ᠠᠮᠢᠳᠤ ᠪᠣᠳᠠᠰ ᠤ᠋ᠨ ᠮᠡᠷᠭᠡᠵᠢᠯ ᠡᠯᠡᠰᠦ ᠵᠢ ᠳᠤᠭᠳᠠᠪᠤᠷᠢᠵᠢᠭᠤᠯᠬᠤ ᠪᠣᠭᠣᠮᠢ ᠵᠢᠨ ᠰᠢᠪᠲᠤᠯᠤᠯᠳᠠ
2026-07-06 10:48:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠮᠢᠳᠤ ᠪᠣᠳᠠᠰ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠬᠡᠷᠡᠭᠯᠡᠯᠲᠡ ᠨᠢ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳ᠋ᠤ᠌ ᠰᠢᠨ᠎ᠡ ᠰᠢᠢᠳᠪᠦᠷᠢᠯᠡᠬᠦ ᠲᠥᠰᠦᠯ ᠬᠠᠩᠭᠠᠵᠤ᠂ ᠢᠯᠠᠩᠭᠤᠶ᠎ᠠ ᠨᠡᠭᠦᠳᠡᠯ ᠡᠯᠡᠰᠦ ᠵᠢ ᠲᠦᠷᠭᠡᠨ ᠲᠣᠭᠲᠠᠪᠤᠷᠢᠵᠢᠭᠤᠯᠬᠤ ᠲᠠᠯ᠎ᠠ ᠪᠠᠷ ᠰᠢᠪᠲᠤᠯᠤᠯᠲᠠ ᠵᠢᠨ ᠴᠢᠨᠠᠷᠲᠠᠢ ᠠᠬᠢᠴᠠ ᠲᠠᠢ ᠪᠤᠯᠵᠠᠢ᠃

ᠬᠤᠯᠠᠨ ᠰᠢᠷᠭ᠎ᠠ ᠳᠠᠭ᠎ᠠ — ᠬᠣᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠳ᠋ᠡᠬᠢ ᠵᠠᠰᠠᠯᠲᠠ ᠵᠢᠨ ᠲᠦᠷᠦᠬᠦᠤ ᠬᠤᠭᠤᠴᠠᠭᠠᠨ ᠤ᠋ ᠲᠥᠷᠥᠯ ᠵᠦᠢᠯ ᠪᠤᠯᠬᠤ ᠵᠠᠮᠠᠭ ᠤᠷᠭᠤᠮᠠᠯ ᠤ᠋ᠨ ᠵᠣᠬᠢᠶᠠᠮᠠᠯ ᠪᠦᠷᠭᠦᠪᠴᠢ ᠵᠢᠨ ᠬᠡᠷᠡᠭᠯᠡᠭᠡᠨ ᠤ᠋ ᠵᠢᠱ᠌ᠢᠶ᠎ᠡ ᠦᠵᠡᠭᠦᠯᠬᠦ ᠲᠤᠭᠤᠷᠢᠭ ᠲᠦ᠍᠂ ᠬᠥᠮᠦᠨ ᠤ᠋ ᠬᠦᠴᠦ ᠪᠡᠷ ᠪᠣᠢᠵᠢᠭᠤᠯᠤᠭᠰᠠᠨ ᠡᠯᠡᠰᠦᠨ ᠴᠦᠯ ᠤ᠋ᠨ ᠵᠠᠮᠠᠭ ᠤᠷᠭᠤᠮᠠᠯ ᠨᠢ ᠡᠯᠡᠰᠦ ᠮᠠᠩᠬᠠᠨ ᠳ᠋ᠤ᠌ ᠬᠤᠴᠢᠭᠳᠠᠵᠤ᠂ ᠬᠥᠬᠡ ᠡᠪᠡᠰᠦ᠎ᠲᠡᠢ ᠠᠯᠠᠭᠯᠠᠨ ᠤᠷᠭᠤᠵᠤ᠂ ᠡᠯᠡᠰᠦᠷᠬᠡᠭ ᠭᠠᠵᠠᠷ ᠤ᠋ᠨ ᠭᠠᠳᠠᠷᠭᠤ ᠳ᠋ᠤ᠎ᠡᠯᠡᠰᠦ ᠵᠢ ᠲᠣᠭᠲᠠᠪᠤᠷᠢᠵᠢᠭᠤᠯᠤᠨ ᠤᠰᠤ ᠵᠢ ᠬᠠᠮᠠᠭᠠᠯᠠᠬᠤ 《ᠠᠮᠢ ᠠᠬᠤᠢ ᠵᠢᠨ ᠬᠠᠮᠠᠭᠠᠯᠠᠯᠲᠠ ᠵᠢᠨ ᠪᠦᠷᠬᠦᠪᠴᠢ 》 ᠵᠢ ᠪᠤᠢ ᠪᠤᠯᠭᠠᠪᠠ᠃ 《ᠤᠮᠠᠷᠠᠲᠤ ᠵᠢᠨ ᠭᠤᠷᠪᠠᠨ  ᠤᠷᠤᠨ》 ᠳ᠋ᠤ᠌᠂ ᠡᠢᠮᠦᠷᠬᠦᠦ ᠲᠣᠭᠲᠠᠪᠤᠷᠢᠵᠢᠭᠤᠯᠬᠤ ᠴᠢᠨᠠᠷᠳᠠᠢ ᠵᠠᠮᠠᠭ ᠤᠷᠭᠤᠮᠠᠯ ᠨᠢ ᠠᠶᠠᠨᠳᠠᠭᠠᠨ ᠪᠦᠷᠢᠯᠳᠦᠬᠦ ᠳ᠋ᠦ᠍ ᠬᠡᠳᠦᠨ ᠠᠷᠪᠠᠨ ᠵᠢᠯ ᠵᠠᠷᠤᠴᠠᠭᠤᠯᠤᠨ᠎ᠠ᠂ ᠡᠨᠡ ᠬᠦ᠌ ᠦᠶᠡᠯᠡᠯ ᠢ᠋ ᠵᠢᠱ᠌ᠢᠶ᠎ᠡ ᠦᠵᠡᠭᠦᠯᠬᠦ ᠣᠷᠣᠨ ᠳ᠋ᠤ 2 — 3 ᠵᠢᠯ ᠪᠣᠯᠭᠠᠨ ᠪᠠᠭᠠᠰᠬᠠᠵᠤ᠂ ᠥᠩᠭᠡᠨ ᠳᠠᠪᠬᠤᠷᠭ᠎ᠠ ᠵᠢᠨ ᠡᠯᠡᠰᠦ ᠮᠠᠩᠬ᠎ᠠ ᠵᠢ ᠳᠤᠭᠳᠠᠪᠤᠷᠢᠵᠢᠭᠤᠯᠤᠨ᠂ ᠡᠯᠡᠰᠦᠷᠬᠡᠭ ᠭᠠᠵᠠᠷ ᠤ᠋ᠨ ᠤᠰᠤ ᠬᠠᠮᠠᠭᠠᠯᠠᠬᠤ ᠴᠢᠳᠠᠪᠤᠷᠢ ᠵᠢ ᠳᠡᠭᠡᠭᠰᠢᠯᠡᠭᠦᠯᠵᠤ᠂ ᠪᠤᠲᠠ ᠮᠣᠳᠣ ᠵᠢᠴᠢ ᠡᠪᠡᠰᠦᠯᠢᠭ ᠤᠷᠭᠤᠮᠠᠯ ᠳ᠋ᠤ ᠲᠣᠭᠲᠠᠭᠤᠨ ᠪᠦᠬᠦᠢ ᠪᠢᠴᠢᠯ ᠠᠮᠢ ᠠᠬᠤᠢ ᠵᠢᠨ ᠤᠷᠴᠢᠨ ᠢ᠋ ᠪᠣᠢ ᠪᠣᠯᠭᠠᠳᠠᠭ᠃ ᠡᠨᠡ ᠬᠦ᠌ ᠮᠡᠷᠭᠡᠵᠢᠯ ᠢ᠋ ᠡᠪᠡᠰᠤᠨ ᠲᠦᠷᠪᠡᠯᠵᠢ ᠪᠡᠷ ᠡᠯᠡᠰᠦ ᠵᠢ ᠲᠣᠭᠲᠠᠪᠤᠷᠢᠵᠢᠭᠤᠯᠬᠤ᠂ ᠬᠠᠰᠢᠶᠠᠯᠠᠵᠤ ᠬᠠᠮᠢᠶᠠᠷᠤᠨ ᠬᠠᠮᠠᠭᠠᠯᠠᠬᠤ᠂ ᠴᠢᠬᠢ ᠮᠣᠳᠣ ᠨᠥᠬᠥᠵᠦ ᠲᠠᠷᠢᠬᠤ ᠵᠡᠷᠭᠡ ᠡᠯᠡᠰᠦ ᠵᠢ ᠵᠠᠰᠠᠬᠤ ᠤᠯᠠᠮᠵᠢᠯᠠᠯᠲᠤ ᠠᠷᠭ᠎ᠠ ᠪᠠᠷᠢᠯ ᠢ᠋ ᠵᠡᠷᠭᠡ ᠪᠡᠷ ᠬᠡᠷᠡᠭᠵᠢᠭᠦᠯᠵᠦ᠂ 2025 ᠣᠨ ᠤ᠋ ᠰᠡᠭᠦᠯᠴᠢ ᠪᠣᠯᠲᠠᠯ᠎ᠠ᠂ ᠬᠤᠯᠠᠨ ᠰᠢᠷᠭ᠎ᠠ ᠳᠠᠭ᠎ᠠ — ᠬᠣᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠳ᠋ᠡᠬᠢ ᠵᠠᠰᠠᠯᠲᠠ ᠵᠢᠨ ᠲᠦᠷᠦᠬᠦᠤ  ᠬᠤᠭᠤᠴᠠᠭᠠᠨ ᠤ᠋ ᠲᠥᠷᠥᠯ ᠵᠦᠢᠯ ᠨᠢ ᠨᠢᠭᠡᠨᠲᠡ 23.3 ᠲᠦᠮᠡᠨ ᠮᠦ᠍ ᠲᠠᠯᠠᠪᠠᠢ ᠪᠦᠬᠦᠢ ᠡᠯᠡᠰᠦᠷᠭᠡᠭ ᠭᠠᠵᠠᠷ ᠢ᠋ ᠳᠤᠭᠳᠠᠪᠤᠷᠢᠵᠢᠭᠤᠯᠵᠤ᠂ ᠴᠢᠬᠢ ᠮᠣᠳᠣᠨ ᠤ᠋ ᠡᠳᠡᠭᠡᠷᠡᠯᠲᠡ ᠵᠢᠨ ᠨᠣᠷᠮ᠎ᠠ  85% ᠶ᠋ᠢ ᠳᠠᠪᠠᠪᠠ᠃

ᠰᠢᠯᠢ ᠵᠢᠨ ᠭᠣᠣᠯ ᠠᠢᠮᠠᠭ ᠤ᠋ᠨ ᠰᠢᠯᠤᠭᠤᠨ ᠬᠥᠬᠡ ᠬᠤᠰᠢᠭᠤᠨ ᠤ᠋ ᠱᠠᠩᠳᠤ ᠪᠠᠯᠭᠠᠰᠤᠨ ᠤ᠋ ᠠᠳᠤᠭᠤᠨ ᠬᠤᠳᠳᠤᠭ ᠭᠠᠴᠠᠭᠠᠨ ᠤ᠋ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠲᠤ᠌᠂ ᠠᠮᠢ ᠠᠬᠤᠢ ᠵᠢᠨ ᠳᠤᠰᠬᠠᠢ ᠨᠠᠢᠷᠠᠯᠭ᠎ᠠ ᠲᠠᠢ ᠦᠷ᠎ᠡ ᠵᠢ ᠬᠡᠷᠡᠭᠯᠡᠵᠤ᠂ ᠤᠰᠤᠨ ᠤ᠋ ᠡᠬᠢ ᠪᠠᠶᠠᠯᠢᠭ ᠳᠤᠲᠠᠮᠠᠭ᠂ ᠬᠥᠷᠥᠰᠥᠨ ᠤ᠋ ᠣᠷᠭᠠᠨᠢᠭ ᠴᠢᠨᠠᠷ ᠪᠠ ᠤᠰᠤᠨ ᠤ᠋ ᠠᠭᠤᠯᠤᠭᠳᠠᠴᠠ ᠳᠣᠣᠷ᠎ᠠ᠂ ᠦᠷ᠎ᠡ ᠨᠢ ᠡᠳᠡᠭᠡᠷᠡᠬᠦ ᠳ᠋ᠦ᠍ ᠬᠦᠴᠢᠷ ᠠᠰᠠᠭᠤᠳᠠᠯ ᠢ᠋ ᠰᠢᠢᠳᠪᠦᠷᠢᠯᠡᠵᠤ ᠂ 《 ᠨᠥᠬᠥᠨ ᠲᠠᠷᠢᠵᠤ ᠡᠯᠡᠰᠦ ᠵᠢ ᠲᠣᠭᠲᠠᠪᠤᠷᠢᠵᠢᠭᠤᠯᠬᠤ + ᠣᠨᠣᠴᠠᠲᠠᠢ ᠪᠡᠷ ᠪᠡᠯᠴᠢᠭᠡᠷ ᠮᠠᠯ ᠢ᠋ ᠲᠡᠩᠴᠡᠭᠦᠷᠢ᠎ᠲᠡᠢ ᠪᠠᠢᠯᠭᠠᠬᠤ 》 ᠪᠢᠲᠡᠭᠦᠦ ᠬᠡᠯᠬᠢᠶᠡᠳᠤ ᠵᠠᠰᠠᠨ ᠰᠡᠷᠭᠦᠭᠡᠬᠦ ᠵᠠᠭᠪᠤᠷ ᠢ᠋ ᠪᠦᠷᠢᠯᠳᠦᠭᠦᠯᠵᠦ᠂ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠤ᠋ᠨ ᠨᠤᠳᠤᠭ ᠪᠡᠯᠴᠢᠭᠡᠷ ᠤ᠋ᠨ ᠦᠷᠭᠦᠯᠵᠢᠯᠡᠨ ᠡᠯᠡᠰᠦᠷᠬᠡᠭᠵᠢᠨ ᠥᠷᠭᠡᠳᠬᠦ ᠵᠢ ᠪᠦᠲᠦᠮᠵᠢᠲᠡᠢ ᠬᠣᠷᠢᠭᠯᠠᠵᠠᠢ᠃ ᠠᠮᠢ ᠠᠬᠤᠢ ᠵᠢᠨ ᠳᠤᠰᠬᠠᠢ ᠨᠠᠢᠷᠠᠯᠭ᠎ᠠ ᠲᠠᠢ ᠦᠷ᠎ᠡ ᠨᠢ ᠤᠤᠯ ᠨᠢ ᠬᠡᠷᠡᠭᠯᠡᠵᠤ ᠪᠠᠢᠭᠰᠠᠨ ᠦᠷ᠎ᠡ ᠡᠴᠡ 90% ᠪᠡᠷ ᠤᠰᠤ ᠠᠷᠪᠢᠯᠠᠵᠤ᠂ 60% ᠪᠡᠷ ᠡᠪᠡᠰᠦᠨ ᠦᠷ᠎ᠡ ᠵᠢ ᠠᠷᠪᠢᠯᠠᠵᠤ᠂ ᠥᠪᠡᠷ ᠤ᠋ᠨ ᠥᠷᠲᠡᠭ ᠢ᠋ ᠢᠯᠡᠳᠳᠡ ᠪᠠᠭᠤᠷᠠᠭᠤᠯᠵᠤ᠂ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠬᠤ ᠴᠢᠳᠠᠪᠤᠷᠢ ᠵᠢ ᠶᠡᠬᠡ ᠪᠡᠷ ᠳᠡᠭᠡᠭᠰᠢᠯᠡᠭᠦᠯᠪᠠ᠃

ᠰᠢᠨ᠎ᠠ ᠮᠡᠷᠭᠡᠵᠢᠯ᠎ᠤᠨ ᠦᠷᠭᠡᠨ ᠲᠠᠯᠭᠡᠷ ᠭᠡᠷᠡᠭᠯᠡᠯᠳᠠ ᠵᠢᠴᠢ ᠰᠢᠨ᠎ᠠ ᠮᠠᠰᠢᠨ ᠮᠸᠬᠠᠨᠢᠭ᠎ᠤᠨ ᠲᠡᠯᠭᠡᠷᠡᠬᠦᠯᠤᠯᠳᠠ᠎ᠵᠢ ᠲᠠᠭᠠᠯᠳᠤᠨ᠂ ᠦᠪᠤᠷ ᠮᠤᠡᠭᠭᠤᠯ ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠤ᠎ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠵᠢᠡᠷ ᠴᠢᠳᠠᠮᠵᠢ ᠤᠯᠭᠤᠬᠤ᠎ᠵᠢ ᠨᠠᠡᠭ ᠴᠢᠬᠤᠯᠠᠴᠢᠯᠠᠵᠤ᠂ ᠡᠭᠡ ᠤᠯᠤᠰ᠎ᠤᠨ ᠤᠮᠠᠷᠠᠳᠤ᠎ᠵᠢᠨ ᠨᠤᠮᠢᠨ ᠨᠤᠭᠤᠭᠠᠨ ᠬᠠᠯᠬᠠᠪᠴᠢ᠎ᠵᠢ ᠦᠷᠬᠦᠯᠵᠢᠯᠡᠨ ᠪᠡᠬᠢᠵᠢᠬᠦᠯᠵᠤ᠂ ᠠᠮᠢ ᠠᠬᠤᠢ᠎ᠵᠢᠨ ᠪᠤᠯᠪᠠᠰᠤᠨ᠎ᠤ ᠪᠠᠢᠭᠤᠯᠤᠯᠳᠠ᠎ᠵᠢᠨ ᠬᠠᠷᠠᠯᠳᠠ᠎ᠵᠢ ᠪᠠᠶᠠᠯᠠᠬᠦᠯᠬᠦ᠎ᠳᠤ ᠨᠠᠡᠭ ᠶᠡᠭᠡ ᠬᠤᠪᠢ ᠨᠠᠮᠠᠷᠢ ᠦᠵᠡᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号