ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ ᠬᠢᠭᠡᠳ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠳᠦ ᠦᠢᠯᠡᠴᠢᠯᠡᠬᠦ᠎ᠶᠢᠨ ᠲᠥᠯᠥᠭᠡ᠂ ᠬᠥᠬᠡᠬᠣᠲᠠ᠎ᠶᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠪᠣᠭᠣᠮᠲᠠ᠎ᠶᠢᠨ ᠡᠭᠡᠯᠵᠢ᠎ᠶᠢᠨ ᠨᠢᠰᠬᠡᠯ᠎ᠦᠨ ᠪᠠᠢᠳᠠᠯ᠎ᠢ ᠦᠨᠳᠦᠰᠦᠯᠡᠨ᠂ ᠨᠠᠷᠢᠯᠢᠭ ᠤᠨᠤᠴᠠᠳᠠᠢ ᠦᠨᠳᠦᠷ ᠪᠦᠳᠦᠮᠵᠢᠳᠡᠢ ᠦᠢᠯᠡᠴᠢᠯᠡᠭᠡ ᠪᠡᠷ ᠳᠤᠮᠳᠠᠳᠤ ᠺᠣᠷᠢᠶᠠ᠎ᠶᠢᠨ ᠣᠯᠠᠨ ᠵᠤᠷᠪᠤᠰ ᠠᠶᠠᠯᠠᠯ᠎ᠤᠨ ᠱᠤᠭᠤᠮ᠎ᠢ ᠰᠢᠨ᠎ᠡ᠎ᠪᠡᠷ ᠨᠡᠭᠡᠭᠡᠬᠦ ᠪᠠ ᠠᠶᠠᠯᠠᠯ ᠰᠡᠷᠭᠦᠭᠡᠬᠦ ᠳ᠋ᠤᠪᠠᠳᠤᠯᠠᠭᠠ ᠬᠠᠡᠭᠭᠠᠵᠤ ᠪᠠᠢᠨ᠎ᠠ᠃
6 ᠰᠠᠷ᠎ᠠ᠎ᠶᠢᠨ 21 ᠤ᠋ ᠥᠷᠯᠥᠭᠡ᠂ ᠳᠧ ᠸᠧᠢ ᠠᠭᠠᠷ᠎ᠤᠨ ᠠᠶᠠᠯᠠᠯ᠎ᠤᠨ TW 9637 ᠺᠣᠷᠢᠶᠠ᠎ᠶᠢᠨ ᠳᠠ ᠴᠢᠦ᠎ᠡᠴᠡ ᠬᠥᠬᠡᠬᠣᠲᠠ᠎ᠳ᠋ᠤ ᠬᠦᠷᠬᠦ ᠠᠶᠠᠨᠴᠢᠳ᠎ᠤᠨ ᠨᠢᠰᠬᠡᠯ ᠤᠷᠤᠭᠰᠢᠲᠠᠢ ᠪᠠᠭᠤᠵᠤ᠂ 2026 ᠣᠨ᠎ᠤ ᠴᠠᠭᠠᠨ ᠰᠤᠪᠤᠷᠭ᠎ᠠ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠳᠤᠮᠳᠠᠳᠤ ᠺᠣᠷᠢᠶᠠ᠎ᠶᠢᠨ ᠠᠶᠠᠨᠴᠢᠳ᠎ᠤᠨ ᠲᠡᠭᠡᠭᠡᠪᠦᠷᠢ᠎ᠶᠢᠨ ᠠᠶᠠᠯᠠᠯ᠎ᠤᠨ ᠱᠤᠭᠤᠮ ᠵᠢᠩᠬᠢᠨᠢ᠎ᠪᠡᠷ ᠰᠡᠷᠭᠦᠭᠡᠭᠰᠡᠨᠢ ᠬᠠᠷᠠᠭᠤᠯᠪᠠ᠃ ᠠᠩᠬᠠᠨ᠎ᠤ ᠡᠭᠡᠯᠵᠢ᠎ᠶᠢᠨ ᠨᠢᠰᠬᠡᠯ᠎ᠦᠨ ᠲᠤᠬᠠᠢ᠎ᠶᠢᠨ ᠡᠳᠦᠷ᠂ ᠬᠥᠬᠡᠬᠣᠲᠠ᠎ᠶᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠠᠮᠤᠷ ᠲᠦᠪᠰᠢᠨ᠎ᠤ ᠪᠠᠢᠴᠠᠭᠠᠯᠳᠠ ᠬᠢᠬᠦ ᠵᠠᠮ᠎ᠢ ᠪᠦᠬᠦᠨ᠎ᠢ ᠨᠡᠭᠡᠭᠡᠵᠦ᠂ ᠴᠠᠭᠳᠠᠭᠠᠨ ᠤ᠋ ᠬᠦᠴᠦᠨ᠎ᠢ ᠨᠡᠮᠡᠨ ᠲᠤᠬᠢᠷᠠᠭᠤᠯᠵᠤ᠂ ᠵᠢᠭᠤᠯᠴᠢᠯᠠᠯ᠎ᠤᠨ ᠪᠦᠯᠬᠦᠮ᠎ᠢ ᠲᠥᠪᠯᠡᠷᠡᠭᠦᠯᠦᠨ ᠠᠮᠤᠷ ᠲᠦᠪᠰᠢᠨ᠎ᠤ ᠪᠠᠢᠴᠠᠭᠠᠯᠳᠠ ᠬᠢᠬᠦ ᠵᠠᠭᠪᠤᠷ᠎ᠢ ᠰᠢᠯᠢᠳᠡᠭᠵᠢᠭᠦᠯᠵᠦ᠂ ᠠᠶᠠᠨᠴᠢᠳ᠎ᠤᠨ ᠪᠣᠭᠣᠮᠲᠠ᠎ᠪᠠᠷ ᠥᠩᠭᠡᠷᠡᠬᠦ ᠳᠤᠮᠳᠠᠴᠢ ᠴᠠᠭ᠎ᠢ 20% ᠪᠠᠷ ᠪᠣᠭᠣᠨᠢᠰᠬᠠᠵᠤ᠂ ᠠᠶᠠᠨᠴᠢᠳ᠎ᠤᠨ ᠪᠣᠭᠣᠮᠲᠠ᠎ᠪᠠᠷ ᠥᠩᠭᠡᠷᠡᠬᠦ ᠳ᠋ᠤ 《ᠥᠯᠥ ᠬᠦᠯᠢᠶᠡᠬᠦ》᠂ ᠡᠭᠡᠯᠵᠢ᠎ᠶᠢᠨ ᠨᠢᠰᠬᠡᠯ ᠢ 《ᠥᠯᠥ ᠰᠠᠭᠠᠲᠠᠭᠠᠬᠤ》 ᠵᠢ ᠪᠡᠶᠡᠯᠡᠭᠦᠯᠪᠡ᠃
ᠣᠢᠯᠠᠭᠠᠭᠰᠠᠨ᠎ᠢᠶᠠᠷ᠂ 6 ᠰᠠᠷ᠎ᠠ᠎ᠶᠢᠨ 20 ᠡᠴᠡ 8 ᠰᠠᠷ᠎ᠠ᠎ᠶᠢᠨ 30 ᠤ᠋ ᠡᠳᠦᠷ ᠪᠣᠯᠲᠠᠯᠠᠬᠢ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳᠤ᠂ ᠬᠥᠬᠡᠬᠣᠲᠠ᠎ᠶᠢᠨ ᠴᠠᠭᠠᠨ ᠰᠤᠪᠤᠷᠭ᠎ᠠ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠳᠤᠮᠳᠠᠳᠤ ᠺᠣᠷᠢᠶᠠ᠎ᠶᠢᠨ ᠤᠯᠠᠨ ᠵᠤᠷᠪᠤᠰ ᠠᠭᠠᠷ᠎ᠤᠨ ᠠᠶᠠᠯᠠᠯ᠎ᠤᠨ ᠱᠤᠭᠤᠮ᠎ᠢ ᠰᠡᠷᠭᠦᠭᠡᠨ ᠨᠡᠭᠡᠭᠡᠵᠦ᠂ ᠨᠡᠶ᠋ᠢᠲᠡ 116 ᠡᠭᠡᠯᠵᠢ᠎ᠶᠢᠨ ᠨᠢᠰᠬᠡᠯ᠎ᠢ ᠨᠢᠰᠬᠡᠬᠦ᠎ᠪᠡᠷ ᠲᠥᠯᠥᠪᠯᠡᠵᠦ ᠪᠤᠢ᠃ ᠡᠨᠡ ᠨᠢ ᠵᠣᠨ᠎ᠤ ᠠᠮᠠᠷᠠᠯᠲᠠ᠎ᠶᠢᠨ ᠬᠢᠯᠢ ᠠᠯᠤᠰᠯᠠᠬᠰᠠᠨ ᠠᠶᠠᠯᠠᠯ ᠤ᠋ᠨ ᠣᠷᠭᠢᠯ ᠬᠤᠭᠤᠴᠠᠭ᠎ᠠ᠎ᠶᠢ ᠬᠠᠮᠤᠷᠬᠤ ᠪᠣᠯᠣᠨ᠎ᠠ᠃ ᠬᠥᠬᠡᠬᠣᠲᠠ᠎ᠶᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠨᠢᠰᠬᠡᠯ᠎ᠦᠨ ᠪᠠᠭᠤᠳᠠᠯ᠂ ᠪᠣᠭᠣᠮᠲᠠ᠂ ᠠᠭᠠᠷ ᠤᠨ ᠠᠶᠠᠯᠠᠯ ᠤᠨ ᠺᠣᠮᠫᠠᠨᠢ᠎ᠶᠢᠨ ᠪᠠᠢᠡᠭᠭᠤᠵᠢᠬᠰᠠᠨ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠵᠤ᠂ ᠪᠣᠭᠣᠮᠲᠠ᠎ᠪᠠᠷ ᠥᠩᠭᠡᠷᠡᠬᠦ ᠶᠢ ᠪᠠᠢᠴᠠᠭᠠᠬᠤ ᠠᠵᠢᠯ ᠢ ᠨᠠᠷᠢᠯᠢᠭ᠍ᠵᠢᠭᠤᠯᠤᠨ᠂ ᠠᠶᠠᠨᠴᠢᠳ᠎ᠤᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠡᠭᠦᠯᠳᠡᠷᠵᠢᠭᠦᠯᠪᠡ᠃ ᠡᠭᠦᠨ᠎ᠦ ᠬᠠᠮᠲᠤ᠂ 《ᠠᠯᠤᠰ ᠦᠵᠦᠬᠦᠷᠯᠢᠭ ᠲᠸ᠋ ᠲᠠᠭᠯᠠᠨ ᠮᠡᠳᠡᠭᠦᠯᠬᠦ᠂ ᠤᠷᠢᠳᠴᠢᠯᠠᠨ ᠪᠤᠯᠵᠤᠨ ᠪᠠᠢᠴᠠᠭᠠᠬᠤ᠂ ᠳᠠᠷᠤᠢ᠎ᠳᠤ᠎ᠨᠢ ᠪᠠᠢᠴᠠᠭᠠᠵᠦ ᠳᠠᠷᠤᠢ᠎ᠳᠤ᠎ᠨᠢ ᠶᠠᠪᠤᠭᠤᠯᠬᠤ》 ᠥᠨᠳᠥᠷ ᠪᠦᠲᠦᠮᠵᠢᠲᠡᠶ ᠦᠢᠯᠡᠴᠢᠯᠡᠭᠡᠨ᠎ᠦ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠲᠦᠷ ᠴᠠᠭ᠎ᠤᠨ ᠪᠠᠢᠴᠠᠭᠠᠨ ᠰᠢᠯᠭᠠᠬᠤ ᠵᠠᠮ᠎ᠢ ᠠᠮᠢᠳᠤᠯᠢᠭ᠋᠎ᠢᠶᠠᠷ ᠨᠡᠮᠡᠵᠦ ᠲᠣᠬᠢᠷᠠᠭᠤᠯᠤᠨ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠲᠥᠬᠦᠭᠡᠷᠦᠮᠵᠢ᠎ᠶᠢ ᠢᠵᠢ ᠪᠦᠷᠢᠳᠦᠬᠦᠯᠵᠦ᠂ ᠥᠨᠳᠥᠷ ᠪᠠᠷᠢᠮᠵᠢᠶᠠᠲᠤ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠦᠢᠯᠡᠴᠢᠯᠡᠭᠡ᠎ᠪᠡᠷ ᠣᠷᠣᠨ ᠪᠦᠰᠡ᠎ᠶᠢᠨ ᠭᠠᠳᠠᠭᠠᠳᠤ ᠨᠡᠭᠡᠭᠡᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠪᠡ᠃