠎ᠦᠨ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠳᠠᠰᠤᠭ᠎ᠢ ᠵᠦᠪᠰᠢᠶᠡᠷᠡᠬᠦᠯᠪᠡ᠃
ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠵᠠᠬᠢᠷᠤᠯ᠎ᠤᠨ ᠲᠤᠰᠢᠶᠠᠯ᠎ᠢ ᠬᠠᠷᠢᠭᠤᠴᠠᠭᠰᠠᠨ᠎ᠠᠴᠠ ᠨᠠᠭᠠᠰᠢ᠂ ᠦ᠋ ᠯᠢ ᠮᠢᠨ ᠡᠬᠡ ᠤᠯᠤᠰ᠎ᠤᠨ ᠬᠢᠯᠢ ᠬᠢᠵᠠᠭᠠᠷᠲᠤ ᠦᠨᠳᠦᠰᠦᠯᠡᠵᠦ᠂ ᠪᠦᠬᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠢ ᠳᠠᠭᠠᠭᠤᠯᠤᠨ ᠢᠯᠡ ᠲᠣᠳᠣ᠌ ᠤᠨᠴᠠᠯᠢᠭ ᠪᠦᠬᠦᠢ ᠲᠡᠷᠢᠭᠦᠨ ᠵᠡᠷᠭᠡ᠎ᠶᠢᠨ ᠶᠡᠬᠡ ᠰᠤᠷᠭᠠᠭᠤᠯᠢ᠎ᠵᠢ ᠪᠠᠢᠭᠤᠯᠬᠤ ᠬᠠᠷᠠᠯᠲᠠ᠎ᠶᠢ ᠲᠣᠭᠲᠠᠭᠠᠵᠤ᠂ ᠰᠢᠨᠵᠢᠯᠡᠭᠡᠨ᠎ᠦ ᠰᠠᠯᠠᠭ᠎ᠠ᠎ᠶᠢᠨ ᠪᠠᠢᠷᠢᠰᠢᠭᠤᠯᠤᠯᠲᠠ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ᠃
ᠣᠢᠯᠠᠭᠠᠭᠰᠠᠨ᠎ᠢᠶᠠᠷ᠂ 《ᠪᠥᠬᠥ ᠤᠯᠤᠰ᠎ᠤᠨ ᠰᠢᠨ᠎ᠡ ᠵᠢ ᠡᠬᠦᠳᠦᠨ ᠲᠡᠷᠢᠭᠦᠨ᠎ᠦ ᠬᠢ ᠪᠤᠯᠬᠤ ᠪᠡᠷ ᠴᠢᠷᠮᠠᠢᠭᠰᠠᠨ ᠱᠠᠩᠨᠠᠯ》᠎ᠢ᠋ 2017 ᠣᠨ᠎ᠳᠤ ᠬᠥᠮᠥᠨ᠎ᠦ ᠬᠦᠴᠦᠨ᠎ᠦ ᠡᠬᠢ ᠪᠠᠶᠠᠯᠢᠭ᠋ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠠᠮᠤᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠵᠥᠪᠯᠡᠯ᠎ᠡᠴᠡ ᠬᠠᠮᠲᠤᠷᠠᠨ ᠡᠷᠭᠢᠯᠡᠵᠦ᠂ ᠰᠠᠭᠤᠷᠢ ᠰᠤᠳᠤᠯᠭᠠᠨ ᠪᠠ ᠬᠣᠰᠢᠭᠤᠷᠠᠯ ᠬᠠᠢᠨ ᠰᠦᠪᠡᠭᠴᠢᠯᠡᠯᠲᠡ᠂ ᠴᠢᠬᠤᠯᠠ ᠶᠡᠬᠡ ᠲᠣᠨᠣᠭ ᠲᠥᠬᠦᠭᠡᠷᠦᠮᠵᠢ ᠪᠠ ᠢᠨᠵᠧᠨᠧᠷᠢᠩ᠎ᠦᠨ ᠪᠤᠭᠤᠮᠳᠠ ᠰᠢᠪᠳᠤᠯᠤᠯᠳᠠ᠂ ᠦᠷ᠎ᠡ ᠪᠦᠲᠦᠭᠡᠯ᠎ᠢ ᠤᠯᠠᠷᠢᠭᠤᠯᠬᠤ ᠪᠠ ᠰᠢᠨ᠎ᠡ᠎ᠶᠢ ᠡᠭᠦᠳᠦᠨ ᠦᠢᠯᠡᠰ ᠪᠤᠰᠬᠠᠬᠤ᠂ ᠨᠡᠢᠭᠡᠮ᠎ᠦᠨ ᠦᠢᠯᠡᠴᠢᠯᠡᠭᠡ ᠵᠡᠷᠭᠡ ᠲᠠᠯ᠎ᠠ᠎ᠪᠠᠷ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠶ᠋ᠢᠲᠡ ᠪᠠ ᠬᠤᠪᠢ ᠬᠥᠮᠥᠨ᠎ᠢ ᠬᠥᠬᠢᠭᠦᠯᠦᠨ ᠰᠠᠢᠰᠢᠶᠠᠳᠠᠭ ᠶᠤᠮ᠃