ᠮᠠᠨ᠎ᠤ ᠤᠷᠤᠨ ᠤᠷᠤᠯᠳᠤᠭᠠᠨ ᠵᠢᠡᠷ ᠲᠠᠮᠵᠢᠨ 《ᠤᠷ᠎ᠠ ᠮᠡᠷᠬᠡᠵᠢᠯ ᠤ᠋ᠨ ᠥᠪᠥᠷ ᠮᠣᠩᠭᠣᠯ》 ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠵᠤ ᠪᠤᠢ
2026-07-06 11:07:34
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 25 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠬᠤᠭᠤᠴᠠᠭᠠᠨ᠎ᠤ ᠲᠤᠬᠠᠢᠯᠠᠭᠰᠠᠠ ᠠᠵᠢᠯ ᠤ᠋ᠨ ᠤᠷ᠎ᠠ ᠮᠡᠷᠬᠡᠵᠢᠯ ᠤ᠋ᠨ ᠤᠷᠤᠯᠳᠤᠭᠠᠨ ᠣᠷᠳᠣᠰ᠎ᠲᠤ ᠡᠬᠢᠯᠡᠪᠡ᠃ ᠲᠣᠰ ᠤᠳᠠᠭᠠᠨ᠎ᠤ ᠠᠵᠢᠯᠯᠠᠭ᠎ᠠ ᠨᠢ 《ᠦᠢᠯᠡᠰ ᠪᠤᠰᠬᠠᠵᠤ ᠢᠷᠡᠭᠡᠳᠦᠢ ᠪᠠᠨ ᠴᠤᠭᠴᠠᠯᠠᠬᠤ》 2026 ᠦᠢᠯᠡᠰ ᠪᠤᠰᠬᠠᠬᠤ ᠤᠷᠤᠯᠳᠤᠭᠠᠨ᠎ᠤ ᠥᠪᠥᠷ ᠮᠣᠩᠭᠣᠯ᠎ᠤᠨ ᠰᠢᠯᠭᠠᠷᠠᠭᠤᠯᠬᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠬᠤᠭᠤᠴᠠᠭᠠᠨ᠎ᠤ ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠤᠬᠠᠢᠯᠠᠭᠰᠠᠨ ᠠᠵᠢᠯ᠎ᠤᠨ ᠤᠷᠤᠯᠳᠤᠭᠠᠨ᠎ᠢ ᠵᠡᠷᠭᠡ ᠪᠡᠷ ᠡᠷᠬᠢᠯᠡᠵᠡᠢ᠃ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠡᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ  ᠣᠷᠣᠨ᠎ᠤ  ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠣᠷᠳᠣᠰ ᠬᠣᠲᠠ᠎ᠶᠢᠨ ᠵᠠᠰᠠᠭ᠎ᠤᠨ ᠣᠷᠳᠣᠨ ᠬᠠᠮᠲᠤᠷᠠᠨ ᠳᠠᠭᠠᠭᠠᠴᠢᠯᠠᠨ ᠡᠷᠭᠢᠯᠡᠵᠦ᠂ 《ᠨᠡᠭᠡᠭᠡᠯᠲᠡ ᠲᠠᠢ᠂ ᠡᠷᠬᠡ ᠲᠡᠭᠰᠢ᠂ ᠪᠣᠬᠢᠷᠲᠤᠯ ᠦᠭᠡᠢ᠂ ᠠᠷᠢᠭᠤᠨ ᠴᠢᠬᠡᠴᠢ》 ᠪᠠᠷ ᠤᠷᠤᠯᠳᠤᠭᠠᠨ ᠡᠷᠬᠢᠯᠡᠵᠦ᠂ ᠤᠷᠤᠯᠳᠤᠭᠠᠨ᠎ᠢᠶᠠᠷ ᠴᠢᠳᠠᠪᠤᠷᠢᠲᠠᠨ᠎ᠢ ᠬᠥᠮᠥᠵᠢᠭᠦᠯᠵᠤ ᠪᠥᠬᠥ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ ᠪᠡᠷ ᠵᠤᠷᠢᠯᠳᠠ ᠪᠤᠯᠭᠠᠵᠠᠢ᠃

ᠤᠢᠯᠠᠭᠠᠭᠰᠠᠨ ᠶ᠋ᠢᠡᠷ᠂ ᠲᠣᠰ ᠬᠤᠭᠤᠴᠠᠭᠠᠨ᠎ᠤ ᠲᠤᠬᠠᠢᠯᠠᠭᠰᠠᠠ ᠠᠵᠢᠯ ᠤ᠋ᠨ ᠤᠷ᠎ᠠ ᠮᠡᠷᠬᠡᠵᠢᠯ ᠤ᠋ᠨ ᠤᠷᠤᠯᠳᠤᠭᠠᠨ ᠪᠣᠯ ᠪᠥᠬᠥ  ᠣᠷᠣᠨ᠎ᠤ ᠪᠠᠷᠢᠮᠵᠢᠶ᠎ᠠ᠎ᠪᠠᠷ ᠬᠠᠮᠤᠭ᠎ᠤᠨ ᠥᠨᠳᠥᠷ ᠶᠡᠷᠦᠩᠬᠡᠢᠯᠡᠭᠰᠡᠨ ᠴᠢᠨᠠᠷᠲᠠᠢ ᠤᠷ᠎ᠠ ᠮᠡᠷᠬᠡᠵᠢᠯ ᠤ᠋ᠨ ᠤᠷᠤᠯᠳᠤᠭᠠᠨ ᠪᠣᠯᠣᠨ᠎ᠠ᠃ ᠨᠡᠶ᠋ᠢᠲᠡ 50 ᠤᠷᠤᠯᠳᠤᠭᠠᠨ᠎ᠤ ᠲᠥᠷᠥᠯ ᠵᠦᠢᠯ ᠭᠠᠷᠭᠠᠵᠤ᠂ 1218 ᠠᠵᠢᠯ ᠲᠥᠷᠥᠯ᠎ᠦᠨ ᠴᠢᠳᠠᠪᠤᠷᠢᠲᠠᠨ᠎ᠤᠷᠤᠯᠳᠤᠭᠠᠨ᠎ᠳᠤ ᠣᠷᠣᠯᠴᠠᠵᠤ᠂ ᠳᠡᠯᠡᠬᠡᠢ᠎ᠶᠢᠨ ᠤᠷᠤᠯᠳᠤᠭᠠᠨ᠂ ᠤᠯᠤᠰ᠎ᠤᠨ ᠤᠷᠤᠯᠳᠤᠭᠠᠨ᠎ᠤ ᠴᠢᠳᠠᠪᠤᠷᠢᠲᠠᠨ᠎ᠢ ᠰᠢᠯᠭᠠᠷᠠᠭᠤᠯᠬᠤ ᠡᠭᠦᠷᠭᠡ᠎ᠶᠢ ᠡᠭᠦᠷᠭᠡᠯᠡᠪᠠ᠃ ᠤᠷᠤᠯᠳᠤᠭᠠᠨ᠎ᠤ ᠵᠦᠢᠯ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠪᠠᠢᠷᠢᠰᠢᠭᠤᠯᠤᠯᠲᠠ᠎ᠲᠠᠢ ᠨᠢᠭ᠍ᠲᠠ ᠤᠶᠠᠯᠳᠤᠵᠤ᠂ ᠵᠢᠯᠣᠭᠣᠴᠢ ᠦᠭᠡᠢ ᠨᠢᠰᠬᠡᠯ᠎ᠦᠨ ᠠᠵᠢᠯᠯᠠᠭᠠᠨ ᠪᠠ ᠬᠠᠮᠠᠭᠠᠯᠠᠯᠲᠠ᠂ ᠵᠣᠬᠢᠶᠠᠮᠠᠯ ᠤᠶᠤᠨ ᠴᠢᠳᠠᠪᠤᠷᠢ᠂ ᠣᠶᠤᠨᠲᠤ ᠰᠦᠯᠵᠢᠶᠡᠨ᠎ᠦ ᠮᠠᠰᠢᠨ ᠲᠡᠷᠭᠡ ᠵᠡᠷᠭᠡ ᠲᠣᠭᠠᠴᠢᠯᠠᠭᠰᠠᠨ ᠰᠢᠨ᠎ᠡ᠎ᠪᠡᠷ ᠮᠠᠨᠳᠤᠭᠰᠠᠨ ᠤᠷᠤᠯᠳᠤᠭᠠᠨ᠎ᠤ ᠵᠦᠢᠯ᠎ᠢ ᠬᠠᠮᠤᠷᠴᠤ᠂ ᠳᠣᠣᠷ᠎ᠠ  ᠤᠭᠳᠠᠷᠭᠤᠢ ᠵᠢᠨ ᠠᠵᠤ ᠠᠬᠤᠢ᠎ᠶᠢᠨ ᠴᠢᠳᠠᠪᠤᠷᠢᠲᠠᠨ᠎ᠢ  ᠬᠥᠮᠥᠵᠢᠭᠦᠯᠬᠦ  ᠵᠠᠮ᠎ᠢ ᠨᠡᠭᠡᠭᠡᠪᠡ; ᠪᠠᠰᠠ ᠰᠦ᠎ᠲᠠᠢ ᠴᠠᠢ᠂ ᠦᠨᠳᠦᠰᠦᠲᠡᠨ᠎ᠦ ᠬᠤᠪᠴᠠᠰᠤ ᠵᠠᠰᠠᠯ ᠵᠡᠷᠭᠡ 9 ᠵᠦᠢᠯ᠎ᠦᠨ ᠣᠨᠴᠠᠯᠢᠭ᠍ᠲᠤ ᠠᠵᠤ ᠦᠢᠯᠡᠰ᠎ᠦᠨ ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ᠎ᠦ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ᠎ᠳᠤ ᠬᠦᠴᠦᠨ ᠨᠡᠮᠡᠷᠢᠯᠡᠪᠡ᠃ ᠤᠷᠤᠯᠳᠤᠭᠠᠨ ᠨᠢ ᠪᠥᠬᠥ ᠶᠠᠪᠤᠴᠠ᠎ᠶᠢᠨ ᠢᠯᠡ ᠤᠷᠤᠯᠳᠤᠭᠠᠨ᠎ᠤ ᠰᠢᠰᠲᠧᠮ᠎ᠢ᠋ ᠪᠠᠢᠭᠤᠯᠵᠤ᠂ ᠪᠠᠷᠢᠮᠵᠢᠶᠠᠵᠢᠭᠤᠯᠤᠭᠰᠠᠨ ᠲᠠᠰᠤᠯᠤᠯᠲᠠ ᠬᠢᠬᠦ᠂ ᠪᠥᠬᠥ ᠣᠷᠣᠨ ᠪᠦᠰᠡ᠎ᠪᠡᠷ ᠬᠢᠨᠠᠨ ᠡᠵᠡᠮᠳᠡᠬᠦ᠂ ᠬᠢᠷᠢ ᠪᠦᠲᠦᠮᠵᠢ᠎ᠶᠢ ᠭᠤᠷᠪᠠᠨ ᠱᠠᠲᠤ᠎ᠪᠠᠷ ᠳᠠᠬᠢᠨ ᠬᠢᠨᠠᠬᠤ᠎ᠵᠢ ᠬᠡᠷᠡᠭᠵᠢᠬᠦᠯᠵᠦ ᠡᠷᠬᠡ ᠲᠡᠭᠰᠢ ᠪᠠᠢᠬᠤ᠎ᠶᠢ ᠪᠠᠲᠤᠯᠠᠵᠠᠢ; ᠪᠡᠯᠡᠨ ᠵᠣᠭᠣᠰ᠎ᠤᠨ ᠲᠤᠮᠤ ᠱᠠᠩᠨᠠᠯ᠂ ᠲᠤᠬᠠᠢᠯᠠᠭᠰᠠᠨ ᠠᠵᠢᠯ ᠤ᠋ᠨ ᠤᠷ᠎ᠠ ᠮᠡᠷᠬᠡᠵᠢᠯ ᠤ᠋ᠨ ᠦᠨᠡᠮᠯᠡᠯ᠂ ᠰᠢᠯᠢᠳᠡᠭ ᠵᠢᠯᠣᠭᠣᠳᠤᠭ᠍ᠴᠢ ᠪᠠᠭ᠍ᠰᠢ᠎ᠶᠢ ᠬᠥᠬᠢᠭᠦᠯᠦᠨ ᠰᠠᠢᠰᠢᠶᠠᠬᠤ ᠣᠯᠠᠨ ᠳᠠᠪᠬᠤᠷ ᠵᠣᠷᠢᠭ᠍ᠵᠢᠭᠤᠯᠤᠯ᠎ᠢ ᠵᠡᠷᠭᠡ ᠪᠡᠷ  ᠲᠤᠬᠢᠷᠠᠭᠤᠯᠵᠤ᠂ ᠠᠯᠲᠠᠠ ᠮᠸᠳᠠᠯ᠂ ᠮᠦᠩᠬᠦᠨ ᠮᠸᠳᠠᠯ᠂ ᠬᠦᠷᠡᠯ  ᠮᠧᠳᠠᠯ ᠣᠯᠣᠭᠰᠠᠨ ᠤᠷᠤᠯᠴᠠᠭᠴᠢ ᠳ᠋ᠤ ᠲᠣᠰ ᠲᠣᠰ 3 ᠲᠦᠮᠡ᠂ 2 ᠲᠦᠮᠡ᠂ 1 ᠲᠦᠮᠡᠨ ᠲᠥᠭᠥᠷᠢᠭ᠎ᠦᠨ ᠱᠠᠩᠨᠠᠯ᠎ᠤᠨ ᠮᠥᠩᠭᠥ ᠣᠯᠭᠤᠵᠤ᠂ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠬᠦᠷᠲᠡᠮᠵᠢ᠎ᠶᠢᠨ ᠲᠥᠷᠥᠭᠳᠡᠯ᠎ᠢ ᠶᠡᠬᠡ᠎ᠪᠡᠷ ᠳᠡᠭᠡᠭᠰᠢᠯᠡᠭᠦᠯᠪᠡ᠃

ᠡᠬᠦᠨ ᠤ᠋ ᠬᠠᠮᠲᠤ᠂ ᠢᠵᠢ ᠪᠦᠷᠢᠳᠦᠭᠰᠡᠨ ᠤᠷᠤᠯᠳᠤᠭᠠᠨ᠎ᠢ ᠵᠠᠯᠭᠠᠭ᠎ᠠ᠎ᠪᠠᠷ ᠡᠷᠬᠢᠯᠡᠪᠡ᠄ ᠦᠢᠯᠡᠰ ᠪᠤᠰᠬᠠᠬᠤ ᠤᠷᠤᠯᠳᠤᠭᠠᠨ᠎ᠳᠤ 300 ᠭᠠᠷᠤᠢ ᠤᠷᠤᠯᠴᠠᠭᠴᠢ᠂ 143 ᠣᠨᠴᠠᠯᠢᠭ᠍ᠲᠤ ᠠᠵᠤ ᠦᠢᠯᠡᠰ᠎ᠦᠨ ᠬᠢᠨ ᠤᠷᠤᠯᠴᠠᠪᠠ; ᠣᠯᠠᠨ ᠨᠡᠶ᠋ᠢᠲᠡ᠎ᠶᠢᠨ ᠠᠵᠢᠯ ᠣᠯᠭᠣᠯᠳᠠ ᠵᠢᠨ ᠦᠢᠯᠡᠴᠢᠯᠡᠭᠡᠨ᠎ᠦ ᠤᠷᠤᠯᠳᠤᠭᠠᠨ᠎ᠳᠤ ᠦᠨᠳᠦᠰᠦᠨ ᠱᠠᠲᠤᠨ᠎ᠤ ᠲᠤᠬᠠᠢᠯᠠᠭᠰᠠᠨ ᠠᠵᠢᠯ᠎ᠤᠨ 48 ᠭᠣᠣᠯᠯᠠᠭ᠍ᠴᠢ ᠬᠦᠴᠦᠨ᠎ᠢ ᠴᠤᠭᠯᠠᠭᠤᠯᠤᠨ ᠵᠡᠪᠰᠡᠭ᠎ᠦᠨ ᠡᠷᠳᠡᠮ ᠳ᠋ᠤ ᠦᠷᠢᠰᠦᠯᠳᠦᠬᠦᠯᠪᠡ᠃ ᠣᠢᠷ᠎ᠠ᠎ᠶᠢᠨ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ 《ᠤᠷ᠎ᠠ ᠮᠡᠷᠬᠡᠵᠢᠯ ᠤ᠋ᠨ ᠥᠪᠥᠷ ᠮᠣᠩᠭᠣᠯ》 ᠤ᠋ᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《1+N》 ᠤᠷᠤᠯᠳᠤᠭᠠᠨ᠎ᠤ ᠰᠢᠰᠲᠧᠮ᠎ᠢ ᠲᠡᠭᠦᠯᠳᠡᠷᠵᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》 ᠡᠴᠠ ᠨᠠᠭᠠᠰᠢ ᠤᠷ᠎ᠠ ᠮᠡᠷᠬᠡᠵᠢᠯ ᠤ᠋ᠨ ᠴᠢᠳᠠᠪᠤᠷᠢᠲᠠᠨ᠎ᠢ 86.7 ᠲᠦᠮᠡᠨ ᠬᠥᠮᠥᠨ ᠤᠳᠠᠭ᠎ᠠ ᠰᠢᠨ᠎ᠡ᠎ᠪᠡᠷ ᠨᠡᠮᠡᠭᠳᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号