《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ ᠨᠡᠭᠦᠷᠡᠰᠦᠲᠥ᠋ᠷᠥᠭᠴᠢ᠎ᠶᠢ ᠪᠠᠭᠠᠰᠬᠠᠬᠤ᠎ᠪᠠᠷ ᠭᠣᠣᠯ ᠪᠠᠢᠯᠳᠤᠬᠤ ᠪᠣᠳᠣᠯᠭ᠎ᠠ᠎ᠶᠢᠨ ᠴᠢᠭᠯᠡᠯ ᠪᠣᠯᠭᠠᠵᠤ᠂ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ ᠵᠠᠩᠭᠢᠯᠠᠭ᠎ᠠ᠎ᠶᠢᠨ ᠱᠠᠲᠤᠨ᠎ᠳᠤ ᠪᠦᠬᠦ ᠲᠠᠯ᠎ᠠ᠎ᠪᠠᠷ ᠣᠷᠣᠭᠠᠳ ᠪᠠᠢᠨ᠎ᠠ᠃ ᠣᠳᠣᠬᠠᠨ᠎ᠠ ᠡᠷᠬᠢᠯᠳᠡᠳᠣ ᠠᠵᠦ ᠠᠬᠣᠢ ᠣᠣᠯ᠎ᠦᠨ ᠬᠣᠷᠢᠶᠠᠨ ᠠᠪᠴᠤ ᠬᠠᠶᠠᠬᠳᠠᠮᠠᠯ ᠪᠣᠳᠠᠰ᠎ᠢ ᠰᠢᠢᠳᠪᠦᠷᠢᠯᠡᠵᠦ ᠪᠠᠢᠬᠰᠠᠨ ᠡᠴᠡ ᠪᠡᠨ ᠬᠣᠷᠢᠶᠠᠨ ᠠᠪᠴᠤ ᠠᠰᠢᠭᠯᠠᠯᠳᠠ᠎ᠳᠦ ᠣᠷᠣᠭᠣᠯᠬᠣ᠂ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ ᠵᠢᠴᠢ ᠲᠣᠭᠠᠴᠢᠯᠠᠭᠰᠠᠨ ᠣᠶᠤᠨᠴᠢᠯᠠᠭᠰᠠᠨ ᠠᠵᠤ ᠦᠢᠯᠡᠰ᠎ᠦᠨ ᠠᠮᠢ ᠠᠬᠤᠢ᠎ᠶᠢ ᠬᠠᠮᠤᠷᠤᠭᠰᠠᠨ 《ᠪᠦᠬᠦ ᠬᠡᠯᠬᠢᠶᠡᠨ᠎ᠦ ᠨᠡᠭᠦᠷᠡᠰᠦᠲᠥ᠋ᠷᠥᠭᠴᠢ᠎ᠶᠢ ᠪᠠᠭᠠᠰᠬᠠᠬᠤ》 ᠪᠠᠢᠯᠳᠤᠬᠤ ᠪᠣᠳᠣᠯᠭ᠎ᠠ ᠲᠡᠢᠰᠢ ᠲᠦᠷᠭᠡᠨ ᠠᠬᠢᠵᠦ᠂ ᠲᠡᠭᠦᠨ᠎ᠦ ᠠᠭᠤᠯᠤᠭᠳᠠᠬᠤᠨ ᠪᠣᠯᠣᠨ ᠡᠭᠦᠷᠭᠡ ᠬᠠᠷᠢᠭᠤᠴᠠᠯᠭ᠎ᠠ ᠭᠦᠨᠵᠡᠭᠡᠢ ᠬᠣᠪᠢᠷᠠᠯᠳᠠ ᠲᠠᠢ ᠪᠣᠯᠵᠦ ᠪᠠᠢᠨ᠎ᠠ᠃
《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠥᠲᠥᠯᠪᠦᠷᠢ᠎ᠳᠦ 《ᠡᠷᠬᠢᠯᠳᠡᠳᠣ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠵᠤ᠂ ᠬᠠᠶᠠᠭᠳᠠᠮᠠᠯ ᠪᠣᠳᠠᠰ᠎ᠢ ᠡᠷᠭᠢᠯᠳᠦᠭᠦᠯᠦᠨ ᠠᠰᠢᠭ᠍ᠯᠠᠬᠤ ᠰᠢᠰᠲᠧᠮ᠎ᠢ ᠪᠦᠷᠢᠨᠰᠢᠭᠦᠯᠬᠦ ᠬᠡᠷᠡᠭᠲᠡᠢ》 ᠭᠡᠵᠦ ᠳᠤᠷᠠᠳᠤᠭᠰᠠᠨ ᠪᠥᠭᠡᠳ 《ᠶᠡᠬᠡ ᠬᠡᠮᠵᠢᠶᠡᠨ᠎ᠦ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠵᠢᠯ᠎ᠦᠨ ᠠᠰᠢᠭ᠍ᠯᠠᠯᠲᠠ᠎ᠶᠢᠨ ᠬᠡᠮᠵᠢᠶ᠎ᠡ᠎ᠶᠢ 45 ᠳ᠋ᠦᠩᠰᠢᠭᠤᠷ ᠲᠣᠨ ᠣᠷᠴᠢᠮ᠎ᠳᠤ ᠬᠦᠷᠭᠡᠬᠦ》 ᠬᠠᠷᠠᠯᠲᠠ᠎ᠶᠢ ᠲᠣᠭᠲᠠᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠲᠠᠢ ᠬᠠᠷᠢᠴᠠᠭᠤᠯᠪᠠᠯ ᠪᠠᠷᠤᠭ 5 ᠳ᠋ᠦᠩᠰᠢᠭᠤᠷ ᠲᠣᠨ ᠳᠡᠭᠡᠭᠰᠢᠯᠡᠬᠦᠯᠪᠡ᠃ ᠨᠢᠳᠤᠨᠤᠨ᠎ᠤ 12 ᠰᠠᠷ᠎ᠠ᠎ᠳᠤ ᠲᠥᠷᠥ᠎ᠶᠢᠨ ᠶᠠᠪᠤᠳᠠᠯ᠎ᠤᠨ ᠬᠣᠷᠢᠶ᠎ᠠ 《ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭᠠᠨ᠎ᠤ ᠲᠥᠯᠥᠪᠯᠡᠭᠡ》 ᠶ᠋ᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ᠎ᠳᠤ ᠮᠠᠨ᠎ᠤ ᠤᠯᠤᠰ᠎ᠤᠨ 《ᠭᠣᠣᠯ ᠪᠣᠯᠬᠤ ᠳᠠᠬᠢᠯᠲᠠ ᠡᠬᠢ ᠪᠠᠶᠠᠯᠢᠭ᠋᠎ᠤᠨ ᠵᠢᠯ᠎ᠦᠨ ᠣᠷᠴᠢᠯ ᠠᠰᠢᠭ᠍ᠯᠠᠯᠲᠠ᠎ᠶᠢᠨ ᠬᠡᠮᠵᠢᠶ᠎ᠡ᠎ᠶᠢ 5.1 ᠳ᠋ᠦᠩᠰᠢᠭᠤᠷ ᠲᠣᠨ᠎ᠳᠤ ᠬᠦᠷᠭᠡᠨ᠎ᠡ》 ᠭᠡᠵᠦ ᠲᠣᠳᠣᠷᠬᠠᠢ ᠲᠣᠭᠲᠠᠭᠠᠪᠠ᠃ ᠡᠨᠡ ᠵᠢᠯ᠎ᠦᠨ 3 ᠰᠠᠷ᠎ᠠ᠎ᠳᠤ ᠵᠢᠩᠬᠢᠨᠢ᠎ᠪᠡᠷ ᠪᠠᠲᠤᠯᠠᠭᠰᠠᠨ ᠠᠮᠢ ᠠᠬᠤᠢ᠎ᠶᠢᠨ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠲᠦ 《ᠡᠷᠬᠢᠯᠳᠡᠳᠣ ᠠᠵᠤ ᠠᠬᠤᠢ》 ᠵᠢᠨ ᠲᠤᠰᠬᠠᠢ ᠪᠦᠯᠦᠭ ᠭᠠᠷᠭᠠᠵᠤ᠂ ᠦᠢᠯᠡᠳᠪᠦᠷᠢᠯᠡᠭᠴᠢ᠎ᠶᠢᠨ ᠬᠠᠷᠢᠭᠤᠴᠠᠯᠭ᠎ᠠ᠎ᠶᠢ ᠤᠷᠲᠤᠳᠬᠠᠬᠤ ᠳᠦᠷᠢᠮ᠎ᠢ 《ᠵᠥᠭᠡᠯᠡᠨ》 ᠬᠢᠵᠠᠭᠠᠷᠯᠠᠯ ᠡᠴᠡ 《ᠬᠠᠲᠠᠭᠤ》 ᠭᠦᠢᠴᠡᠳᠬᠡᠯ ᠲᠣᠭ᠎ᠠ ᠪᠣᠯᠭᠠᠨ ᠲᠠᠰ ᠳᠡᠪᠰᠢᠭᠦᠯᠵᠦ᠂ ᠡᠷᠬᠢᠯᠳᠡᠳᠣ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠴᠢᠩᠭ᠎ᠠ ᠬᠦᠴᠦᠲᠡᠢ ᠬᠠᠤᠯᠢᠵᠢᠯ᠎ᠤᠨ ᠲᠤᠯᠭᠠᠭᠤᠷᠢᠯᠠᠯ ᠬᠠᠩᠭᠠᠪᠠ᠃ ᠤᠯᠤᠰ᠎ᠤᠨ ᠡᠷᠬᠢᠯᠳᠡᠳᠣ ᠠᠵᠤ ᠠᠬᠤᠢ᠎ᠶᠢᠨ ᠨᠡᠢᠭᠡᠮᠯᠢᠭ᠎ᠦᠨ ᠵᠢᠱ᠌ᠢᠯᠲᠡ᠎ᠪᠡᠷ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠡᠷᠬᠢᠯᠳᠡᠳᠣ ᠠᠵᠤ ᠠᠬᠤᠢ᠎ᠶᠢᠨ ᠮᠠᠨ᠎ᠤ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠳᠤ ᠦᠵᠡᠭᠦᠯᠦᠭᠰᠡᠨ ᠶᠡᠷᠦᠩᠬᠡᠢᠯᠡᠭᠰᠡᠨ ᠬᠤᠪᠢ ᠨᠡᠮᠡᠷᠢ᠎ᠶᠢᠨ ᠨᠣᠷᠮ᠎ᠠ 30% ᠳᠤ ᠬᠦᠷᠪᠡ᠂ ᠵᠢᠱ᠌ᠢᠯᠲᠡ᠎ᠪᠡᠷ 2030 ᠣᠨ᠎ᠳᠤ ᠤᠯᠠᠮ ᠨᠢᠭᠡ ᠠᠯᠬᠤᠮ ᠳᠡᠭᠡᠭᠰᠢᠯᠡᠭᠡᠳ 35% ᠳᠤ ᠬᠦᠷᠬᠦ ᠪᠣᠯᠣᠨ᠎ᠠ᠃
ᠭᠣᠣᠯᠳᠠᠯᠭ᠎ᠠ᠎ᠲᠠᠢ ᠬᠦᠷᠢᠶᠡᠨ᠎ᠦ ᠪᠠᠢᠷᠢᠯᠠᠭᠤᠯᠤᠯᠲᠠ᠎ᠶᠢᠨ ᠲᠠᠯ᠎ᠠ᠎ᠪᠠᠷ᠂ ᠡᠷᠬᠢᠯᠳᠡᠳᠣ ᠠᠵᠤ ᠠᠬᠤᠢ᠎ᠶᠢᠨ ᠬᠥᠭᠵᠢᠯᠲᠡ᠎ᠶᠢᠨ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》᠎ᠳᠦ ᠨᠠᠷᠢᠯᠢᠭ᠋ ᠣᠨᠣᠴᠠᠲᠠᠢ᠎ᠪᠠᠷ ᠬᠦᠴᠦᠯᠡᠵᠦ᠂ ᠤᠯᠠᠮᠵᠢᠯᠠᠯᠲᠤ ᠳᠠᠬᠢᠯᠲᠠ ᠡᠬᠢ ᠪᠠᠶᠠᠯᠢᠭ᠋᠂ ᠬᠣᠪᠣᠷ ᠦᠨᠡᠲᠦ ᠲᠡᠮᠦᠷᠯᠢᠭ᠂ 《ᠰᠢᠨ᠎ᠡ ᠭᠤᠷᠪᠠᠨ ᠵᠦᠢᠯ》᠎ᠦᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ᠎ᠶᠢ ᠬᠣᠷᠢᠶᠠᠨ ᠠᠪᠴᠤ ᠠᠰᠢᠭ᠍ᠯᠠᠬᠤ ᠠᠷᠭ᠎ᠠ ᠬᠡᠮᠵᠢᠶ᠎ᠡ᠎ᠶᠢ ᠭᠣᠣᠯᠳᠠᠯᠭ᠎ᠠ᠎ᠲᠠᠢ ᠪᠠᠢᠷᠢᠯᠠᠭᠤᠯᠬᠤ ᠪᠣᠯᠣᠨ᠎ᠠ᠃ ᠡᠭᠦᠨ᠎ᠳᠦ 《ᠰᠢᠨ᠎ᠡ ᠭᠤᠷᠪᠠᠨ ᠵᠦᠢᠯ》 ᠭᠡᠳᠡᠭ ᠨᠢ ᠬᠠᠶᠠᠭᠳᠠᠮᠠᠯ ᠬᠥᠳᠡᠯᠭᠡᠭᠴᠢ ᠬᠦᠴᠦᠨ᠎ᠦ ᠳ᠋ᠢᠶᠠᠨ ᡂᠢ᠂ ᠬᠠᠶᠠᠭᠳᠠᠮᠠᠯ ᠭᠡᠷᠡᠯᠴᠢ ᠴᠡᠨᠡᠭ᠎ᠦᠨ ᠲᠣᠨᠣᠭᠯᠠᠯ᠂ ᠰᠠᠯᠬᠢᠨ ᠬᠦᠴᠦᠨ᠎ᠦ ᠮᠠᠰᠢᠨ᠎ᠤ ᠲᠠᠯᠪᠢ᠎ᠶᠢ ᠵᠢᠭᠠᠵᠤ ᠪᠠᠢᠨ᠎ᠠ᠃ ᠡᠨᠡ ᠨᠢ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》 ᠵᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠰᠢᠨᠡᠳᠬᠡᠵᠦ ᠳᠡᠰ ᠳᠡᠪᠰᠢᠬᠦ ᠪᠠ ᠰᠢᠨ᠎ᠡ᠎ᠪᠡᠷ ᠪᠠᠶ᠋ᠢᠭᠤᠯᠬᠤ ᠪᠠᠭᠲᠠᠭᠠᠮᠵᠢ᠎ᠶᠢ ᠥᠷᠭᠡᠳᠬᠡᠬᠦ ᠬᠥᠭᠵᠢᠯᠲᠡ᠎ᠶᠢᠨ ᠬᠡᠷᠡᠭᠴᠡᠭᠡ᠎ᠳᠦ ᠨᠡᠢᠴᠡᠵᠦ ᠪᠠᠢᠬᠤ ᠪᠥᠭᠡᠳ ᠡᠬᠢ ᠪᠠᠶᠠᠯᠢᠭ᠋᠎ᠤᠨ ᠬᠢᠵᠠᠭᠠᠷᠯᠠᠯ᠎ᠤᠨ ᠳᠠᠷᠤᠯᠲᠠ᠎ᠶᠢ ᠪᠦᠲᠦᠮᠵᠢᠲᠡᠢ ᠨᠠᠮᠳᠠᠭᠤᠯᠪᠠ᠃
ᠰᠠᠢᠨ ᠠᠵᠤ ᠦᠢᠯᠡᠰ᠎ᠦᠨ ᠰᠠᠭᠤᠷᠢ ᠪᠣᠯᠣᠨ ᠲᠥᠷᠥ᠎ᠶᠢᠨ ᠪᠣᠳᠣᠯᠭ᠎ᠠ᠎ᠶᠢᠨ ᠣᠷᠴᠢᠨ ᠲᠣᠭᠣᠷᠢᠨ᠎ᠳᠤ ᠲᠦᠰᠢᠭᠯᠡᠨ ᠮᠠᠨ᠎ᠤ ᠤᠯᠤᠰ ᠨᠢᠭᠡᠨᠲᠡ ᠪᠥᠬᠥ ᠪᠥᠮᠪᠥᠷᠴᠡᠭ᠎ᠦᠨ ᠬᠠᠮᠤᠭ᠎ᠤᠨ ᠶᠡᠬᠡ ᠲᠠᠬᠢᠯᠳᠠ ᠡᠨᠧᠷᠭᠢ᠎ᠶᠢᠨ ᠰᠤᠷᠪᠤᠯᠵᠢ᠎ᠶᠢᠨ ᠰᠢᠰᠲᠧᠮ ᠪᠣᠯᠣᠨ ᠬᠠᠮᠤᠭ᠎ᠤᠨ ᠪᠦᠷᠢᠨ ᠪᠦᠲᠦᠨ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠪᠠ᠃ ᠣᠳᠣᠬᠠᠨ᠎ᠳᠤ ᠶᠡᠬᠡ ᠬᠡᠪᠴᠢᠶᠡᠨ᠎ᠦ ᠲᠥᠬᠦᠭᠡᠷᠦᠮᠵᠢ᠎ᠶᠢ ᠰᠢᠨᠡᠳᠬᠡᠬᠦ᠂ ᠬᠡᠷᠡᠭᠯᠡᠭᠡ ᠵᠢᠨ ᠵᠦᠢᠯᠡᠰ᠎ᠢ ᠬᠠᠭᠤᠴᠢᠨ᠎ᠢᠶᠠᠷ ᠰᠢᠨ᠎ᠡ᠎ᠶᠢ ᠰᠣᠯᠢᠬᠤ ᠵᠡᠷᠭᠡ ᠲᠥᠷᠥ᠎ᠶᠢᠨ ᠪᠣᠳᠣᠯᠭ᠎ᠠ᠎ᠶᠢᠨ ᠬᠦᠴᠦᠲᠡᠢ ᠠᠬᠢᠭᠤᠯᠤᠯ ᠳᠣᠣᠷ᠎ᠠ᠂ ᠡᠨᠧᠷᠭᠢ ᠶᠡᠬᠡ ᠬᠣᠷᠣᠭᠳᠠᠭᠤᠯᠬᠤ ᠶᠡᠬᠡ ᠬᠡᠮᠵᠢᠶᠡᠨ᠎ᠦ ᠬᠠᠭᠤᠴᠢᠨ ᠲᠣᠨᠣᠭᠯᠠᠯ᠎ᠢ ᠲᠦᠷᠬᠡᠨ ᠰᠢᠭᠰᠢᠭᠳᠡᠭᠦᠯᠵᠦ᠂ ᠰᠠᠯᠬᠢᠨ ᠬᠦᠴᠦᠨ᠎ᠦ ᠮᠠᠰᠢᠨ᠂ ᠵᠠᠮ ᠬᠠᠷᠢᠯᠴᠠᠭ᠎ᠠ᠂ ᠮᠠᠰᠢᠨ ᠴᠠᠬᠢᠯᠭᠠᠨ᠎ᠤ ᠲᠥᠬᠦᠭᠡᠷᠦᠮᠵᠢ ᠵᠡᠷᠭᠡ ᠬᠠᠶᠠᠭᠳᠠᠮᠠᠯ ᠬᠠᠭᠤᠴᠢᠨ ᠠᠵᠤ ᠦᠢᠯᠡᠳᠪᠦᠷᠢ᠎ᠶᠢᠨ ᠡᠳ᠋ ᠪᠣᠳᠠᠰ᠎ᠢ ᠲᠡᠷᠢᠭᠦᠨ᠎ᠦ ᠡᠬᠢ ᠪᠠᠶᠠᠯᠢᠭ᠍ᠵᠢᠭᠤᠯᠬᠤ ᠮᠡᠷᠭᠡᠵᠢᠯ᠎ᠳᠦ ᠲᠦᠰᠢᠭᠯᠡᠨ ᠲᠠᠬᠢᠨ ᠦᠢᠯᠡᠳᠴᠤ ᠰᠢᠨ᠎ᠡ ᠠᠮᠢᠵᠢᠷᠠᠯ᠎ᠦᠨ ᠬᠦᠴᠦᠨ ᠲᠠᠢ ᠪᠣᠯᠭᠠᠵᠠᠢ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠳᠤ ᠮᠠᠨ᠎ᠤ ᠤᠯᠤᠰ᠎ᠤᠨ ᠭᠣᠣᠯ ᠪᠣᠯᠬᠤ ᠳᠠᠬᠢᠯᠲᠠ ᠡᠬᠢ ᠪᠠᠶᠠᠯᠢᠭ᠋᠎ᠢ ᠬᠣᠷᠢᠶᠠᠨ ᠠᠪᠤᠭᠰᠠᠨ ᠶᠡᠷᠦᠩᠬᠡᠢ ᠬᠡᠮᠵᠢᠶ᠎ᠡ 4.17 ᠳ᠋ᠦᠩᠰᠢᠭᠤᠷ ᠲᠣᠨ᠎ᠳᠤ ᠬᠦᠷᠴᠦ᠂ ᠬᠣᠷᠢᠶᠠᠨ ᠠᠪᠤᠭᠰᠠᠨ ᠶᠡᠷᠦᠩᠬᠡᠢ ᠬᠡᠮᠵᠢᠶ᠎ᠡ 1.39 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠲᠠᠬᠢᠯᠳᠠ ᠥᠩᠭᠡᠲᠦ ᠲᠡᠮᠦᠷᠯᠢᠭ᠎ᠦᠨ ᠭᠠᠷᠤᠯᠲᠠ 2000 ᠲᠦᠮᠡᠨ ᠲᠣᠨ᠎ᠢ ᠳᠠᠪᠠᠵᠤ᠂ ᠠᠵᠤ ᠦᠢᠯᠡᠳᠪᠦᠷᠢ᠎ᠶᠢᠨ ᠲᠦᠭᠦᠬᠡᠢ ᠮᠠᠲᠧᠷᠢᠶᠠᠯ᠎ᠤᠨ ᠬᠠᠩᠭᠠᠯᠭ᠎ᠠ ᠪᠠᠲᠤᠯᠠᠭ᠎ᠠ᠎ᠶᠢ ᠪᠡᠬᠢᠵᠢᠭᠦᠯᠪᠡ᠃ 2026 ᠣᠨ᠎ᠤ ᠲᠣᠮᠣ᠌ ᠬᠡᠪᠴᠢᠶᠡᠨ᠎ᠦ ᠲᠣᠨᠣᠭ ᠲᠥᠬᠦᠭᠡᠷᠦᠮᠵᠢ᠎ᠶᠢ ᠰᠢᠨᠡᠳᠬᠡᠬᠦ ᠪᠡᠯᠡ ᠮᠥᠩᠭᠥ᠎ᠶᠢᠨ ᠳᠣᠲᠣᠷ᠎ᠠ ᠣᠷᠳᠣ᠌ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶᠢ ᠲᠣᠬᠢᠷᠠᠭᠤᠯᠤᠨ ᠥᠨᠳᠥᠷ ᠬᠢᠷᠢ ᠲᠦᠪᠰᠢᠨ ᠪᠦᠬᠦᠢ ᠡᠬᠢ ᠪᠠᠶᠠᠯᠢᠭ᠋᠎ᠢ ᠡᠷᠭᠢᠯᠳᠦᠭᠦᠯᠦᠨ ᠠᠰᠢᠭ᠍ᠯᠠᠬᠤ᠎ᠶᠢ ᠳᠡᠮᠵᠢᠬᠦ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠳᠣᠷᠬᠠᠢ ᠲᠣᠬᠢᠷᠠᠭᠤᠯᠵᠤ᠂ ᠨᠡᠶ᠋ᠢᠲᠡ 1851 ᠳ᠋ᠦᠩᠰᠢᠭᠤᠷ ᠲᠥᠭᠥᠷᠢᠭ ᠪᠠᠭᠤᠯᠭᠠᠵᠤ ᠲᠣᠨᠣᠭ ᠲᠥᠬᠦᠭᠡᠷᠦᠮᠵᠢ᠎ᠶᠢ ᠰᠢᠨᠡᠳᠬᠡᠬᠦ᠎ᠳᠦ ᠬᠡᠷᠡᠭᠯᠡᠪᠡ᠂ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭ᠍ᠯᠠᠬᠤ ᠪᠣᠯ ᠭᠣᠣᠯ ᠳᠡᠮᠵᠢᠯᠭᠡ ᠦᠵᠡᠭᠦᠯᠬᠦ ᠬᠦᠷᠢᠶ᠎ᠡ ᠮᠥᠨ᠃ ᠪᠦᠷᠢᠳᠬᠡᠯ᠎ᠢ ᠦᠨᠳᠦᠰᠦᠯᠡᠪᠡᠯ ᠡᠨᠡ ᠵᠢᠯ᠎ᠦᠨ ᠲᠦᠷᠦᠭᠦᠦ 4 ᠰᠠᠷ᠎ᠠ᠎ᠳᠤ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ ᠨᠢ ᠨᠢᠭᠡᠨᠲᠡ ᠬᠣᠯᠪᠣᠭᠳᠠᠯ ᠪᠦᠬᠦᠢ ᠪᠣᠷᠤᠯᠠᠭᠤᠯᠭ᠎ᠠ᠎ᠶᠢᠨ ᠲᠣᠭ᠎ᠠ᠎ᠶᠢ 6069.3 ᠳ᠋ᠦᠩᠰᠢᠭᠤᠷ ᠲᠥᠭᠥᠷᠢᠭ ᠳᠠᠶ᠋ᠢᠴᠢᠯᠠᠵᠤ᠂ 8223.4 ᠲᠦᠮᠡᠨ ᠬᠥᠮᠥᠨ ᠤᠳᠠᠭ᠎ᠠ ᠠᠰᠢᠭ᠋ ᠭᠥᠷᠳᠡᠵᠦ᠂ ᠡᠷᠭᠢᠯᠳᠡᠳᠦ ᠠᠵᠤ ᠦᠢᠯᠡᠰ᠎ᠦᠨ ᠬᠦᠭᠵᠢᠬᠦ ᠬᠠᠨᠳᠣᠰᠢ ᠶᠡᠬᠡ ᠰᠠᠢᠨ ᠪᠠᠢᠨ᠎ᠠ᠃ ᠡᠭᠦᠨ᠎ᠡᠴᠡ ᠭᠠᠳᠠᠨ᠎ᠠ ᠣᠯᠠᠨ ᠨᠡᠶ᠋ᠢᠲᠡ᠎ᠶᠢᠨ ᠣᠷᠴᠢᠨ ᠠᠬᠤᠢ᠎ᠶᠢ ᠬᠠᠮᠠᠭᠠᠯᠠᠬᠤ ᠤᠬᠠᠮᠰᠠᠷ ᠢᠳᠡᠭ ᠢᠳᠡᠭ᠎ᠢᠶᠡᠷ ᠴᠢᠩᠭᠠᠷᠠᠵᠤ᠂ ᠨᠡᠢᠭᠡᠮ᠎ᠦᠨ ᠳᠠᠬᠢᠨ ᠦᠢᠯᠡᠳᠪᠦᠷᠢᠯᠡᠭᠰᠡᠨ ᠪᠦᠲᠦᠭᠡᠭᠳᠡᠬᠦᠨ᠎ᠢ ᠭᠥᠯᠢᠶᠡᠨ ᠠᠪᠬᠤ ᠬᠡᠮᠵᠢᠶ᠎ᠡ ᠢᠯᠡᠳᠲᠡ ᠳᠡᠭᠡᠭᠰᠢᠯᠡᠵᠦ᠂ ᠳᠠᠬᠢᠯᠲᠠ ᠴᠠᠭᠠᠰᠤ᠂ ᠳᠠᠬᠢᠯᠲᠠ ᠰᠦᠯᠢᠶᠥᠦ᠂ ᠳᠠᠬᠢᠯᠲᠠ ᠲᠡᠮᠦᠷᠯᠢᠭ ᠵᠡᠷᠭᠡ᠎ᠶᠢ ᠨᠢᠭᠡᠨᠲᠡ ᠪᠣᠭᠣᠳᠠᠯ ᠪᠠᠭᠯᠠᠭ᠎ᠠ᠂ ᠪᠠᠷᠢᠯᠭ᠎ᠠ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭᠯᠡᠵᠦ᠂ ᠳᠠᠬᠢᠯᠲᠠ ᠡᠬᠢ ᠪᠠᠶᠠᠯᠢᠭ᠋᠎ᠢ ᠬᠣᠷᠢᠶᠠᠨ ᠠᠪᠬᠤ ᠠᠵᠢᠯ ᠲᠥᠷᠥᠯ᠎ᠳᠦ ᠥᠷᠭᠡᠨ ᠠᠭᠤᠳᠠᠮ ᠵᠠᠬ᠎ᠠ ᠳᠡᠯᠭᠡᠭᠦᠷ᠎ᠦᠨ ᠣᠷᠣᠨ ᠵᠠᠢ ᠬᠠᠩᠭᠠᠪᠠ᠃ ᠡᠭᠦᠨ᠎ᠡᠴᠡ ᠭᠠᠳᠠᠨ᠎ᠠ ᠪᠥᠬᠥ ᠤᠯᠤᠰ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠭᠲᠠᠭᠠᠮᠵᠢ᠎ᠶᠢ ᠥᠷᠭᠡᠳᠬᠡᠬᠦ ᠪᠠ ᠥᠯᠥ ᠬᠥᠳᠡᠯᠬᠦ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠢᠲᠡᠭᠡᠮᠵᠢᠲᠦ ᠰᠠᠭᠤᠷᠢ ᠮᠥᠩᠭᠥ ᠵᠡᠷᠭᠡ ᠮᠥᠩᠭᠥᠨ ᠭᠦᠢᠯᠭᠡᠭᠡᠨ᠎ᠦ ᠪᠠᠭᠠᠵᠢ᠎ᠶᠢᠨ ᠰᠢᠨ᠎ᠡ᠎ᠶᠢ ᠡᠭᠦᠳᠬᠦ᠎ᠶᠢ ᠳᠠᠭᠠᠯᠳᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠲᠥᠷᠥᠯ ᠵᠦᠢᠯ᠎ᠦᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠠᠰᠢᠭ᠋ ᠣᠷᠣᠯᠭ᠎ᠠ ᠠᠯᠬᠤᠮ ᠠᠯᠬᠤᠮ᠎ᠢᠶᠠᠷ ᠢᠯᠡᠷᠬᠡᠢ ᠪᠣᠯᠵᠤ᠂ ᠣᠷᠴᠢᠨ ᠠᠬᠤᠢ᠎ᠶᠢᠨ ᠬᠠᠮᠠᠭᠠᠯᠠᠯᠲᠠ᠎ᠶᠢᠨ ᠪᠡᠯᠡ ᠣᠷᠣᠭᠤᠯᠤᠯᠲᠠ᠎ᠶᠢ ᠥᠷᠲᠡᠭ᠎ᠦᠨ ᠲᠠᠷᠣᠭᠠᠰᠣ᠎ᠡᠴᠡ ᠥᠷᠲᠡᠭ ᠨᠡᠮᠡᠭᠳᠡᠯ᠎ᠦᠨ ᠡᠳ᠋ ᠬᠥᠷᠥᠩᠭᠡ ᠪᠣᠯᠭᠠᠨ ᠬᠤᠪᠢᠷᠠᠭᠤᠯᠵᠤ᠂ 《ᠣᠷᠣᠭᠤᠯᠤᠯᠲᠠ — ᠠᠰᠢᠭ᠋ ᠣᠷᠣᠯᠭ᠎ᠠ — ᠳᠠᠬᠢᠨ ᠣᠷᠣᠭᠤᠯᠤᠯᠲᠠ》 ᠵᠢᠨ ᠰᠠᠢᠨ ᠣᠷᠴᠢᠯ᠎ᠢ ᠪᠣᠶ ᠪᠣᠯᠭᠠᠵᠤ ᠪᠠᠢᠨ᠎ᠠ᠃
ᠡᠭᠦᠨ᠎ᠦ ᠬᠠᠮᠲᠤ ᠲᠣᠭᠠᠴᠢᠯᠠᠯᠲᠠ ᠪᠠ ᠣᠶᠤᠨᠴᠢᠯᠠᠯᠲᠠ ᠨᠢ ᠡᠷᠬᠢᠯᠳᠡᠳᠦ ᠠᠵᠤ ᠠᠬᠤᠢ᠎ᠶᠢᠨ ᠠᠵᠤ ᠦᠢᠯᠡᠰ᠎ᠦᠨ ᠠᠮᠢ ᠠᠬᠤᠢ᠎ᠶᠢ ᠳᠠᠬᠢᠨ ᠴᠣᠭᠴᠠᠯᠠᠵᠤ ᠪᠠᠢᠨ᠎ᠠ᠃ 《ᠢᠨᠲᠧᠷ ᠰᠦᠯᠵᠢᠶ᠎ᠡ + ᠬᠣᠷᠢᠶᠠᠨ ᠠᠪᠬᠤ》᠂ AI ᠪᠡᠷ ᠢᠯᠭᠠᠨ ᠲᠠᠨᠢᠬᠤ ᠪᠠ ᠲᠣᠮᠣ᠌ ᠳ᠋ᠠᠢᠲ᠋ᠠ᠎ᠶᠢ ᠮᠥᠷᠳᠡᠬᠦ ᠵᠡᠷᠭᠡ ᠰᠢᠨ᠎ᠡ ᠡᠵᠡᠩᠨᠡᠯᠲᠡ᠎ᠶᠢᠨ ᠪᠠᠢᠳᠠᠯ ᠪᠠ ᠰᠢᠨ᠎ᠡ ᠮᠡᠷᠭᠡᠵᠢᠯ᠎ᠢ ᠥᠷᠭᠡᠨ᠎ᠢᠶᠡᠷ ᠬᠡᠷᠡᠭᠯᠡᠵᠦ᠂ ᠡᠷᠬᠢᠯᠳᠡᠳᠣ ᠠᠵᠤ ᠠᠬᠤᠢ᠎ᠶᠢᠨ ᠬᠠᠮᠢᠶ᠎ᠠ ᠪᠦᠬᠦᠢ ᠠᠵᠢᠯ ᠲᠥᠷᠥᠯ᠎ᠢ ᠪᠠᠷᠢᠮᠵᠢᠶᠠᠵᠢᠭᠤᠯᠬᠤ᠂ ᠡᠷᠴᠢᠮᠵᠢᠭᠦᠯᠬᠦ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠭᠦᠨᠵᠡᠭᠡᠢ ᠠᠬᠢᠭᠤᠯᠤᠨ᠎ᠠ᠃ ᠣᠳᠣᠬᠠᠨ᠎ᠳᠤ ᠪᠥᠬᠥ ᠤᠯᠤᠰ᠎ᠲᠤ ᠨᠢᠭᠡᠨᠲᠡ ᠨᠢᠭᠡᠳᠦᠯᠲᠡᠢ ᠬᠢᠨᠠᠨ ᠬᠠᠮᠢᠶᠠᠷᠬᠤ ᠰᠢᠰᠲᠧᠮ᠎ᠢ ᠪᠠᠢᠭᠤᠯᠵᠤ᠂ ᠠᠵᠤ ᠠᠬᠤᠢᠯᠠᠯ᠎ᠤᠨ ᠲᠥᠬᠦᠭᠡᠷᠦᠮᠵᠢ ᠪᠦᠷᠢᠳᠦ ᠲᠤᠰᠬᠠᠢ ᠮᠥᠷᠳᠡᠬᠦ ᠵᠢᠷᠤᠭᠠᠰᠤᠨ ᠲᠡᠮᠳᠡᠭ ᠣᠯᠭᠣᠵᠤ᠂ 《ᠨᠢᠭᠡ ᠪᠣᠳᠠᠰᠨᠢᠭᠡ ᠨᠣᠮᠧᠷ᠎ᠲᠠᠢ᠂ ᠪᠥᠬᠥ ᠶᠠᠪᠤᠴᠠ᠎ᠳᠤ ᠮᠥᠷᠳᠡᠵᠦ ᠪᠣᠯᠬᠤ》 ᠵᠢ ᠪᠡᠶᠡᠯᠡᠭᠦᠯᠪᠡ᠃ ᠪᠦᠷᠢᠳᠬᠡᠯ᠎ᠢ ᠦᠨᠳᠦᠰᠦᠯᠡᠪᠡᠯ᠂ 2025 ᠣᠨ᠎ᠳᠤ ᠪᠥᠬᠥ ᠤᠯᠤᠰ᠎ᠤᠨ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ᠎ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠵᠠᠬ᠎ᠠ ᠳᠡᠯᠭᠡᠭᠦᠷ᠎ᠦᠨ ᠬᠡᠪᠴᠢᠶ᠎ᠡ 1500 ᠳ᠋ᠦᠩᠰᠢᠭᠤᠷ ᠲᠥᠭᠥᠷᠢᠭ᠎ᠢ ᠳᠠᠪᠠᠵᠤ᠂ ᠵᠢᠱ᠌ᠢᠯᠲᠡ᠎ᠪᠡᠷ ᠡᠨᠡ ᠵᠢᠯ ᠪᠥᠬᠥ ᠤᠯᠤᠰ᠎ᠤᠨ ᠬᠠᠶᠠᠭᠳᠠᠮᠠᠯ ᠬᠠᠭᠤᠴᠢᠨ ᠭᠡᠷ᠎ᠦᠨ ᠴᠠᠬᠢᠯᠭᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠶᠡᠷᠦᠩᠬᠡᠢ ᠬᠡᠮᠵᠢᠶ᠎ᠡ 2 ᠳ᠋ᠦᠩᠰᠢᠭᠤᠷ᠎ᠢ ᠳᠠᠪᠠᠬᠤ ᠪᠣᠯᠣᠮᠵᠢ᠎ᠲᠠᠢ ᠪᠠᠢᠨ᠎ᠠ᠃
ᠤᠯᠤᠰ᠎ᠤᠨ ᠳᠣᠲᠣᠭᠠᠳᠤ ᠭᠠᠳᠠᠭᠠᠳᠤ᠎ᠶᠢᠨ ᠡᠬᠢ ᠪᠠᠶᠠᠯᠢᠭ᠋᠎ᠤᠨ ᠬᠢᠵᠠᠭᠠᠷᠯᠠᠯ ᠬᠡᠴᠡᠭᠦᠳᠡᠵᠦ ᠪᠠᠢᠭ᠎ᠠ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠳᠠᠷᠤᠯᠲᠠ ᠵᠡᠷᠭᠡ᠎ᠪᠡᠷ ᠣᠷᠣᠰᠢᠵᠤ ᠪᠠᠢᠭ᠎ᠠ ᠳᠠᠪᠬᠤᠷ ᠥᠷᠢᠰᠦᠯᠳᠦᠭᠡᠨ᠎ᠦ ᠡᠮᠦᠨ᠎ᠡ ᠡᠷᠬᠢᠯᠳᠡᠳᠣ ᠠᠵᠤ ᠠᠬᠤᠢ ᠨᠢ ᠨᠢᠭᠡᠨᠲᠡ ᠠᠵᠤ ᠦᠢᠯᠡᠰ᠎ᠦᠨ ᠬᠥᠭᠵᠢᠯᠲᠡ᠎ᠶᠢᠨ 《ᠰᠣᠩᠭᠣᠬᠤ ᠰᠡᠳᠦᠪ》 ᠪᠢᠰᠢ ᠪᠣᠯᠵᠤ᠂ ᠬᠠᠷᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠡᠬᠢ ᠪᠠᠶᠠᠯᠢᠭ᠋᠎ᠤᠨ ᠠᠮᠤᠷ ᠲᠦᠪᠰᠢᠨ᠎ᠳᠦ ᠬᠣᠯᠪᠣᠭᠳᠠᠬᠤ 《ᠵᠠᠪᠠᠯ ᠬᠠᠷᠢᠭᠤᠯᠬᠤ ᠰᠡᠳᠦᠪ》 