ᠡᠪᠡᠰᠤ ᠲᠠᠢ ᠪᠤᠯ ᠮᠠᠯ ᠤ᠋ᠨ ᠵᠤ᠋ ᠲᠡᠨᠢᠭᠡᠷ᠂ ᠮᠠᠯ ᠲᠠᠢ ᠪᠤᠯ ᠮᠠᠯᠴᠢᠳ ᠤ᠋ᠨ ᠰᠡᠳᠬᠢᠯ ᠬᠠᠨᠠᠭᠠᠷ᠃ 6 ᠰᠠᠷ᠎ᠠ ᠵᠢᠨ 29 ᠤ᠋ ᠡᠳᠤᠷ᠂ ᠬᠦᠬᠡᠬᠤᠳᠠ ᠵᠢᠨ ᠲᠦᠮᠡᠳ ᠵᠡᠬᠦᠨ ᠬᠤᠰᠢᠭᠤᠨ ᠳ᠋ᠤ ᠪᠠᠢᠷᠢᠯᠠᠭ᠎ᠠ ᠶᠢᠦ ᠷᠠᠨ ᠮᠠᠯ ᠠᠵᠤ ᠠᠬᠤᠢ ᠵᠢᠨ ᠴᠡᠯᠡᠭᠡᠷ ᠲᠠᠯ᠎ᠠ ᠠᠮᠢ ᠠᠬᠤᠢ ᠵᠢᠨ ᠤᠶᠤᠨᠴᠢ ᠮᠠᠯᠵᠢᠯ ᠤ᠋ᠨ ᠲᠠᠯᠠᠪᠠᠢ ᠵᠢᠨ ᠴᠠᠷᠭᠠᠰᠤ ᠵᠢᠨ ᠰᠠᠭᠤᠷᠢᠨ ᠳ᠋ᠤ ᠨᠣᠮᠢᠨ ᠲᠠᠪᠠᠯᠭᠠᠨ ᠬᠠᠶᠠᠯᠠᠵᠤ᠂ ᠬᠠᠳᠤᠵᠤ ᠬᠤᠷᠢᠶᠠᠬᠤ ᠲᠣᠮᠣ᠌ ᠬᠡᠯᠪᠡᠷᠢ ᠶ᠋ᠢᠨ ᠮᠠᠰᠢᠨ ᠨᠤᠭᠤᠳ ᠨᠠᠭᠠᠰᠢ ᠴᠠᠭᠠᠰᠢ ᠰᠦᠯᠵᠢᠯᠳᠦᠨ ᠠᠵᠢᠯᠯᠠᠨ᠎ᠠ᠃

《〈 ᠡᠨᠡ ᠬᠡᠳᠦᠨ ᠡᠳᠦᠷ ᠤ᠋ᠨ ᠠᠭᠤᠷ ᠠᠮᠢᠰᠬᠤᠯ ᠲᠤᠩᠭᠠᠯᠠᠭ ᠰᠠᠢᠬᠠᠨ᠂ ᠴᠠᠷᠭᠠᠰᠤ ᠪᠠᠨ ᠬᠠᠳᠤᠵᠤ ᠬᠤᠷᠢᠶᠠᠬᠤ ᠪᠠ ᠬᠠᠲᠠᠭᠠᠵᠤ ᠬᠠᠳᠠᠭᠠᠯᠠᠬᠤ ᠳ᠋ᠤ ᠲᠤᠬᠢᠷᠠᠮᠵᠢᠳᠠᠢ〉 ᠬᠡᠰᠡᠨ ᠬᠦᠬᠡᠬᠤᠳᠠ ᠵᠢᠨ ᠴᠠᠭ ᠠᠭᠤᠷ ᠤ᠋ᠨ ᠲᠤᠪᠴᠢᠶ᠎ᠠ ᠵᠢᠨ ᠲᠤᠭᠠᠴᠢᠯᠠᠬᠰᠠᠨ ᠴᠠᠭ ᠠᠭᠤᠷ ᠤ᠋ᠨ ᠦᠢᠯᠡᠴᠢᠯᠡᠭᠡ ᠵᠢ ᠲᠤᠰᠤᠭᠰᠠᠨ ᠤ᠋ ᠲᠠᠷᠠᠭ᠎ᠠ ᠪᠢᠳᠡ ᠲᠠᠷᠤᠢᠬᠠᠨ ᠬᠦᠳᠡᠯᠤᠯᠴᠡᠵᠤ᠂ ᠬᠡᠳᠤᠨ ᠲᠤᠮᠤ ᠮᠠᠰᠢᠨ ᠢ᠋ᠢᠡᠷ ᠴᠠᠭ ᠢ᠋ ᠠᠮᠵᠢᠨ ᠬᠠᠲᠤᠵᠦ ᠬᠤᠷᠢᠶᠠᠵᠦ ᠪᠠᠢᠬᠤ ᠨᠢ ᠡᠨᠡ》 ᠬᠡᠵᠤ ᠶᠢᠦ ᠷᠠᠨ ᠮᠠᠯ ᠠᠵᠤ ᠠᠬᠤᠢ ᠵᠢᠨ ᠴᠡᠯᠡᠭᠡᠷ ᠲᠠᠯ᠎ᠠ ᠠᠮᠢ ᠠᠬᠤᠢ ᠵᠢᠨ ᠤᠶᠤᠨᠴᠢ ᠮᠠᠯᠵᠢᠯ ᠤ᠋ᠨ ᠲᠠᠯᠠᠪᠠᠢ ᠵᠢᠨ ᠬᠠᠷᠢᠭᠤᠴᠠᠯᠭᠠᠳᠠᠨ ᠸᠠᠡᠭ ᠶᠤᠸᠠᠢ ᠱᠸᠡᠭ ᠰᠤᠷᠪᠤᠯᠵᠢᠯᠠᠭᠴᠢ ᠳ᠋ᠤ ᠲᠠᠨᠢᠯᠴᠠᠭᠤᠯᠤᠨ᠎ᠠ᠃ ᠲᠡᠬᠦᠨ ᠤ᠋ ᠬᠡᠯᠡᠬᠦ ᠪᠡᠷ᠂ ᠴᠠᠷᠭᠠᠰᠤ ᠵᠢ ᠴᠠᠭ ᠲᠦ᠍ᠨᠢ ᠬᠠᠳᠤᠵᠤ ᠬᠤᠷᠢᠶᠠᠪᠠᠯ ᠰᠠᠶᠢ ᠰᠢᠨ᠎ᠡ ᠰᠣᠷᠭᠣᠭ ᠰᠢᠮ᠎ᠠ ᠰᠠᠢᠳᠠᠢ ᠪᠠᠢᠵᠤ᠂ ᠬᠤᠵᠢᠭᠤ ᠬᠤᠶᠠᠷ ᠡᠳᠦᠷ ᠬᠠᠳᠤᠵᠤ ᠬᠤᠷᠢᠶᠠᠪᠠᠯ ᠰᠢᠮ᠎ᠠ ᠨᠢ ᠪᠠᠷᠤᠭᠳᠠᠢ ᠪᠤᠯᠴᠢᠬᠠᠬᠤ ᠮᠦᠷᠳᠡᠬᠡᠨ ᠬᠠᠲᠠᠭᠤᠷᠠᠭᠠᠳ ᠮᠠᠯ ᠤᠨᠤᠭ᠎ᠠ ᠳ᠋ᠤ ᠠᠮᠠᠷᠬᠠᠨ ᠰᠢᠩᠭᠡᠭᠡᠭᠳᠡᠬᠦ ᠦᠬᠡᠢ ᠪᠤᠯᠴᠢᠬᠠᠳᠠᠭ᠃ ᠦᠡᠭᠭᠡᠷᠡᠭᠰᠡᠨ ᠳ᠋ᠤ ᠲᠡᠳᠡ ᠵᠦᠪᠬᠡᠨ ᠲᠤᠷᠰᠢᠯᠭ᠎ᠠ ᠪᠠᠨ ᠦᠨᠳᠤᠰᠤᠯᠡᠨ ᠬᠠᠳᠤᠵᠤ ᠬᠤᠷᠢᠶᠠᠬᠤ ᠴᠠᠭ ᠵᠢᠡᠨ ᠲᠤᠬᠢᠷᠠᠭᠤᠯᠵᠤ᠂ ᠴᠠᠭ ᠠᠭᠤᠷ ᠤ᠋ᠨ ᠪᠠᠢᠳᠠᠯ ᠢ᠋ ᠪᠦᠳᠦᠮᠵᠢᠳᠠᠢ ᠡᠵᠡᠮᠳᠡᠵᠤ ᠲᠡᠢᠯᠦᠭᠰᠡᠨ ᠦᠬᠡᠢ ᠡᠴᠡ ᠬᠡᠳᠤ ᠤᠳᠠᠭ᠎ᠠ ᠬᠤᠬᠢᠷᠠᠯ ᠳ᠋ᠤ ᠤᠴᠠᠷᠠᠵᠤ ᠦᠩᠬᠡᠷᠡᠵᠠᠢ᠃
《ᠰᠦᠯ ᠰᠠᠢᠲᠠᠢ ᠲᠡᠵᠢᠭᠡᠯ ᠡᠪᠡᠰᠦᠨ ᠤ᠋ ᠸᠠᠩ》 ᠬᠡᠮᠡᠭᠳᠡᠭᠰᠡᠨ ᠴᠠᠷᠭᠠᠰᠤ ᠪᠤᠯ ᠥᠪᠥᠷ ᠮᠣᠩᠭᠣᠯ ᠤ᠋ᠨ ᠮᠠᠯ ᠠᠵᠤ ᠠᠬᠤᠢ ᠵᠢᠨ ᠴᠢᠨᠠᠷ ᠰᠠᠢᠳᠠᠢ ᠬᠥᠭ᠌ᠵᠢᠯᠲᠡᠶ᠋ᠢᠨ ᠴᠢᠬᠤᠯᠠ ᠰᠠᠭᠤᠷᠢ ᠪᠤᠯᠬᠤ ᠪᠦᠭᠡᠳ ᠪᠦᠬᠦ ᠤᠷᠤᠨ᠂ ᠴᠢᠨᠠᠭᠰᠢᠯᠠᠪᠠᠯ ᠪᠦᠬᠦ ᠤᠯᠤᠰ ᠤ᠋ᠨ ᠡᠪᠡᠰᠦᠨ ᠤ᠋ ᠠᠵᠤ ᠦᠢᠯᠡᠰ ᠤ᠋ᠨ ᠭᠤᠤᠯ ᠲᠤᠯᠭᠠᠭᠤᠷᠢᠯᠠᠯ ᠪᠤᠯᠵᠠᠢ᠃ ᠬᠡᠪᠡᠴᠦ ᠲᠡᠷᠡ ᠨᠢ ᠮᠠᠰᠢ ᠬᠡᠪᠡᠷᠡᠭ ᠪᠠᠢᠵᠤ᠂ ᠬᠠᠪᠤᠷ ᠤ᠋ᠨ ᠬᠦᠢᠳᠡᠨ᠂ ᠨᠠᠮᠤᠷ ᠤ᠋ᠨ ᠬᠢᠷᠠᠭᠤ᠂ ᠱᠠᠯᠪᠠᠭ ᠪᠠᠯᠴᠢᠭ᠂ ᠭᠠᠩ ᠬᠠᠭᠰᠠᠷᠠᠭᠠᠨ ᠢ᠋ ᠲᠠᠭᠠᠭᠠᠬᠤ ᠦᠬᠡᠢ᠂ ᠵᠠᠪᠠᠯ 《ᠦᠶᠦᠭ ᠲᠠᠪᠠᠳᠠᠢ》 ᠨᠦᠬᠦᠴᠡᠯ ᠳ᠋ᠤ 《ᠦᠬᠦᠬᠡᠷᠳᠡᠨ ᠪᠤᠢᠵᠢᠭᠤᠯᠬᠤ》 ᠴᠢᠬᠤᠯᠠ ᠲᠠᠢ ᠶᠤᠮ᠃ ᠵᠢᠱ᠌ᠢᠶᠡᠯᠡᠪᠡᠯ ᠬᠠᠳᠤᠵᠤ ᠬᠤᠷᠢᠶᠠᠬᠤ ᠦᠶᠡᠰ ᠪᠤᠷᠤᠭᠠᠨ ᠳ᠋ᠤ ᠪᠠᠭ᠎ᠠ ᠰᠠᠭ᠎ᠠ ᠨᠤᠷᠤᠭᠳᠠᠭᠰᠠᠭᠠᠷ ᠰᠢᠮ᠎ᠠ ᠨᠢ ᠬᠤᠷᠤᠭᠳᠠᠭᠠᠳ ᠠᠵᠤ ᠠᠬᠤᠢ ᠵᠢᠨ ᠦᠷᠳᠡᠭ ᠨᠢ ᠲᠤᠤᠷ᠎ᠠ ᠪᠠᠨ ᠲᠤᠨ ᠪᠦᠷᠢ ᠳ᠋ᠤ 300 ᠭᠠᠷᠤᠢ ᠲᠦᠬᠦᠷᠢᠭ ᠪᠠᠭᠤᠷᠠᠴᠢᠬᠠᠳᠠᠭ᠃ ᠥᠩᠭᠡᠷᠡᠭ᠌ᠰᠡᠨ ᠳ᠋ᠤ ᠬᠦᠮᠦᠰ ᠲᠩᠷᠢ ᠶ᠋ᠢᠨ ᠴᠢᠷᠠᠢ ᠵᠢ ᠬᠠᠷᠠᠵᠤ ᠴᠠᠷᠭᠠᠰᠤ ᠲᠠᠷᠢᠵᠤ ᠬᠤᠷᠢᠶᠠᠳᠠᠭ ᠪᠤᠯᠬᠤᠷ ᠤᠷᠭᠤᠯᠳᠠ ᠵᠢᠨ ᠪᠦᠬᠦ ᠦᠶᠡᠯᠡᠯ ᠤ᠋ᠨ ᠬᠤᠭᠤᠴᠠᠭᠠᠨ ᠳ᠋ᠤᠨᠢ ᠬᠢᠴᠢᠶᠡᠬᠦ ᠦᠬᠡᠢ ᠪᠤᠯᠤᠭᠰᠠᠭᠠᠷ ᠬᠤᠬᠢᠷᠠᠯ ᠰᠤᠢᠳᠤᠯ ᠳ᠋ᠤ ᠤᠴᠠᠷᠠᠳᠠᠭ ᠪᠠᠢᠵᠠᠢ᠃
ᠤᠳᠤ ᠮᠠᠨ ᠤ᠋ ᠤᠷᠤᠨ ᠲᠣᠭᠠᠴᠢᠯᠠᠭ᠍ᠰᠠᠨ ᠴᠠᠭ ᠠᠭᠤᠷ ᠤ᠋ᠨ ᠮᠡᠷᠭᠡᠵᠢᠯ ᠳ᠋ᠤ ᠲᠦᠰᠢᠭᠯᠡᠨ ᠴᠠᠷᠭᠠᠰᠤ ᠲᠠᠷᠢᠵᠤ ᠬᠤᠷᠢᠶᠠᠬᠤ ᠤᠯᠠᠮᠵᠢᠯᠠᠯᠲᠤ ᠵᠠᠭ᠍ᠪᠤᠷ ᠢ᠋ ᠲᠤᠢᠯᠪᠤᠷᠢᠲᠠᠶ ᠥᠭᠡᠷᠡᠴᠢᠯᠡᠵᠤ᠂ ᠪᠦᠬᠦ ᠤᠷᠤᠨ ᠤ᠋ ᠵᠠᠭᠤᠨ ᠲᠦᠮᠡᠨ ᠮᠦ᠍ ᠴᠠᠷᠭᠠᠰᠤ ᠨᠢᠬᠡᠨᠳᠡ 《ᠡᠬᠦᠯᠡᠨ ᠲᠠᠷᠢᠶᠠᠯᠠᠭ᠎ᠠ》 ᠵᠢᠨ ᠰᠢᠨ᠎ᠠ ᠡᠷᠢᠨ ᠳ᠋ᠤ ᠤᠷᠤᠪᠠ᠃ 《ᠤᠢᠷ᠎ᠠ ᠵᠢᠨ ᠵᠢᠯ ᠳ᠋ᠤ ᠬᠦᠬᠡᠬᠤᠳᠠ ᠪᠡᠷ ᠵᠢᠱ᠌ᠢᠶᠠ ᠦᠵᠡᠬᠦᠯᠦᠭᠰᠡᠨ ᠰᠠᠭᠤᠷᠢᠨ ᠲᠠᠬᠡᠷ᠎ᠠ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ 〈ᠲᠤᠭᠠᠴᠢᠯᠠᠭᠰᠠᠨ ᠴᠠᠭ ᠠᠭᠤᠷ + ᠭᠠᠮᠰᠢᠭ ᠤ᠋ᠨ ᠰᠡᠷᠬᠡᠢᠯᠡᠯᠳᠡ + ᠤᠶᠤᠨᠳᠤ ᠤᠰᠤᠯᠠᠯᠳᠠ + ᠤᠷᠭᠤᠯᠳᠠ ᠵᠢᠨ ᠬᠡᠮᠵᠢᠯᠳᠡ〉 ᠪᠡᠷ ᠡᠪᠡᠰᠤᠨ ᠤ᠋ ᠦᠶ᠋ᠯᠡᠰ ᠤ᠋ᠨ ᠬᠥᠭ᠌ᠵᠢᠯᠲᠡ ᠢ᠋ᠢᠨ ᠡᠪᠡᠷᠱᠢᠶᠡᠯ ᠤ᠋ᠨ ᠠᠰᠠᠭᠤᠳᠠᠯ ᠢ᠋ ᠰᠢᠢᠳᠪᠤᠷᠢᠯᠡᠵᠤ᠂ ᠪᠦᠬᠦ ᠤᠷᠤᠨ ᠤ᠋ ᠵᠠᠭᠤᠨ ᠲᠦᠮᠡᠨ ᠮᠦ᠍ ᠲᠠᠷᠢᠮᠠᠯ ᠴᠠᠷᠭᠠᠰᠤ ᠳ᠋ᠤ ᠲᠤᠭᠠᠴᠢᠯᠠᠬᠰᠠᠨ ᠴᠠᠭ ᠠᠭᠤᠷ ᠤ᠋ᠨ ᠦᠢᠯᠡᠴᠢᠯᠡᠭᠡ ᠵᠢ ᠪᠦᠷᠬᠦᠬᠦᠯᠪᠡ》 ᠬᠡᠵᠤ ᠬᠦᠬᠡᠬᠤᠳᠠ ᠵᠢᠨ ᠴᠠᠭ ᠠᠭᠤᠷ ᠤ᠋ᠨ ᠲᠤᠪᠴᠢᠶ᠎ᠠ ᠵᠢᠨ ᠲᠡᠳ᠋ ᠲᠠᠷᠤᠭ᠎ᠠ ᠹᠠᠨ ᠪᠢᠨ ᠶᠠᠷᠢᠨ᠎ᠠ᠃ ᠲᠡᠬᠦᠨ ᠤ᠋ ᠬᠡᠯᠡᠬᠦ ᠪᠡᠷ᠂ ᠮᠠᠨ ᠤ᠋ ᠤᠷᠤᠨ ᠲᠠᠷᠢᠮᠠᠯ ᠴᠠᠷᠭᠠᠰᠤ ᠵᠢᠨ ᠭᠠᠮᠱᠢᠭ ᠢ᠋ ᠤᠷᠢᠳᠴᠢᠯᠠᠨ ᠰᠡᠷᠡᠮᠵᠢᠯᠡᠭᠦᠯᠬᠦ᠌ ᠣᠨᠣᠪᠴᠢ ᠶ᠋ᠢᠨ ᠬᠡᠮᠵᠢᠶ᠎ᠠ ᠶ᠋ᠢ 60% ᠪᠠᠢᠭ᠍ᠰᠠᠨ ᠡᠴᠡ 85% ᠪᠣᠯᠭᠠᠨ ᠳᠡᠭᠡᠭ᠌ᠰᠢᠯᠡᠭᠦᠯᠵᠦ᠍᠂ ᠴᠠᠭ ᠠᠭᠤᠷ ᠤ᠋ᠨ ᠭᠠᠮᠰᠢᠭ ᠢ᠋ 7 ᠡᠳᠦᠷ ᠦ᠋ᠨ ᠡᠮᠦᠨ᠎ᠡ ᠤᠷᠢᠳᠴᠢᠯᠠᠨ ᠮᠠᠭᠠᠳᠯᠠᠵᠤ ᠲᠡᠢᠯᠬᠦ ᠪᠤᠯᠵᠠᠢ᠃ ᠪᠠᠰᠠ 96 ᠴᠠᠭ ᠤ᠋ᠨ ᠲᠤᠳᠤᠷᠠᠬᠢ ᠬᠠᠳᠤᠵᠤ ᠬᠤᠷᠢᠶᠠᠬᠤ ᠬᠠᠮᠤᠭ ᠤ᠋ᠨ ᠰᠠᠢᠨ ᠴᠣᠩᠬᠣᠪᠴᠢ ᠢ᠋ᠢᠨ ᠬᠤᠭᠤᠴᠠᠭ᠎ᠠ ᠶ᠋ᠢ ᠨᠠᠷᠢᠨ ᠤᠨᠤᠴᠠᠳᠠᠢ ᠪᠡᠷ ᠵᠢᠱ᠌ᠢᠵᠦ ᠪᠤᠯᠬᠤ ᠨᠤᠷᠮ᠎ᠠ ᠶ᠋ᠢ 85% ᠪᠣᠯᠭᠠᠨ ᠳᠡᠭᠡᠭᠰᠢᠯᠡᠭᠦᠯᠵᠦ᠂ ᠲᠠᠷᠢᠮᠠᠯ ᠴᠠᠷᠭᠠᠰᠤ ᠵᠢ ᠬᠠᠮᠤᠭ ᠤ᠋ᠨ ᠲᠤᠬᠢᠷᠠᠮᠵᠢᠳᠠᠢ ᠴᠠᠭ ᠲᠤᠨᠢ ᠬᠠᠳᠤᠵᠤ ᠬᠤᠷᠢᠶᠠᠬᠤ ᠵᠢ ᠪᠠᠳᠤᠯᠠᠬᠤ ᠵᠢᠨ ᠤᠯᠠᠮ ᠵᠢᠡᠷ ᠪᠦᠳᠦᠭᠦᠯᠢᠭ ᠤᠭᠤᠷᠠᠭ ᠤ᠋ᠨ ᠠᠭᠤᠯᠤᠭ᠍ᠳᠠᠴᠠ ᠶ᠋ᠢ ᠨᠢ ᠪᠠᠳᠤᠯᠠᠵᠤ᠂ ᠨᠢᠬᠡᠨᠳᠡ ᠣᠯᠠᠨ ᠤᠯᠤᠰ ᠤ᠋ᠨ ᠲᠡᠷᠢᠭᠦᠨ ᠤ᠋ ᠪᠠᠷᠢᠮᠵᠢᠶ᠎ᠠ ᠳ᠋ᠤ ᠬᠦᠷᠬᠡᠪᠡ᠃
ᠲᠣᠭᠠᠴᠢᠯᠠᠭ᠍ᠰᠠᠨ ᠴᠠᠭ ᠠᠭᠤᠷ ᠤ᠋ᠨ ᠦᠢᠯᠡᠴᠢᠯᠡᠭᠡ ᠨᠢ ᠦᠪᠤᠷ ᠮᠤᠩᠭᠤᠯ ᠤ᠋ᠨ ᠴᠠᠷᠭᠠᠰᠤ ᠲᠠᠷᠢᠬᠤ ᠦᠢᠯᠡᠰ ᠢ᠋ ᠰᠠᠨᠠᠭᠠᠴᠢᠯᠠᠭᠠᠲᠤ ᠪᠤᠰᠤ ᠪᠠᠷ ᠴᠠᠭ ᠠᠭᠤᠷ ᠤ᠋ᠨ ᠭᠠᠮᠱᠢᠭ ᠲᠠᠶ ᠲᠡᠮᠡᠴᠡᠵᠦ᠍ ᠪᠠᠢᠭ᠍ᠰᠠᠨ ᠡᠴᠡ ᠰᠠᠨᠠᠭᠠᠴᠢᠯᠠᠭ᠎ᠠ ᠲᠠᠢ ᠪᠡᠷ ᠴᠠᠭ ᠠᠭᠤᠷ ᠤ᠋ᠨ ᠭᠠᠮᠱᠢᠭ ᠢ᠋ ᠤᠷᠢᠳᠴᠢᠯᠠᠨ ᠰᠡᠷᠬᠡᠢᠯᠡᠬᠦ ᠰᠢᠨ᠎ᠠ ᠳᠠᠪᠠᠯᠲᠠ ᠳ᠋ᠤ ᠬᠦᠷᠬᠡᠪᠡ᠃ ᠴᠠᠭ ᠠᠭᠤᠷ ᠤ᠋ᠨ ᠪᠥᠬᠥ᠌ ᠬᠠᠷᠠᠭᠠᠰᠦ ᠶ᠋ᠢᠨ ᠪᠣᠰᠣᠭ᠎ᠠ ᠴᠣᠭ᠍ᠴᠠᠲᠤ ᠬᠢᠨᠠᠨ ᠬᠡᠮᠵᠢᠯᠳᠡ ᠵᠢᠨ ᠲᠤᠤᠷ ᠨᠢ ᠴᠠᠷᠭᠠᠰᠦ ᠶ᠋ᠢᠨ ᠤᠷᠭᠤᠯᠳᠠ ᠶ᠋ᠢ ᠪᠦᠳᠤᠨ ᠡᠳᠦᠷ ᠶ᠋ᠢᠡᠷ ᠰᠠᠬᠢᠨ ᠬᠠᠮᠠᠭᠠᠯᠠᠵᠤ᠂ ᠠᠯᠤᠰ ᠰᠡᠷᠡᠯ ᠤ᠋ᠨ ᠳᠠᠭᠠᠭᠤᠯᠢ ᠣᠳᠣ᠂ ᠵᠢᠯᠣᠭᠣᠴᠢ ᠥᠬᠡᠶ ᠨᠢᠰᠭᠡᠯ ᠪᠤᠯᠤᠨ ᠭᠠᠵᠠᠷ ᠳᠡᠭᠡᠷᠡᠬᠢ ᠴᠠᠭ ᠠᠭᠤᠷ ᠤ᠋ᠨ ᠥᠷᠲᠡᠭᠡ ᠶ᠋ᠢᠨ ᠠᠪᠤᠭᠰᠠᠨ ᠣᠯᠠᠨ ᠡᠰᠢᠳᠤ ᠲᠣᠭ᠎ᠠ ᠪᠠᠷᠢᠮᠲᠠ ᠶ᠋ᠢ ᠠᠭᠤᠰᠤᠯᠴᠠᠭᠤᠯᠤᠨ᠂ ᠲᠠᠷᠢᠮᠠᠯ ᠴᠠᠷᠭᠠᠰᠤ ᠵᠢᠨ ᠤᠷᠭᠤᠯᠳᠠ ᠵᠢ ᠪᠥᠳᠤᠨ ᠡᠳᠦᠷ ᠶ᠋ᠢᠡᠷ᠂ ᠰᠠᠨᠲ᠋ᠢᠮᠧᠲ᠋ᠷ ᠦ᠋ᠨ ᠲᠠᠰ ᠶ᠋ᠢᠡᠷ ᠨᠠᠷᠢᠨ ᠣᠨᠣᠴᠠᠲᠠᠶ ᠬᠢᠨᠠᠨ ᠬᠡᠮᠵᠢᠬᠦ ᠪᠤᠯᠵᠠᠢ᠃ ᠡᠭᠦᠨ ᠤ᠋ ᠬᠠᠮᠳᠤ ᠲᠤᠭᠠᠴᠢᠯᠠᠭᠰᠠᠨ ᠴᠠᠭ ᠠᠭᠤᠷ ᠪᠠ ᠤᠶᠤᠨᠳᠤ ᠤᠰᠤᠯᠠᠯᠳᠠ ᠵᠢᠨ ᠢᠭᠡᠷᠠ ᠴᠤᠭᠴᠠ ᠶ᠋ᠢᠨ ᠮᠡᠷᠭᠡᠵᠢᠯ ᠤ᠋ᠨ ᠱᠢᠰᠲ᠋ᠧᠮ ᠨᠢ ᠴᠠᠷᠭᠠᠰᠤ ᠵᠢᠨ ᠲᠠᠷᠢᠶᠠᠨ ᠤ᠋ ᠬᠡᠷᠡᠭ᠌ᠴᠡᠭᠡ ᠱᠠᠭᠠᠷᠳᠠᠯᠭ᠎ᠠ ᠶᠣᠰᠣᠭᠠᠷ ᠤᠨᠢᠨ ᠲᠠᠬᠡᠷ᠎ᠠ ᠨᠢ ᠤᠰᠤ ᠪᠣᠷᠲᠣᠭᠣᠷ ᠣᠷᠣᠭᠤᠯᠬᠤ ᠪᠤᠯᠤᠬᠰᠠᠨ ᠡᠴᠡ ᠤᠰᠤ ᠠᠷᠪᠢᠯᠠᠬᠤ ᠨᠤᠷᠮ᠎ᠠ ᠨᠢ ᠪᠦᠬᠦᠯᠢ ᠴᠣᠭ᠍ᠴᠠ ᠪᠠᠷ ᠶ᠋ᠢᠡᠨ 30% ᠶ᠋ᠢ ᠳᠠᠪᠠᠵᠤ᠂ ᠤᠰᠤᠨ ᠤ᠋ ᠡᠬᠢ ᠪᠠᠶᠠᠯᠢᠭ ᠤ᠋ᠨ ᠠᠰᠢᠭᠯᠠᠮᠵᠢ ᠶ᠋ᠢ ᠳᠠᠬᠢᠨ ᠶ᠋ᠢᠡᠷ ᠨᠡᠮᠡᠭ᠌ᠳᠡᠭᠦᠯᠤᠨ᠂ ᠮᠥ᠍ ᠪᠦᠷᠢ ᠶ᠋ᠢᠨ ᠥᠪᠡᠷᠦᠨ ᠥᠷᠲᠡᠭ ᠢ᠋ ᠱᠢᠭᠤᠳ 260 