ᠦᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠤᠰᠤᠨ ᠠᠰᠢᠭ᠍ᠯᠠᠯᠲᠠ᠎ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠳᠤᠰᠬᠤᠨ ᠮᠠᠯᠵᠢᠬᠤ ᠤᠷᠤᠨ᠎ᠤ ᠲᠢᠩᠬᠢᠮ᠂ ᠰᠣᠶᠣᠯ ᠵᠢᠭᠤᠯᠴᠢᠯᠠᠯ᠎ᠤᠨ ᠲᠢᠩᠬᠢᠮ ᠵᠡᠷᠭᠡ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ ᠦ ᠵᠥᠪᠯᠡᠯ᠎ᠦᠨ ᠪᠦᠷᠢᠯᠳᠦᠭᠦᠨ ᠨᠢᠭᠡᠴᠢ ᠬᠠᠮᠲᠤᠷᠠᠨ ᠬᠤᠷᠠᠯ ᠬᠤᠷᠠᠯᠳᠤᠭᠤᠯᠵᠤ᠂ ᠪᠥᠬᠥ ᠣᠷᠣᠨ ᠤ ᠰᠤᠷᠭᠠᠨ ᠬᠥᠮᠦᠵᠢᠯ ᠦᠨ ᠰᠢᠰᠲᠧᠮ ᠦᠨ ᠵᠣᠨ᠎ᠤ ᠠᠮᠠᠷᠠᠯᠲᠠ᠎ᠶᠢᠨ ᠬᠤᠭᠤᠴᠠᠭᠠᠨ ᠤ ᠠᠮᠤᠷ ᠲᠦᠪᠰᠢᠨ ᠵᠢᠴᠢ ᠤᠰᠤᠨ᠎ᠳᠤ ᠴᠠᠴᠠᠬᠤ᠎ᠶᠢ ᠰᠡᠷᠭᠡᠢᠯᠡᠬᠦ ᠠᠵᠢᠯ᠎ᠢ ᠪᠠᠢᠷᠢᠯᠠᠭᠤᠯᠪᠠ ᠃
ᠬᠤᠷᠠᠯ᠎ᠠᠴᠠ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲ᠋ᠸᠮ᠎ᠤᠨ ᠬᠢᠨ ᠠᠮᠤᠷ ᠲᠦᠪᠰᠢᠨ᠎ᠦ ᠠᠵᠢᠯ ᠪᠣᠯᠣᠨ ᠠᠮᠠᠷᠠᠯᠲᠠ᠎ᠶᠢᠨ ᠬᠤᠭᠤᠴᠠᠭᠠᠨ᠎ᠤ ᠠᠵᠢᠯ᠎ᠢ ᠬᠠᠮᠲᠤ ᠳ᠋ᠤᠨᠢ ᠲᠥᠯᠥᠪᠵᠢᠭᠦᠯᠵᠦ᠂ ᠬᠠᠮᠲᠤ ᠳ᠋ᠤᠨᠢ ᠪᠠᠢᠷᠢᠯᠠᠭᠤᠯᠵᠤ᠂ ᠬᠠᠮᠲᠤ ᠳ᠋ᠤᠨᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠬᠢᠨ ᠬᠤᠭᠤᠴᠠᠭᠠᠨ ᠡᠴᠦᠰ᠎ᠦᠨ ᠰᠢᠯᠭᠠᠯᠲᠠ᠎ᠠᠴᠠ ᠡᠮᠦᠨᠡᠬᠢ᠂ ᠰᠤᠷᠤᠭ᠍ᠴᠢᠳ᠎ᠤᠨ ᠰᠤᠷᠭᠠᠭᠤᠯᠢ᠎ᠠᠴᠠ᠎ᠪᠠᠨ ᠰᠠᠯᠬᠤ᠎ᠡᠴᠡ ᠡᠮᠦᠨᠡᠬᠢ᠂ ᠰᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ᠎ᠡᠴᠡ ᠡᠮᠦᠨᠡᠬᠢ ᠭᠤᠷᠪᠠᠨ ᠵᠠᠩᠭᠢᠯᠠᠭ᠎ᠠ᠎ᠶᠢᠨ ᠬᠤᠭᠤᠴᠠᠭ᠎ᠠ ᠶᠢ ᠲᠤᠬᠢᠶᠠᠯᠳᠤᠭᠤᠯᠤᠨ᠂ ᠪᠦᠬᠦᠨ᠎ᠢ ᠬᠠᠮᠤᠷᠤᠭᠤᠯᠤᠭᠰᠠᠨ ᠬᠡᠯᠪᠡᠷᠢ ᠪᠡᠷ ᠠᠮᠤᠷ ᠲᠦᠪᠰᠢᠨ᠎ᠦ ᠬᠡᠮ ᠰᠣᠭᠣᠭ ᠢ ᠶᠡᠬᠡ ᠪᠡᠷ ᠪᠠᠢᠴᠠᠭᠠᠵᠤ᠂ ᠶᠡᠬᠡ ᠪᠡᠷ ᠴᠡᠭᠴᠡᠯᠡᠨ ᠵᠠᠰᠠᠵᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠠᠯᠬᠠᠪᠴᠢ᠎ᠶᠢ ᠪᠦᠬᠦ ᠲᠠᠯ᠎ᠠ᠎ᠪᠠᠷ ᠪᠡᠬᠢᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠠᠶᠤᠯᠭᠦᠢ ᠦᠢᠯᠡᠳᠪᠦᠷᠢᠯᠡᠯ᠎ᠦᠨ ᠭᠡᠮ ᠰᠣᠭᠣᠭ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠪᠣᠳᠠᠲᠠᠢ ᠠᠳᠬᠤᠵᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠲᠥᠬᠦᠭᠡᠷᠦᠮᠵᠢ᠎ᠶᠢ ᠴᠢᠩᠭᠠᠳᠬᠠᠵᠤ᠂ ᠲᠤᠷᠰᠢᠯᠲᠠ᠎ᠶᠢᠨ ᠲᠠᠰᠤᠭ ᠵᠢᠴᠢ ᠠᠶᠤᠯᠲᠠᠢ ᠬᠢᠮᠢ᠎ᠶᠢᠨ ᠪᠣᠳᠠᠰ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠵᠤ᠂ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠠᠮᠤᠷ ᠲᠦᠪᠰᠢᠨ᠎ᠦ ᠵᠠᠰᠠᠯᠲᠠ᠎ᠶᠢ ᠪᠤᠳᠠᠳᠠᠢ ᠴᠢᠩᠭ᠎ᠠ ᠠᠳᠬᠤᠵᠤ᠂ ᠰᠤᠷᠤᠭ᠍ᠴᠢᠳ᠎ᠤᠨ ᠠᠮᠤᠷ ᠲᠦᠪᠰᠢᠨᠳ᠋ᠤ ᠬᠤᠯᠪᠤᠭᠳᠠᠬᠤ ᠭᠣᠣᠯᠳᠠᠯᠭ᠎ᠠ᠎ᠲᠠᠢ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠬᠡᠷᠡᠭᠳᠡᠢ ᠭᠡᠵᠦ ᠱᠠᠭᠠᠷᠳᠠᠪᠠ᠃
ᠬᠤᠷᠠᠯ ᠡᠴᠡ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠦᠨ ᠬᠢᠨ ᠨᠢᠭᠡ ᠰᠡᠳᠬᠢᠯ ᠨᠢᠭᠡ ᠴᠢᠭᠯᠡᠯ᠎ᠢᠶᠡᠷ ᠠᠷᠭ᠎ᠠ ᠪᠣᠳᠣᠯᠭ᠎ᠠ᠎ᠶᠢ ᠣᠨᠣᠪᠴᠢᠲᠠᠢ ᠬᠡᠷᠡᠭᠵᠢᠭᠦᠯᠵᠦ᠂ ᠤᠰᠤᠨ᠎ᠳᠤ ᠴᠠᠴᠠᠬᠤ ᠵᠢ ᠰᠡᠷᠭᠡᠢᠯᠡᠬᠦ ᠠᠵᠢᠯ᠎ᠢ ᠰᠠᠢᠲᠤᠷ ᠠᠳᠬᠤᠵᠤ᠂ ᠰᠡᠷᠡᠮᠵᠢ᠎ᠶᠢᠨ ᠫᠠᠢᠰᠠ᠂ ᠠᠪᠤᠷᠠᠯᠳᠠ᠎ᠶᠢᠨ ᠴᠠᠭᠠᠷᠢᠭ᠋᠂ ᠠᠪᠤᠷᠠᠯᠳᠠ᠎ᠶᠢᠨ ᠳᠡᠭᠡᠰᠦ᠂ ᠠᠪᠤᠷᠠᠯᠳᠠ᠎ᠶᠢᠨ ᠮᠤᠳᠤ᠎ᠶᠢ ᠨᠠᠢᠳᠠᠪᠤᠷᠢᠵᠢᠭᠤᠯᠬᠤ ᠬᠡᠷᠡᠭᠲᠡᠢ᠃ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠎ᠶᠢᠨ ᠠᠵᠢᠯ᠎ᠤᠨ ᠲᠣᠭᠲᠠᠴᠠ᠎ᠪᠡᠷ ᠠᠴᠢᠶᠠᠯᠠᠪᠤᠷᠢ ᠪᠤᠯᠭᠠᠵᠤ᠂ ᠪᠠᠭ᠍ᠰᠢ ᠰᠤᠷᠤᠭ᠍ᠴᠢᠳ᠎ᠤᠨ ᠬᠠᠷᠢᠯᠴᠠᠬᠤ ᠪᠠ ᠬᠠᠮᠳᠤ ᠰᠤᠷᠤᠭᠴᠢᠳ᠎ᠤᠨ ᠬᠠᠷᠢᠯᠴᠠᠨ ᠬᠠᠪᠰᠤᠷᠤᠯᠴᠠᠬᠤ ᠳᠦᠷᠢᠮ ᠢ ᠪᠠᠢᠭᠤᠯᠤᠨ ᠲᠡᠭᠦᠯᠳᠡᠷᠵᠢᠭᠦᠯᠵᠦ᠂ ᠭᠡᠷ᠎ᠦᠨ ᠠᠬᠠᠮᠠᠳ᠎ᠲᠠᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠤ᠎ᠶᠢ ᠰᠠᠢᠲᠤᠷ ᠠᠩᠬᠠᠷᠴᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠰᠡᠷᠭᠡᠢᠯᠡᠵᠦ᠂ ᠰᠢᠨᠤᠯ ᠲᠠᠢ ᠪᠤᠯᠬᠤ ᠪᠣᠳᠠᠰ ᠵᠡᠷᠭᠡ᠎ᠶᠢ ᠪᠦᠳᠦᠮᠵᠢᠳᠡᠢ ᠰᠡᠷᠭᠡᠢᠯᠡᠬᠦ ᠬᠡᠷᠡᠭᠲᠡᠢ᠃ ᠰᠤᠳᠤᠯᠤᠨ ᠰᠤᠷᠤᠯᠴᠠᠬᠤ ᠵᠢᠭᠤᠯᠴᠢᠯᠠᠯ᠂ ᠨᠡᠢᠭᠡᠮ᠎ᠦᠨ ᠦᠢᠯᠡᠳᠦᠯᠭᠡ᠂ ᠭᠠᠳᠠᠭ᠍ᠰᠢ ᠭᠠᠷᠴᠤ ᠲᠥᠪᠯᠡᠷᠡᠭᠦᠯᠦᠨ ᠪᠣᠯᠪᠠᠰᠤᠷᠠᠭᠤᠯᠬᠤ᠂ ᠠᠵᠢᠯ᠎ᠤᠨ ᠪᠠᠢᠷᠢ ᠣᠷᠣᠯᠠᠨ ᠳᠠᠳᠤᠯᠭ᠎ᠠ ᠬᠢᠬᠦ ᠵᠡᠷᠭᠡ ᠬᠠᠮᠲᠤ᠎ᠶᠢᠨ ᠠᠵᠢᠯᠯᠠᠭ᠎ᠠ᠎ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃《ᠶᠡᠬᠡ ᠦᠶᠡᠷ ᠢ ᠰᠡᠷᠭᠡᠢᠯᠡᠬᠦ᠂ ᠶᠡᠬᠡ ᠠᠶᠤᠯ᠎ᠡᠴᠡ ᠵᠠᠢᠯᠠᠬᠤ᠂ ᠶᠡᠬᠡ ᠭᠠᠮᠰᠢᠭ᠋᠎ᠠᠴᠠ ᠠᠪᠤᠷᠠᠬᠤ》 ᠬᠣᠷᠢᠭ᠎ᠠ ᠱᠤᠭᠤᠮ᠎ᠤᠨ ᠱᠠᠭᠠᠷᠳᠠᠯᠭ᠎ᠠ᠎ᠶᠢ ᠪᠠᠷᠢᠮᠲᠠᠯᠠᠵᠤ᠂ ᠰᠤᠷᠭᠠᠭᠤᠯᠢ᠎ᠶᠢᠨ ᠬᠦᠷᠢᠶᠡᠨ᠎ᠦ ᠦᠶᠡᠷ᠎ᠢ ᠰᠡᠷᠭᠡᠢᠯᠡᠵᠦ ᠤᠰᠤᠲᠤᠯ᠎ᠢ ᠵᠠᠯᠠᠬᠤ᠂ ᠠᠭᠤᠯᠠ ᠶᠡᠭᠦᠷᠡᠬᠦ᠂ ᠬᠡᠷᠡᠮ ᠨᠤᠷᠠᠬᠤ᠂ ᠮᠣᠳᠣ᠌ ᠤᠨᠠᠬᠤ᠂ ᠠᠶᠤᠩᠭ᠎ᠠ᠎ᠳᠤ ᠳᠠᠭᠠᠷᠢᠭ᠍ᠳᠠᠬᠤ ᠵᠢᠴᠢ ᠭᠠᠵᠠᠷ ᠬᠥᠳᠡᠯᠦᠯᠲᠡ᠎ᠶᠢᠨ ᠠᠶᠤᠯ ᠲᠦᠭᠰᠢᠭᠦᠷᠢ ᠶᠢ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠦᠶᠡᠷ ᠢ ᠰᠡᠷᠭᠡᠢᠯᠡᠬᠦ᠂ ᠠᠶᠤᠩᠭ᠎ᠠ᠎ᠳᠤ ᠳᠠᠭᠠᠷᠢᠭ᠍ᠳᠠᠬᠤᠶᠢ ᠰᠡᠷᠭᠡᠢᠯᠡᠬᠦ᠂ ᠭᠠᠵᠠᠷ ᠬᠥᠳᠡᠯᠦᠯᠲᠡ ᠶᠢ ᠰᠡᠷᠭᠡᠢᠯᠡᠬᠦ᠂ ᠥᠨᠳᠥᠷ ᠳᠤᠯᠠᠭᠠᠨ᠎ᠳᠤ ᠨᠠᠷᠠᠰᠢᠬᠤ᠎ᠶᠢ ᠰᠡᠷᠭᠡᠢᠯᠡᠬᠦ ᠵᠡᠷᠭᠡ ᠭᠠᠮᠰᠢᠭ᠋ ᠡᠴᠡ ᠰᠡᠷᠬᠡᠢᠯᠡᠨ ᠭᠠᠮᠰᠢᠭ᠎ᠢ ᠪᠠᠭᠠᠰᠬᠠᠬᠤ ᠰᠢᠨᠵᠢᠯᠡᠬᠦ ᠤᠬᠠᠭᠠᠨ᠎ᠢ ᠲᠦᠬᠡᠮᠡᠯᠵᠢᠬᠦᠯᠬᠦ ᠬᠦᠮᠦᠵᠢᠯ᠎ᠢ ᠰᠠᠢᠳᠤᠷ ᠬᠢᠵᠦ᠂ ᠪᠠᠭᠰᠢ ᠰᠤᠷᠤᠭᠴᠢᠳ᠎ᠤᠨ ᠬᠡᠷ ᠳᠡᠬᠡᠨ ᠪᠠᠢᠬᠤ ᠳ᠋ᠠᠭᠠᠨ ᠠᠶᠤᠯ ᠡᠴᠡ ᠵᠠᠢᠯᠠᠬᠤ᠂ ᠭᠠᠳᠠᠭ᠍ᠰᠢ ᠭᠠᠷᠬᠤ ᠳ᠋ᠠᠭᠠᠨ ᠭᠠᠮᠰᠢᠭ᠋᠎ᠢ ᠰᠡᠷᠭᠡᠢᠯᠡᠬᠦ᠂ ᠪᠠᠴᠢᠮ ᠪᠠᠢᠳᠠᠯ᠎ᠢ ᠠᠷᠭᠠᠴᠠᠭᠠᠵᠤ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》᠂ ᠵᠢᠭᠠᠨ ᠰᠤᠷᠭᠠᠯᠲᠠ᠎ᠶᠢᠨ ᠬᠠᠪᠰᠤᠷᠤᠮᠵᠢ ᠪᠢᠴᠢᠭ ᠵᠠᠬᠢᠶᠠᠯᠠᠬᠤ᠂ ᠰᠤᠷᠭᠠᠭᠤᠯᠢ᠎ᠶᠢᠨ ᠬᠤᠪᠴᠠᠰᠤ ᠬᠤᠳᠠᠯᠳᠤᠨ ᠠᠪᠬᠤ ᠭᠤᠷᠪᠠᠨ ᠵᠦᠢᠯ᠎ᠦᠨ ᠴᠡᠭᠴᠡᠯᠡᠨ ᠵᠠᠰᠠᠯᠲᠠ᠎ᠶᠢ ᠦᠷᠭᠦᠯᠵᠢᠯᠡᠨ ᠠᠬᠢᠭᠤᠯᠵᠤ᠂ ᠵᠣᠨ ᠤ ᠠᠮᠠᠷᠠᠯᠲᠠ᠎ᠶᠢᠨ ᠡᠯ᠎ᠡ ᠵᠦᠢᠯ ᠦᠨ ᠠᠮᠤᠷ ᠲᠦᠪᠰᠢᠨ᠎ᠦ ᠠᠵᠢᠯ᠎ᠢ ᠴᠢᠩᠭ᠎ᠠ᠂ ᠪᠣᠳᠠᠲᠠᠢ᠂ ᠨᠠᠷᠢᠯᠢᠭ᠋ ᠰᠠᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ᠎ᠢ ᠪᠥᠬᠥ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