ᠲᠠᠯ᠎ᠠ ᠨᠤᠳᠤᠭ᠎ᠤᠨ ᠬᠦᠯ ᠪᠦᠮᠪᠦᠭᠡ᠎ᠶᠢᠨ ᠦᠷᠨᠢᠬᠦᠨ ᠬᠦᠭᠵᠢᠯᠳᠡ ᠵᠢ ᠬᠠᠷᠠᠬᠤᠢ
2026-07-06 11:38:47
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠤ ᠲᠤᠬᠠᠢ

 

ᠤᠩᠰᠢᠯᠭ᠎ᠠ ᠵᠢᠨ ᠤᠳᠤᠷᠢᠳᠤᠮᠵᠢ᠄ ᠲᠣᠰ ᠭᠠᠵᠠᠷ ᠣᠷᠣᠨ ᠳ᠋ᠠᠭᠠᠨ ᠦᠨᠳᠦᠰᠦᠯᠡᠬᠦ᠂ ᠵᠠᠯᠠᠭᠤᠴᠤᠳ᠎ᠤᠨ ᠪᠣᠯᠪᠠᠰᠤᠷᠠᠯ᠎ᠢ ᠠᠬᠢᠭᠤᠯᠬᠤ᠂ ᠪᠥᠬᠥ ᠠᠷᠠᠳ᠎ᠢᠶᠠᠷ᠎ᠢᠶᠠᠨ ᠣᠷᠣᠯᠴᠠᠬᠤ ᠤᠷᠤᠯᠳᠤᠭᠠᠨ ᠡᠷᠭᠢᠯᠡᠬᠦ ᠣᠢᠯᠠᠭᠠᠭᠳᠠᠬᠤᠨ᠎ᠢ ᠪᠠᠷᠢᠮᠲᠠᠯᠠᠵᠤ᠂ ᠤᠷᠤᠨ ᠨᠤᠳᠤᠭ᠎ᠤᠨ ᠬᠥᠯ ᠪᠥᠮᠪᠥᠭᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠪᠠ ᠣᠯᠠᠨ ᠲᠦᠮᠡᠨᠴᠢ ᠬᠥᠯ ᠪᠥᠮᠪᠥᠭᠡ᠎ᠶᠢᠨ ᠦᠢᠯᠡᠰ᠎ᠦᠨ ᠬᠥᠭᠵᠢᠯᠲᠡ᠎ᠵᠢ ᠲᠠᠢᠴᠢᠯᠠᠯ᠎ᠠ᠃


ᠣᠢᠷ᠎ᠠ᠎ᠳᠤ᠂ ᠮᠧᠩ ᠨᠢᠦ 2026 ᠣᠨ᠎ᠤ ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠤ ᠳᠣᠯᠣᠳᠤᠭᠠᠷ ᠡᠭᠡᠯᠵᠢ᠎ᠶᠢᠨ ᠤᠷᠤᠯᠳᠤᠭᠠᠨ ᠪᠥᠬᠥ ᠲᠠᠯ᠎ᠠ᠎ᠪᠠᠷ ᠦᠨᠳᠦᠷᠯᠡᠵᠦ᠂ ᠪᠥᠬᠥ ᠣᠷᠣᠨ᠎ᠤ ᠵᠢᠷᠭᠤᠭᠠᠨ ᠲᠣᠮᠣ᠌ ᠤᠷᠤᠯᠳᠤᠭᠠᠨ᠎ᠤ ᠲᠣᠭᠣᠷᠢᠭ᠋᠎ᠲᠤ ᠭᠤᠢᠳᠠ ᠰᠠᠢᠬᠠᠨ ᠶᠠᠪᠤᠭᠳᠠᠵᠠᠢ᠃ ᠡᠯ᠎ᠡ ᠲᠥᠯᠥᠭᠡᠯᠡᠭᠴᠢᠳ᠎ᠦᠨ ᠠᠩᠭᠢ᠎ᠶᠢᠨ ᠬᠢᠨ ᠤᠷᠤᠯᠳᠤᠭᠠᠨ᠎ᠤ ᠲᠠᠯᠠᠪᠤᠷ᠎ᠲᠤ ᠪᠦᠬᠦ ᠬᠦᠴᠦᠨ᠎ᠢᠶᠡᠷ᠎ᠢᠶᠡᠨ ᠴᠢᠷᠮᠠᠢᠵᠦ᠂ ᠭᠣᠴᠣ᠌ ᠰᠠᠢᠬᠠᠨ ᠪᠥᠮᠪᠥᠭᠡ᠎ᠶᠢᠨ ᠤᠷ᠎ᠠ ᠮᠡᠷᠭᠡᠵᠢᠯ᠂ ᠡᠷᠡᠰ ᠬᠠᠲᠠᠭᠤ ᠲᠡᠮᠡᠴᠡᠯ᠎ᠦᠨ ᠵᠣᠷᠢᠭ᠋᠎ᠢᠶᠠᠷ᠎ᠢᠶᠠᠨ ᠪᠦᠬᠦ ᠣᠷᠣᠨ᠎ᠤ ᠬᠦᠯ ᠪᠥᠮᠪᠥᠭᠡ᠎ᠶᠢᠨ ᠪᠠᠬᠠᠳᠠᠳ ᠲᠸ᠋ ᠨᠢᠭᠡ ᠤᠳᠠᠭᠠᠨ᠎ᠤ ᠦᠪᠡᠳᠡᠭᠰᠢ ᠨᠠᠢᠷ᠎ᠬᠠᠩᠭᠠᠨ᠂ ᠥᠪᠥᠷ ᠮᠣᠩᠭᠣᠯ᠎ᠤᠨ ᠪᠦᠬᠦ ᠠᠷᠠᠳ᠎ᠤᠨ ᠬᠥᠯ ᠪᠥᠮᠪᠥᠭᠡ᠎ᠶᠢᠨ ᠬᠠᠯᠠᠭᠤᠨ ᠥᠷᠨᠢᠯᠲᠡ᠎ᠶᠢ ᠦᠷᠭᠦᠯᠵᠢᠯᠡᠨ ᠬᠥᠭᠵᠢᠭᠡᠵᠦ᠂ ᠲᠠᠯ᠎ᠠ ᠨᠤᠲᠤᠭ᠎ᠤᠨ ᠬᠥᠯ ᠪᠥᠮᠪᠥᠭᠡ᠎ᠶᠢᠨ ᠤᠢᠯᠡᠰ᠎ᠤᠨ ᠦᠷᠨᠢᠬᠦᠨ ᠬᠦᠭᠵᠢᠯᠳᠡ ᠵᠢᠨ ᠴᠤ ᠰᠢᠨ᠎ᠡ ᠳᠦᠷᠰᠦ ᠪᠠᠢᠳᠠᠯ᠎ᠢ ᠢᠯᠡᠷᠡᠭᠦᠯᠪᠡ᠃


1.png


ᠥᠪᠥᠷ ᠮᠣᠩᠭᠣᠯ᠎ᠤᠨ ᠲᠣᠰ ᠭᠠᠵᠠᠷ ᠣᠷᠣᠨ᠎ᠤ ᠬᠠᠮᠤᠭ᠎ᠤᠨ ᠥᠨᠳᠥᠷ ᠬᠢᠷᠢ ᠲᠦᠪᠰᠢᠨ ᠪᠦᠬᠦᠢ ᠠᠵᠢᠯ᠎ᠤᠨ ᠴᠢᠯᠦᠭᠡᠨ᠎ᠦ ᠬᠥᠯ ᠪᠥᠮᠪᠥᠭᠡ᠎ᠶᠢᠨ ᠤᠷᠤᠯᠳᠤᠭᠠᠨ ᠪᠣᠯᠤᠭᠰᠠᠨ᠎ᠤ ᠬᠤᠪᠢ᠎ᠳᠤ᠂ 2026 ᠣᠨ᠎ᠤ ᠦᠪᠦᠷ ᠮᠣᠩᠭᠣᠯ᠎ᠤᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠨᠢ ᠲᠣᠰ ᠭᠠᠵᠠᠷ ᠣᠷᠣᠨ ᠳ᠋ᠠᠭᠠᠨ ᠦᠨᠳᠦᠰᠦᠯᠡᠬᠦ᠂ ᠵᠠᠯᠠᠭᠤᠴᠤᠳ᠎ᠤᠨ ᠪᠣᠯᠪᠠᠰᠤᠷᠠᠯ᠎ᠢ ᠠᠬᠢᠭᠤᠯᠬᠤ᠂ ᠪᠥᠬᠥ ᠠᠷᠠᠳ᠎ᠢᠶᠠᠷ᠎ᠢᠶᠠᠨ ᠣᠷᠣᠯᠴᠠᠬᠤ ᠤᠷᠤᠯᠳᠤᠭᠠᠨ ᠡᠷᠭᠢᠯᠡᠬᠦ ᠣᠢᠯᠠᠭᠠᠭᠳᠠᠬᠤᠨ᠎ᠢ ᠪᠠᠷᠢᠮᠲᠠᠯᠠᠵᠤ᠂ ᠲᠣᠰ ᠭᠠᠵᠠᠷ ᠣᠷᠣᠨ᠎ᠤ ᠬᠥᠯ ᠪᠥᠮᠪᠥᠭᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠪᠠ ᠣᠯᠠᠨ ᠲᠦᠮᠡᠨᠴᠢ ