ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠡᠴᠡ ᠵᠢᠯᠣᠭᠣᠳᠴᠤ᠌᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠡᠴᠡ ᠭᠣᠣᠯᠯᠠᠨ ᠡᠷᠬᠢᠯᠡᠭ᠌ᠰᠡᠨ ᠥᠪᠥᠷ ᠮᠣᠩᠭᠣᠯ᠎ᠤᠨ ᠱᠢᠨ᠎ᠡ ᠴᠠᠭ ᠦᠶ᠎ᠡ᠎ᠶ᠋ᠢᠨ ᠬᠤᠳᠠ᠎ᠶ᠋ᠢᠨ ᠦᠨᠳᠦᠰᠦᠲᠡᠨ᠎ᠦ ᠠᠵᠢᠯ᠎ᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃
ᠶᠠᠷᠢᠯᠴᠠᠬᠤ ᠬᠤᠷᠠᠯ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠪᠥᠬᠥ᠌ ᠣᠷᠣᠨ᠎ᠤ ᠡᠯ᠎ᠡ ᠭᠠᠵᠠᠷ᠎ᠤᠨ ᠱᠢᠨ᠎ᠡ ᠴᠠᠭ ᠦᠶ᠎ᠡ᠎ᠶ᠋ᠢᠨ ᠬᠣᠲᠠ᠎ᠶ᠋ᠢᠨ ᠦᠨᠳᠦᠰᠦᠲᠡᠨ᠎ᠦ ᠠᠵᠢᠯ᠎ᠢ ᠬᠠᠢᠨ ᠰᠦᠪᠡᠭ᠌ᠴᠢᠯᠡᠬᠦ᠌ ᠱᠢᠨ᠎ᠡ᠎ᠶ᠋ᠢ ᠡᠭᠦᠳᠬᠦ᠌ ᠠᠷᠭ᠎ᠠ ᠵᠠᠮ ᠪᠠ ᠬᠢᠯᠠᠰ ᠴᠡᠭ ᠠᠷᠭ᠎ᠠ ᠬᠢᠳᠡᠯ᠎ᠢ ᠳᠡᠯᠭᠡᠷᠡᠭᠦᠯᠦᠨ ᠰᠣᠯᠢᠯᠴᠠᠵᠤ᠂ ᠥᠪᠥᠷ ᠮᠣᠩᠭᠣᠯ᠎ᠤᠨ ᠬᠣᠲᠠ᠎ᠶ᠋ᠢᠨ ᠦᠨᠳᠦᠰᠦᠲᠡᠨ᠎ᠦ ᠠᠵᠢᠯ᠎ᠳᠤ ᠣᠷᠣᠱᠢᠵᠤ ᠪᠠᠢᠭ᠎ᠠ ᠬᠦᠴᠢᠷ ᠠᠰᠠᠭᠤᠳᠠᠯ᠎ᠢ ᠰᠤᠳᠤᠯᠤᠨ ᠱᠢᠶ᠋ᠳᠪᠦᠷᠢᠯᠡᠵᠤ᠂ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠡᠭᠦᠷᠭᠡ᠎ᠶ᠋ᠢ ᠲᠣᠬᠢᠷᠠᠭᠤᠯᠤᠨ ᠪᠠᠢᠷᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶᠬᠦᠭᠵᠢᠯᠳᠡᠳᠦ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠬᠦ᠌᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠠᠢ᠃
ᠶᠠᠷᠢᠯᠴᠠᠬᠤ ᠬᠤᠷᠠᠯ᠎ᠨᠢ ᠬᠡᠷᠡᠭ᠎ᠦᠨ ᠵᠢᠱ᠌ᠢᠶ᠎ᠡ᠎ᠶ᠋ᠢ ᠵᠠᠳᠠᠯᠬᠤ ᠬᠡᠯᠪᠡᠷᠢ᠎ᠪᠡᠷ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠨᠡᠢᠲᠡᠯᠢᠭ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤᠨ᠎ᠤ ᠱᠢᠨ ᠬᠣᠶ ᠪᠠᠯᠭᠠᠰᠤ᠎ᠶ᠋ᠢᠨ ᠪᠸᠢ ᠴᠧᠩ ᠱᠢᠨ᠎ᠡ ᠲᠣᠭᠣᠷᠢᠭ᠎ᠤᠨ ᠨᠡᠢᠭᠡᠮ ᠲᠣᠭᠣᠷᠢᠭ ᠪᠠ ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤᠨ᠎ᠤ ᠪᠠ ᠭᠤᠸ᠎ᠠ ᠴᠢᠤᠸᠠᠨ ᠨᠡᠢᠭᠡᠮ ᠲᠣᠭᠣᠷᠢᠭ᠎ᠤᠨ ᠬᠢᠨ ᠲᠤᠷᠱᠢᠯᠭ᠎ᠠ᠎ᠪᠠᠨ ᠬᠤᠪᠢᠶᠠᠯᠴᠠᠵᠠᠢ; ᠬᠥᠬᠡᠬᠣᠲᠠ᠂ ᠪᠤᠭᠤᠲᠤ᠂ ᠦᠬᠠᠶ ᠬᠣᠲᠠ ᠵᠢᠴᠢ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠂ ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤ ᠵᠡᠷᠭᠡ ᠭᠠᠵᠠᠷ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠦᠷ᠎ᠡ ᠪᠦᠲᠦᠭᠡᠯ᠎ᠢ ᠲᠠᠨᠢᠯᠴᠠᠭᠤᠯᠪᠠ; ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠵᠤᠷᠭᠠᠨ᠎ᠤ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠤᠨ ᠭᠠᠵᠠᠷ᠎ᠦᠨ ᠬᠠᠷᠢᠭᠤᠴᠠᠯᠭᠠᠲᠠᠨ ᠲᠤᠬᠠᠶ᠎ᠶ᠋ᠢᠨ ᠭᠠᠵᠠᠷ᠎ᠤᠨ ᠦᠵᠡᠭᠦᠯᠭᠡ᠎ᠶ᠋ᠢᠨ ᠴᠡᠭ᠎ᠦᠨ ᠣᠷᠣᠨ ᠪᠠᠢᠷᠢ᠎ᠳᠤ ᠦᠨᠡᠯᠡᠯᠲᠡ ᠬᠢᠵᠦ᠍᠂ ᠲᠤᠰᠭᠠᠶ ᠮᠡᠷᠭᠡᠵᠢᠯᠲᠡᠨ ᠡᠷᠳᠡᠮᠲᠡᠳ ᠱᠢᠯᠢᠳᠡᠭ ᠬᠡᠷᠡᠭ᠎ᠦᠨ ᠵᠢᠱ᠌ᠢᠶ᠎ᠡ᠎ᠳᠦ ᠵᠠᠳᠠᠯᠤᠯᠲᠠ ᠦᠨᠡᠯᠡᠯᠲᠡ ᠬᠢᠵᠦ᠍᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠰᠤᠷᠤᠯᠴᠠᠭ᠍ᠰᠠᠨ ᠣᠯᠤᠯᠲᠠ ᠲᠥᠷᠥᠭ᠌ᠳᠡᠯ᠎ᠢᠶᠡᠨ ᠰᠣᠯᠢᠯᠴᠠᠪᠠ᠃
ᠬᠤᠷᠠᠯ᠎ᠡᠴᠡ᠂ ᠬᠤᠳᠠ᠎ᠶ᠋ᠢᠨ ᠦᠨᠳᠦᠰᠦᠲᠡᠨ᠎ᠦ ᠠᠵᠢᠯ᠎ᠤᠨ ᠴᠢᠬᠤᠯᠠ ᠠᠴᠢ ᠬᠣᠯᠪᠣᠭ᠍ᠳᠠᠯ᠎ᠤᠨ ᠲᠤᠬᠠᠢ ᠣᠢᠯᠠᠭᠠᠯᠲᠠ ᠲᠠᠨᠢᠯᠲᠠ᠎ᠪᠠᠨ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠬᠤᠳᠠ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ᠎ᠢᠶᠠᠨ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ; ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠪᠠᠢᠳᠠᠯ ᠪᠠ ᠵᠢᠮ᠎ᠡ ᠶᠣᠰᠣ᠎ᠶ᠋ᠢ ᠭᠦᠨᠵᠡᠭᠡᠶ ᠡᠵᠡᠮᠱᠢᠨ᠂ ᠣᠷᠣᠨ ᠪᠦᠰᠡ᠎ᠶ᠋ᠢᠨ ᠪᠣᠳᠠᠲᠤ ᠪᠠᠢᠳᠠᠯ ᠪᠠ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠲᠠᠶ ᠪᠠᠨ ᠤᠶᠠᠯᠳᠤᠭᠤᠯᠵᠤ᠂ ᠡᠭᠦᠷᠭᠡ ᠴᠢᠳᠠᠪᠬᠢ᠎ᠶ᠋ᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠤᠨ᠂ ᠬᠣᠲᠠ᠎ᠶ᠋ᠢᠨ ᠦᠨᠳᠦᠰᠦᠲᠡᠨ᠎ᠦ ᠠᠵᠢᠯ ᠬᠢᠭᠡᠳ ᠨᠡᠢᠭᠡᠮ᠎ᠦᠨ ᠰᠡᠳᠭᠢᠴᠡ᠎ᠶ᠋ᠢᠨ ᠨᠡᠢᠯᠡᠯ ᠴᠡᠭ᠂ ᠣᠳᠣᠬᠢᠴᠢᠯᠠᠯᠲᠠ᠎ᠶ᠋ᠢᠨ ᠠᠬᠢᠴᠠ᠎ᠶ᠋ᠢᠨ ᠬᠠᠮᠲᠤ ᠵᠢᠨ ᠶᠠᠷᠢᠯᠴᠠᠭᠠᠨ ᠤ᠋ ᠴᠡᠭ᠂ ᠣᠯᠠᠨ ᠲᠦᠮᠡᠨ᠎ᠦ ᠲᠣᠰ ᠪᠡᠶ᠎ᠡ᠎ᠶ᠋ᠢᠨ ᠠᠱᠢᠭ ᠲᠤᠰᠠ᠎ᠯᠤᠭ᠎ᠠ᠎ᠶ᠋ᠢᠨ ᠤᠶᠠᠯᠳᠤᠯ᠎ᠤᠨ ᠴᠡᠭ᠎ᠢ ᠡᠵᠡᠮᠳᠡᠵᠦ᠍᠂ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠦᠶ᠋ᠯᠡᠳᠦᠯᠭᠡ᠎ᠶ᠋ᠢᠨ ᠠᠷᠭ᠎ᠠ ᠵᠠᠮ ᠪᠠ ᠠᠷᠭ᠎ᠠ ᠬᠡᠮᠵᠢᠶ᠎ᠡ᠎ᠶ᠋ᠢᠨ ᠱᠢᠨ᠎ᠡ᠎ᠶ᠋ᠢ ᠡᠭᠦᠳᠬᠦ᠌ ᠬᠡᠷᠡᠭ᠌ᠲᠡᠶ; ᠱᠢᠨ᠎ᠡ ᠴᠠᠭ ᠦᠶ᠎ᠡ᠎ᠶ᠋ᠢᠨ ᠬᠤᠲᠠ᠎ᠶ᠋ᠢᠨ ᠦᠨᠳᠦᠰᠦᠲᠡᠨ᠎ᠦ ᠠᠵᠢᠯ᠎ᠤᠨ ᠦᠯᠢᠭᠡᠷ᠎ᠢ ᠰᠠᠢᠲᠤᠷ ᠶᠠᠷᠢᠵᠤ᠂ ᠱᠢᠨ᠎ᠡ ᠴᠠᠭ ᠦᠶ᠎ᠡ᠎ᠶ᠋ᠢᠨ ᠬᠤᠲᠠ᠎ᠶ᠋ᠢᠨ ᠦᠨᠳᠦᠰᠦᠲᠡᠨ᠎ᠦ ᠠᠵᠢᠯ᠎ᠤᠨ ᠲᠦᠷᠦᠯ ᠲᠡᠮᠳᠡᠭ᠎ᠢ ᠢᠳᠡᠪᠬᠢᠲᠡᠢ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠳᠤᠮᠳᠠᠬᠢ ᠥᠪᠥᠷ ᠮᠣᠩᠭᠣᠯ᠎ᠤᠨ ᠠᠮᠢᠳᠤᠯᠢᠭ ᠦᠢᠯᠡᠳᠦᠯᠭᠡ ᠪᠠ ᠢᠳᠡᠪᠬᠢᠲᠡᠢ ᠬᠤᠪᠢ ᠨᠡᠮᠡᠷᠢ᠎ᠶ᠋ᠢ ᠭᠦᠢᠴᠡᠳ ᠢᠯᠡᠷᠡᠭᠦᠯᠬᠦ᠌ ᠬᠡᠷᠡᠭ᠌ᠲᠡᠢ ᠬᠡᠵᠤ ᠱᠠᠭᠠᠷᠲᠠᠵᠠᠢ᠃