ᠲᠥᠭᠥᠷᠢᠭ ᠪᠠᠭᠤᠷᠠᠭᠤᠯᠵᠤ᠂ ᠲᠠᠷᠢᠮᠠᠯ ᠴᠠᠷᠭᠠᠰᠤ ᠶ᠋ᠢᠨ ᠤᠨᠠᠯᠲᠠ ᠨᠢ ᠳᠤᠤᠷ᠎ᠠ᠂ ᠬᠣᠷᠣᠭ᠍ᠳᠠᠭᠤᠯᠤᠯ ᠨᠢ ᠶᠡᠬᠡ᠂ ᠥᠪᠡᠷ ᠤ᠋ᠨ ᠥᠷᠲᠡᠭ ᠨᠢ ᠥᠨᠳᠥᠷ ᠪᠠᠢᠬᠤ ᠬᠦᠨᠳᠡᠭᠦᠷ ᠠᠰᠠᠭᠤᠳᠠᠯ ᠢ᠋ ᠪᠦᠲᠦᠮᠵᠢᠳᠠᠢ ᠱᠢᠶ᠋ᠳᠪᠦᠷᠢᠯᠡᠭᠰᠡᠨ ᠪᠠᠢᠨ᠎ᠠ᠃
ᠮᠠᠨ ᠤ᠋ ᠤᠷᠤᠨ ᠡᠨᠡ ᠵᠢᠯ ᠱᠢᠨ᠎ᠡ ᠪᠡᠷ 10 ᠲᠦᠮᠡᠨ ᠮᠥ᠍ ᠴᠠᠷᠭᠠᠰᠤ ᠳᠠᠷᠢᠵᠤ᠂ ᠪᠦᠬᠦ ᠤᠷᠤᠨ ᠤ᠋ ᠲᠠᠷᠢᠮᠠᠯ ᠴᠠᠷᠭᠠᠰᠤ ᠶ᠋ᠢᠨ ᠲᠠᠯᠠᠪᠠᠶ ᠨᠢᠬᠡᠨᠳᠡ 200 ᠲᠦᠮᠡᠨ ᠮᠥ᠍ ᠶ᠋ᠢ ᠳᠠᠪᠠᠵᠠᠢ᠃ ᠲᠤᠭᠠᠴᠢᠯᠠᠬᠰᠠᠨ ᠴᠠᠭ ᠠᠭᠤᠷ ᠤ᠋ᠨ ᠦᠢᠯᠡᠴᠢᠯᠡᠭᠡ ᠨᠢ ᠲᠠᠷᠢᠮᠠᠯ ᠴᠠᠷᠭᠠᠰᠤ ᠵᠢ 《ᠡᠬᠦᠯᠡᠨ ᠲᠠᠷᠢᠶᠠᠯᠠᠭ᠎ᠠ》 ᠵᠢᠨ ᠰᠢᠨ᠎ᠠ ᠡᠷᠢᠨ ᠳ᠋ᠤ ᠤᠷᠤᠭᠤᠯᠬᠤ ᠵᠢᠨ ᠤᠯᠠᠮ ᠵᠢᠡᠷ ᠥᠪᠥᠷ ᠮᠣᠩᠭᠣᠯ ᠤ᠋ᠨ ᠮᠠᠯ ᠠᠵᠤ ᠠᠬᠤᠢ ᠲᠠᠷᠢᠶᠠᠯᠠᠩ ᠤ᠋ᠨ ᠬᠡᠯᠪᠡᠷᠢ ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠵᠢ ᠲᠦᠷᠬᠡᠳᠬᠡᠨ ᠠᠬᠢᠭᠤᠯᠵᠤ᠂ ᠲᠡᠵᠢᠭᠡᠯ ᠡᠪᠡᠰᠦᠨ ᠤ᠋ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠪᠤᠯᠤᠨ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠪᠦᠳᠦᠬᠡᠨ ᠪᠠᠢᠭᠤᠯᠤᠯᠳᠠ ᠳ᠋ᠤ ᠬᠦᠴᠦᠳᠤ ᠡᠨ᠋ᠸᠷᠬᠢ ᠨᠡᠮᠡᠷᠢᠯᠡᠪᠡ᠃
ᠤᠳᠤᠬᠠᠨ ᠳ᠋ᠤ ᠶᠢᠦ ᠷᠠᠨ ᠮᠠᠯ ᠠᠵᠤ ᠠᠬᠤᠢ ᠵᠢᠨ ᠴᠡᠯᠡᠭᠡᠷ ᠲᠠᠯ᠎ᠠ ᠠᠮᠢ ᠠᠬᠤᠢ ᠵᠢᠨ ᠤᠶᠤᠨᠴᠢ ᠮᠠᠯᠵᠢᠯ ᠤ᠋ᠨ ᠲᠠᠯᠠᠪᠠᠢ ᠵᠢᠨ 4300 ᠮᠦ᠍ ᠲᠠᠷᠢᠮᠠᠯ ᠴᠠᠷᠭᠠᠰᠤ ᠶᠠᠭ ᠡᠨᠡ ᠵᠢᠯ ᠤ᠋ᠨ ᠬᠤᠶᠠᠳᠡᠬᠢ ᠡᠬᠡᠯᠵᠢ ᠵᠢᠨ ᠬᠠᠳᠤᠵᠤ ᠬᠤᠷᠢᠶᠠᠬᠤ ᠰᠢᠵᠢᠷ ᠠᠯᠳᠠᠨ ᠬᠤᠭᠤᠴᠠᠭᠠᠨ ᠳ᠋ᠤ ᠤᠷᠤᠵᠤ᠂ ᠲᠡᠷᠡ ᠨᠢ ᠶᠢᠦ ᠷᠠᠨ ᠮᠠᠯᠵᠢᠯ ᠤ᠋ᠨ ᠲᠠᠯᠠᠪᠠᠢ ᠵᠢᠨ ᠰᠠᠭᠠᠯᠢ ᠵᠢᠨ ᠦᠨᠢᠶᠡᠳ ᠤ᠋ᠨ ᠰᠢᠮ᠎ᠠ ᠰᠠᠢᠳᠠᠢ ᠨᠠᠷᠢᠨ ᠬᠦᠨᠡᠰᠤ ᠪᠤᠯᠵᠤ ᠪᠠᠢᠨ᠎ᠠ᠃ 《ᠲᠤᠭᠠᠴᠢᠯᠠᠬᠰᠠᠨ ᠴᠠᠭ ᠠᠭᠤᠷ ᠤ᠋ᠨ ᠦᠢᠯᠡᠴᠢᠯᠡᠭᠡ ᠲᠠᠢ ᠪᠤᠯᠤᠭᠰᠠᠨ ᠡᠴᠡ ᠬᠤᠬᠢᠷᠠᠯ ᠰᠤᠢᠳᠤᠯ ᠢ᠋ ᠤᠷᠢᠳᠴᠢᠯᠠᠨ ᠰᠡᠷᠭᠡᠢᠯᠡᠵᠤ ᠲᠡᠢᠯᠬᠦ ᠮᠦᠷᠳᠡᠭᠡᠨ ᠴᠠᠷᠭᠠᠰᠤ ᠵᠢᠨ ᠰᠢᠮ᠎ᠠ ᠲᠡᠵᠢᠭᠡᠯ ᠢ᠋ ᠴᠸ᠋ ᠬᠠᠮᠤᠭ ᠤ᠋ᠨ ᠶᠡᠭᠡ ᠬᠡᠮᠵᠢᠶ᠎ᠠ ᠪᠡᠷ ᠪᠠᠳᠤᠯᠠᠵᠤ ᠪᠤᠢ᠃ ᠬᠠᠷᠠᠯ ᠳ᠋ᠠ᠂ ᠡᠨᠡ ᠡᠪᠦᠳᠦᠭ ᠰᠢᠬᠦᠷᠤᠮᠠ ᠤᠷᠭᠤᠭᠰᠠᠨ ᠴᠠᠷᠭᠠᠰᠤ ᠵᠢᠨ ᠨᠠᠪᠴᠢ ᠨᠠᠮᠠᠭ᠎ᠠ ᠨᠢ ᠢᠭ᠍ᠴᠤ ᠰᠠᠬᠤᠯᠢᠭ᠋᠂ ᠥᠩᠭᠡ ᠨᠢ ᠨᠤᠮᠢᠨ ᠨᠣᠭᠣᠭᠠᠨ ᠪᠠᠢᠵᠦ᠂ ᠰᠣᠷᠭᠣᠭ ᠵᠥᠭᠡᠯᠡᠨ ᠡᠰᠢ ᠨᠠᠪᠴᠢᠨ ᠳ᠋ᠤᠨᠢ ᠰᠢᠮ᠎ᠡ ᠰᠢᠬᠦᠰᠤ ᠲᠦᠬᠦᠷᠡᠩ ᠰᠠᠭᠤᠴᠢᠬᠠᠭᠰᠠᠨ ᠨᠢ ᠢᠯᠡᠬᠡᠨ》 ᠬᠡᠵᠤ ᠸᠠᠡᠭ ᠶᠤᠸᠠᠢ ᠱᠸᠡᠭ ᠤᠷᠮᠠᠳᠠᠢ ᠬᠡᠯᠡᠨ᠎ᠠ᠃