ᠪᠣᠯᠵᠠᠢ᠃ ᠲᠥᠷᠥ᠎ᠶᠢᠨ ᠪᠣᠳᠣᠯᠭ᠎ᠠ᠎ᠶᠢᠨ ᠠᠰᠢᠭ᠋ ᠪᠣᠯᠣᠨ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢᠨ ᠠᠬᠢᠭᠤᠯᠤᠯ ᠳᠣᠣᠷ᠎ᠠ ᠮᠠᠨ᠎ᠤ ᠤᠯᠤᠰ᠎ᠤᠨ ᠡᠷᠬᠢᠯᠳᠡᠳᠣ ᠠᠵᠤ ᠠᠬᠤᠢ ᠡᠬᠢ ᠪᠠᠶᠠᠯᠢᠭ᠍ᠵᠢᠭᠤᠯᠬᠤ ᠪᠠ ᠨᠠᠷᠢᠯᠢᠭ᠍ᠵᠢᠭᠤᠯᠬᠤ᠎ᠪᠠᠷ ᠬᠣᠣᠰ ᠬᠥᠳᠡᠯᠭᠡᠭᠦᠷ ᠪᠣᠯᠭᠠᠵᠤ᠂ ᠰᠠᠨᠠᠭᠠᠴᠢᠯᠠᠭᠠᠲᠤ ᠪᠤᠰᠤ᠎ᠪᠠᠷ ᠰᠢᠢᠳᠪᠦᠷᠢᠯᠡᠬᠦ ᠡᠴᠡ ᠰᠠᠨᠠᠭᠠᠴᠢᠯᠠᠭ᠎ᠠ᠎ᠠᠴᠠ᠎ᠪᠠᠨ ᠬᠢᠬᠦ ᠲᠡᠢᠰᠢ ᠤᠷᠤᠭᠰᠢᠯᠠᠵᠤ ᠪᠠᠢᠨ᠎ᠠ᠃ ᠪᠢᠳᠡ ᠠᠵᠠ ᠲᠣᠬᠢᠶᠠᠯ᠎ᠢ ᠡᠵᠡᠮᠳᠡᠵᠦ᠂ ᠪᠠᠢᠳᠠᠯ᠎ᠢ ᠳᠠᠭᠠᠨ ᠠᠵᠢᠯᠯᠠᠵᠤ᠂ ᠤᠯᠤᠰ᠎ᠤᠨ ᠠᠤᠭ᠎ᠠ ᠶᠡᠬᠡ ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠶᠢ ᠦᠨᠡᠨ ᠬᠦ᠌ ᠡᠷᠬᠢᠯᠳᠡᠳᠣ ᠠᠵᠤ ᠠᠬᠤᠢ᠎ᠶᠢᠨ ᠬᠥᠭᠵᠢᠯᠲᠡ᠎ᠶᠢᠨ ᠰᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠡᠭᠦᠷᠡᠰᠦᠲᠥ᠋ᠷᠥᠭᠴᠢ᠎ᠶᠢᠨ ᠭᠠᠳᠠᠬᠰᠢᠯᠠᠭᠣᠯᠣᠯᠳᠠ ᠣᠷᠬᠢᠯ ᠬᠡᠮᠵᠢᠭᠳᠡᠯ᠎ᠳᠦ ᠬᠦᠷᠭᠡᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠣᠯᠬᠣ ᠬᠠᠷᠠᠯᠲᠠ᠎ᠶᠢ ᠪᠡᠶᠡᠯᠡᠭᠦᠯᠬᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠶᠢᠨ ᠪᠣᠬᠢᠷᠲᠤᠯ ᠦᠭᠡᠢ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠬᠤ᠎ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃
(ᠵᠣᠬᠢᠶᠠᠭ᠍ᠴᠢ ᠵᠢᠨ ᠬᠠᠶᠢᠬ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠡᠳ᠋᠎ᠦᠨ ᠵᠠᠰᠠᠭ ᠠᠵᠤ ᠠᠬᠤᠢ᠎ᠶᠢᠨ ᠪᠠᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠬᠦᠷᠢᠶᠡᠯᠡᠩ)
— 《ᠭᠤᠸᠠᠩᠮᠢᠩ ᠡᠳᠦᠷ᠎ᠦᠨ ᠰᠣᠨᠢᠨ》 ᠡᠴᠡ