《ᠲᠣᠭᠠᠴᠢᠯᠠᠯᠳᠠ ᠪᠡᠷ ᠡᠯᠡᠰᠦ ᠵᠠᠰᠠᠬᠤ》 ᠴᠢᠭᠯᠡᠯ ᠵᠢᠡᠷ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠬᠢᠵᠤ᠂ 《ᠠᠯᠤᠰ ᠰᠡᠷᠡᠯ ᠤ᠋ᠨ ᠡᠭᠦᠯᠡᠨ ᠲᠠᠪᠴᠠᠩ ᠳ᠋ᠤ ᠰᠠᠭᠤᠷᠢᠯᠠᠨ ᠭᠠᠵᠠᠷ ᠲᠡᠭᠡᠷᠡᠬᠢ ᠪᠣᠳᠠᠰ ᠤ᠋ᠨ ᠴᠠᠭ ᠤ᠋ᠨ ᠳᠠᠷᠠᠭᠠᠯᠠᠯ ᠤ᠋ᠨ ᠬᠤᠪᠢᠷᠠᠯᠲᠠ ᠵᠢ ᠬᠢᠨᠠᠨ ᠬᠡᠮᠵᠢᠬᠦ᠌ ᠠᠷᠭ᠎ᠠ》 ᠵᠢ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠲᠦ᠍ ᠵᠢᠱ᠌ᠢᠢᠡ ᠦᠵᠡᠭᠦᠯᠦᠨ ᠬᠡᠷᠡᠭ᠌ᠯᠡᠵᠦ᠍ ᠪᠤᠢ᠃
ᠤᠯᠠᠭᠠᠨᠬᠠᠳᠠ ᠬᠣᠲᠠ ᠶ᠋ᠢᠨ ᠬᠢᠨ ᠪᠣᠳᠠᠲᠠᠢ ᠬᠦᠴᠢᠷ ᠠᠰᠠᠭᠤᠳᠠᠯ ᠳ᠋ᠤ ᠴᠢᠭᠯᠡᠭᠦᠯᠦᠨ᠂ ᠱᠠᠩᠬᠠᠢ ᠥᠪᠥᠷ ᠮᠣᠩᠭᠣᠯ ᠤ᠋ᠨ︽4 + 8 + N ︾ᠬᠠᠮᠲᠤᠷᠠᠯᠴᠠᠭᠠᠨ ᠤ᠋ ᠲᠣᠭ᠍ᠲᠠᠴᠠ ᠶ᠋ᠢᠨ ᠳᠡᠮᠵᠢᠯᠭᠡ ᠳᠣᠣᠷ᠎ᠠ 《ᠴᠦᠯᠯᠡᠷᠭᠡᠭᠵᠢᠯ ᠤ᠋ᠨ ᠤᠯᠠᠨ ᠬᠡᠯᠪᠡᠷᠢ ᠪᠠᠢᠳᠠᠯ ᠢ᠋ ᠠᠯᠤᠰ ᠰᠡᠷᠡᠯ ᠵᠢᠡᠷ ᠬᠡᠮᠵᠢᠭᠰᠡᠨ ᠲᠣᠭ᠎ᠠ ᠪᠠᠷᠢᠮᠲᠠ ᠶ᠋ᠢ ᠣᠶᠤᠨᠴᠢ ᠪᠠᠷ ᠱᠢᠢᠳᠪᠦᠷᠢᠯᠡᠬᠦ ᠪᠠ ᠬᠢᠨᠠᠨ ᠬᠡᠮᠵᠢᠵᠦ᠍ ᠵᠠᠰᠠᠬᠤ ᠲᠠᠪᠴᠠᠩ ᠢ᠋ ᠵᠢᠱ᠌ᠢᠶ᠎ᠡ ᠦᠵᠡᠭᠦᠯᠦᠨ ᠬᠡᠷᠡᠭᠯᠡᠬᠦ︾ᠲᠦᠷᠦᠯ ᠵᠦᠢᠯ ᠢ᠋ ᠬᠠᠮᠲᠤ ᠪᠠᠷ ᠬᠡᠷᠡᠭᠵᠢᠭᠦᠯᠵᠤ᠂ 《ᠠᠯᠤᠰ ᠰᠡᠷᠡᠯ ᠤ᠋ᠨ ᠡᠭᠦᠯᠡᠨ ᠲᠠᠪᠴᠠᠩ ᠳ᠋ᠤ ᠰᠠᠭᠤᠷᠢᠯᠠᠨ ᠭᠠᠵᠠᠷ ᠲᠡᠭᠡᠷᠡᠬᠢ ᠪᠣᠳᠠᠰ ᠤ᠋ᠨ ᠴᠠᠭ ᠤ᠋ᠨ ᠳᠠᠷᠠᠭᠠᠯᠠᠯ ᠤ᠋ᠨ ᠬᠤᠪᠢᠷᠠᠯᠲᠠ ᠵᠢ ᠬᠢᠨᠠᠨ ᠬᠡᠮᠵᠢᠬᠦ᠌ ᠠᠷᠭ᠎ᠠ》 ᠵᠢ ᠰᠤᠳᠤᠯᠤᠨ ᠡᠬᠦᠳᠪᠠ ᠃
ᠤᠤᠯ ᠨᠢ ᠡᠯᠡᠰᠦᠵᠢ ᠵᠠᠰᠠᠬᠤ ᠳ᠋ᠤ ᠬᠥᠮᠦᠨ ᠤ᠋ ᠬᠦᠴᠦ᠍ᠨ ᠳ᠋ᠤ ᠲᠦᠱᠢᠭᠯᠡᠵᠦ᠂ ᠴᠠᠭ ᠪᠠ ᠬᠦᠴᠦ᠍ ᠶᠡᠭᠡᠭᠡᠨ ᠵᠠᠷᠤᠴᠠᠭᠤᠯᠳᠠᠭ ᠪᠠᠢᠭᠰᠠᠨ ᠪᠤᠯ ᠤᠳᠤᠵᠢᠨ ᠱᠢᠨ᠎ᠡ ᠮᠡᠷᠭᠡᠵᠢᠯ ᠨᠢ ᠳᠠᠭᠠᠭᠤᠯᠢ ᠣᠳᠣᠨ ᠤ᠋ ᠠᠯᠤᠰ ᠰᠡᠷᠡᠯ᠂ ᠵᠢᠯᠣᠭᠣᠴᠢ ᠥᠬᠡᠶ ᠨᠢᠰᠭᠡᠯ᠂ ᠭᠠᠵᠠᠷ ᠤ᠋ᠨ ᠭᠠᠳᠠᠷᠭᠤ ᠵᠢᠨ ᠬᠢᠨᠠᠨ ᠬᠡᠮᠵᠢᠯᠲᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠲᠡᠷᠢᠭᠦᠨ ᠤ᠋ ᠮᠡᠷᠭᠡᠵᠢᠯ ᠢ᠋ ᠶᠡᠷᠦᠩᠬᠡᠢᠯᠡᠨ ᠬᠡᠷᠡᠭ᠌ᠯᠡᠵᠦ᠍᠂ 《ᠰᠠᠨᠰᠠᠷ — ᠤᠭᠳᠠᠷᠭᠤᠢ — ᠭᠠᠵᠠᠷ》 ᠢ᠋ ᠨᠢᠭᠡ ᠴᠤᠭ᠍ᠴᠠᠵᠢᠭᠤᠯᠤᠭ᠍ᠰᠠᠨ ᠬᠢᠨᠠᠨ ᠬᠡᠮᠵᠢᠬᠦ᠌ ᠪᠠ ᠵᠠᠰᠠᠯᠳᠠᠵᠢᠨ ᠲᠠᠪᠴᠠᠩ ᠢ᠋ ᠪᠠᠢᠭᠤᠯᠤᠨ᠂ ᠬᠢᠨᠠᠨ ᠬᠡᠮᠵᠢᠬᠦ᠌᠂ ᠦᠨᠡᠯᠡᠨ ᠵᠢᠱ᠌ᠢᠬᠦ᠌᠂ ᠤᠷᠢᠳᠴᠢᠯᠠᠨ ᠰᠡᠷᠡᠮᠵᠢᠯᠡᠭᠦᠯᠬᠦ᠌᠂ ᠵᠠᠳᠠᠯᠬᠤ ᠵᠢᠴᠢ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳ᠋ᠤ ᠲᠤᠰᠠᠯᠠᠮᠵᠢ ᠪᠣᠯᠬᠤ ᠵᠠᠰᠠᠯᠲᠠ ᠵᠢᠨ ᠪᠢᠲᠡᠭᠦᠦ ᠬᠡᠯᠬᠢᠶ᠎ᠡ ᠵᠢ ᠪᠦᠷᠢᠯᠳᠦᠬᠦᠯᠵᠤ᠂ ᠡᠯᠡᠰᠦ ᠵᠢ ᠵᠠᠰᠠᠬᠤ ᠢᠨᠵᠧᠨᠧᠷᠢᠩ ᠳ᠋ᠦ 《ᠣᠶᠤᠨᠳᠤ ᠶᠡᠬᠡ ᠲᠠᠷᠢᠬᠢ》 ᠶ᠋ᠢ ᠤᠭᠰᠠᠷᠠᠵᠤ ᠦᠭᠬᠦᠭᠰᠡᠨ ᠪᠠᠢᠨ᠎ᠠ᠃
ᠲᠣᠰ ᠦᠷ᠎ᠡ ᠪᠦᠲᠦᠭᠡᠯ ᠤ᠋ᠨ ᠱᠢᠰᠲ᠋ᠧᠮ ᠨᠢ ᠡᠯᠡᠰᠤᠷᠭᠡᠭᠵᠢᠯᠢ ᠰᠡᠷᠭᠡᠢᠯᠡᠨ ᠡᠯᠡᠰᠤᠵᠢ ᠵᠠᠰᠠᠬᠤ ᠳ᠋ᠤ ᠪᠥᠬᠥ᠌ ᠲᠠᠯᠠᠪᠡᠷ ᠴᠠᠭ ᠲᠤᠬᠠᠶ ᠳ᠋ᠤᠨᠢ ᠬᠢᠨᠠᠨ ᠬᠡᠮᠵᠢᠯᠳᠡ ᠬᠢᠬᠦ ᠶ᠋ᠢ ᠪᠡᠶᠡᠯᠡᠭᠦᠯᠵᠦ᠍᠂ ᠣᠨᠣᠪᠴᠢ ᠵᠢᠨ ᠬᠡᠮᠵᠢᠶ᠎ᠡ ᠨᠢ 95% ᠡᠴᠡ ᠳᠡᠭᠡᠭ᠌ᠰᠢ ᠳ᠋ᠦ ᠬᠦᠷᠴᠦ᠍᠂ ᠮᠢᠨᠦ᠋ᠲ ᠤ᠋ᠨ ᠲᠠᠰ ᠤ᠋ᠨ ᠰᠢᠨᠡᠴᠢᠯᠡᠯᠳᠡ ᠬᠢᠭᠰᠡᠨ ᠪᠠᠢᠨ᠎ᠠ; ᠣᠷᠴᠢᠨ ᠲᠣᠭᠣᠷᠢᠨ ᠤ᠋ ᠠᠶᠤᠯ ᠲᠦᠭ᠌ᠰᠢᠭᠦᠷᠢ ᠵᠢ ᠤᠷᠢᠳᠴᠢᠯᠠᠨ ᠵᠢᠱ᠌ᠢᠬᠦ ᠣᠨᠣᠪᠴᠢ ᠵᠢᠨ ᠬᠡᠮᠵᠢᠶ᠎ᠡ 85% ᠵᠢ ᠳᠠᠪᠠᠵᠤ᠂ ᠪᠦᠬᠦ᠌ ᠶᠠᠪᠤᠴᠠ ᠵᠢᠨ ᠲᠣᠭᠠᠴᠢᠯᠠᠭ᠍ᠰᠠᠨ ᠬᠠᠮᠢᠶᠠᠷᠤᠯᠲᠠ ᠨᠢ ᠡᠯᠡᠰᠦ ᠵᠢ ᠵᠠᠰᠠᠬᠤ ᠦᠷ᠎ᠡ ᠪᠦᠲᠦᠮᠵᠢ ᠵᠢ 30% ᠪᠡᠷ ᠳᠡᠭᠡᠭ᠌ᠰᠢᠯᠡᠭᠦᠯᠵᠦ᠍᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠳ᠋ᠤ ᠬᠦᠴᠦᠲᠡᠢ ᠲᠤᠯᠭᠠᠭᠤᠷᠢᠯᠠᠯ ᠬᠠᠩᠭᠠᠪᠠ᠃