ᠡᠯᠡᠰᠦ ᠮᠠᠩᠬᠠᠨ᠎ᠤ ᠡᠭᠡ ᠨᠤᠲᠤᠭ — ᠰᠢᠨ᠎ᠠ ᠮᠡᠷᠭᠡᠵᠢᠯ
2026-07-06 11:05:44
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆


ᠦᠪᠦᠷ ᠮᠤᠩᠭᠤᠯ᠎ᠤᠨ ᠡᠯᠡᠰᠦᠷᠭᠡᠭᠵᠢᠯ᠎ᠢ ᠰᠡᠷᠭᠡᠢᠯᠡᠨ ᠡᠯᠡᠰᠦ ᠵᠢ  ᠵᠠᠰᠠᠭᠰᠠᠨ ᠦᠢᠯᠡᠳᠦᠯᠭᠡ ᠵᠢᠨ ᠲᠤᠬᠠᠢ ᠰᠢᠷᠢᠰ ᠮᠡᠳᠡᠭᠡᠯᠡᠯ (ᠨᠢᠭᠡ)


ᠨᠠᠢᠷᠠᠭᠤᠯᠤᠭᠴᠢ᠎ᠵᠢᠨ ᠦᠭᠡ᠄

ᠥᠪᠥᠷ ᠮᠣᠩᠭᠣᠯ ᠪᠣᠯ ᠮᠠᠨ᠎ᠤ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠪᠤᠯᠬᠤ ᠪᠦᠭᠡᠳ ᠤᠯᠤᠰ ᠤ᠋ᠨ 《ᠤᠮᠠᠷᠠᠳᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ ᠲᠡᠢᠯᠠᠯᠳᠤᠭᠠᠨ ᠤ᠋ ᠭᠣᠣᠯ ᠲᠠᠯᠠᠪᠤᠷ ᠪᠠᠢᠵᠤ᠂ ᠡᠯᠡᠰᠤᠷᠭᠡᠭᠵᠢᠯ ᠎ᠢ ᠰᠡᠷᠭᠡᠢᠯᠡᠨ ᠡᠯᠡᠰᠤ ᠵᠢ ᠵᠠᠰᠠᠬᠤ ᠴᠢᠬᠤᠯᠠ ᠡᠬᠦᠷᠭᠡ᠎ᠵᠢ ᠡᠭᠦᠷᠭᠡᠯᠡᠵᠦ ᠪᠠᠢᠳᠠᠭ᠃

ᠤᠢᠷ᠎ᠠ᠎ᠵᠢᠨ ᠵᠢᠯ ᠡᠴᠡ ᠨᠠᠭᠠᠰᠢ᠂ ᠦᠪᠦᠷ ᠮᠤᠩᠭᠤᠯ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠤᠯᠭᠠᠭᠰᠠᠨ ᠴᠢᠨᠠᠷ ᠰᠠᠢᠳᠠᠢ ᠬᠦᠭᠵᠢᠯᠳᠡ ᠵᠢᠨ ᠰᠢᠨ᠎ᠡ ᠵᠠᠮ ᠵᠢᠡᠷ ᠭᠤᠢᠪᠢᠰᠢ ᠦᠭᠡᠢ ᠵᠠᠮᠨᠠᠵᠤ᠂ ᠠᠭᠤᠯᠠ ᠤᠰᠤ ᠤᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠤ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲᠧᠮ ᠲᠠᠢ ᠪᠡᠷ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠭᠣᠣᠯᠳᠠᠯᠭ᠎ᠠ᠎ᠲᠠᠢ ᠡᠯᠡᠰᠦ ᠵᠢ ᠵᠠᠰᠠᠬᠤ ᠪᠣᠭᠣᠮᠲᠠ ᠰᠢᠪᠲᠤᠯᠬᠤ ᠢᠨᠵᠧᠨᠧᠷᠢᠩ ᠢ᠋ ᠬᠦᠴᠦᠯᠡᠨ ᠠᠬᠢᠭᠤᠯᠵᠤ᠂ ᠨᠠᠯᠤᠭᠡᠷ ᠡᠯᠡᠰᠤ ᠎ᠵᠢ ᠨᠤᠭᠤᠭᠠᠨ ᠪᠦᠷᠢᠳᠤ ᠪᠤᠯᠭᠠᠨ ᠬᠤᠪᠢᠷᠠᠭᠤᠯᠤᠭᠰᠠᠨ  ᠡᠭᠡ ᠤᠯᠤᠰ᠎ᠤᠨ ᠤᠮᠠᠷᠠᠳᠤ  ᠵᠢᠨ ᠨᠤᠮᠢᠨ ᠨᠤᠭᠤᠭᠠᠨ ᠬᠠᠭᠤᠳᠠᠰᠤ ᠵᠢ ᠪᠢᠴᠢᠭᠯᠡᠵᠤ᠂ ᠡᠯᠡᠰᠤ ᠳᠤᠭᠳᠠᠪᠤᠷᠢᠵᠢᠨ ᠠᠷᠠᠳ ᠠᠮᠤᠭᠤᠯᠠᠩ ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠪᠡ ᠃

ᠡᠨᠡ ᠡᠳᠤᠷ ᠡᠴᠡ ᠡᠬᠢᠯᠡᠵᠤ 《ᠠᠮᠢ ᠠᠬᠤᠢ ᠤᠷᠴᠢᠨ ᠳᠤᠭᠤᠷᠢᠨ》 ᠳᠤᠰᠬᠠᠢ ᠬᠡᠪᠯᠡᠯ 《ᠡᠯᠡᠰᠤ ᠮᠠᠩᠬᠠᠨ ᠤ᠋ ᠡᠭᠡ ᠨᠤᠳᠤᠭ》 ᠭᠡᠬᠦ ᠪᠤᠯᠤᠩ ᠨᠡᠭᠡᠭᠡᠵᠤ᠂ ᠰᠢᠷᠢᠰ ᠬᠦᠨᠴᠡ ᠮᠡᠳᠡᠭᠡᠯᠡᠯ ᠵᠢᠡᠷ ᠳᠠᠮᠵᠢᠨ ᠦᠪᠤᠷ ᠮᠤᠡᠭᠭᠤᠯ᠎ᠤᠨ ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠭᠰᠠᠨ  ᠠᠷᠭ᠎ᠠ ᠪᠤᠳᠤᠯᠭ᠎ᠠ ᠪᠠ ᠠᠮᠵᠢᠯᠳᠠ ᠪᠦᠳᠤᠮᠵᠢ ᠎ᠵᠢ ᠲᠡᠯᠭᠡᠨ ᠦᠵᠡᠬᠦᠯᠬᠦ ᠪᠤᠯᠤᠨ᠎ᠠ᠃ ᠠᠡᠭᠬᠠᠷᠤᠨ ᠤᠡᠭᠰᠢᠮᠤ!



《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ ᠲᠡᠢᠯᠠᠯᠳᠤᠭᠠᠨ ᠢ᠋ ᠭᠦᠨᠵᠡᠭᠡᠢᠷᠡᠭᠦᠯᠦᠨ ᠠᠬᠢᠭᠤᠯᠬᠤ ᠵᠢ ᠳᠠᠭᠠᠯᠳᠤᠨ᠂ ᠦᠪᠦᠷ ᠮᠤᠩᠭᠤᠯ ᠡᠯᠡᠰᠤᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳ᠋ᠤ ᠬᠥᠮᠦᠨ ᠤ᠋ ᠬᠦᠴᠦᠨ᠎ᠢ᠋ ᠲᠦᠰᠢᠭᠯᠡᠵᠤ ᠪᠠᠢᠭᠰᠠᠨ ᠤᠯᠠᠮᠵᠢᠯᠠᠯᠳᠤ ᠵᠠᠬᠪᠤᠷ ᠡᠴᠡ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠭᠣᠣᠯ ᠬᠥᠳᠡᠯᠭᠡᠭᠦᠷ ᠪᠣᠯᠭᠠᠭᠰᠠᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠵᠢᠡᠷ ᠴᠢᠳᠠᠮᠵᠢ ᠤᠯᠭᠤᠬᠤ》 ᠳᠠᠢᠰᠢ ᠰᠢᠯᠵᠢᠵᠤ᠂ ᠤᠳᠤ ᠨᠢᠭᠡᠨᠳᠠ  ᠮᠠᠰᠢᠨ ᠮᠸᠬᠠᠨᠢᠭ᠂ ᠤᠶᠤᠨᠴᠢ ᠮᠡᠷᠭᠡᠵᠢᠯ᠂ ᠠᠮᠢᠳᠤ ᠪᠤᠳᠠᠰ᠎ᠤᠨ ᠮᠡᠷᠭᠡᠵᠢᠯ᠂ ᠠᠵᠤ ᠦᠢᠯᠡᠰᠵᠢᠯᠳᠠ᠎ᠵᠢᠨ ᠬᠦᠨᠵᠡᠭᠡᠢ ᠠᠭᠤᠰᠤᠯᠴᠠᠯ᠎ᠤᠨ  ᠰᠢᠰᠲᠸᠮ᠎ᠢ ᠪᠦᠷᠢᠯᠳᠤᠬᠦᠯᠤᠨ᠂ ᠤᠯᠠᠮᠵᠢᠯᠠᠯᠳᠤ ᠵᠠᠰᠠᠯᠳᠠ᠎ᠵᠢᠨ ᠦᠷ᠎ᠠ ᠪᠦᠳᠤᠮᠵᠢ ᠠᠨᠠᠢ᠂ ᠦᠪᠡᠷ᠎ᠤᠨ ᠦᠷᠳᠡᠭ ᠦᠨᠳᠤᠷ᠂ ᠪᠠᠷᠢᠮᠵᠢᠶ᠎ᠠ᠎ᠵᠢ ᠨᠢᠭᠡᠳᠭᠡᠬᠦ᠎ᠳᠤ ᠬᠦᠴᠢᠷ ᠪᠦᠬᠦᠢ ᠠᠰᠠᠭᠤᠳᠠᠯ᠎ᠢ ᠰᠢᠢᠳᠪᠤᠷᠢᠯᠡᠨ᠂ ᠵᠠᠰᠠᠯᠳᠠ᠎ᠵᠢᠨ ᠦᠷ᠎ᠠ ᠪᠦᠳᠤᠮᠵᠢ ᠪᠤᠯᠤᠨ ᠶᠠᠰᠤ ᠴᠢᠨᠠᠷ᠎ᠢ ᠶᠡᠭᠡ ᠪᠠᠷ ᠲᠡᠭᠡᠭᠰᠢᠯᠡᠬᠦᠯᠵᠤ᠂ ᠠᠮᠢ ᠠᠬᠤᠢ᠂ ᠠᠵᠤ ᠠᠬᠤᠢ ᠪᠠ ᠨᠡᠢᠭᠡᠮ᠎ᠤᠨ ᠦᠷ᠎ᠠ ᠠᠰᠢᠭ᠎ᠢ ᠬᠦᠷᠳᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号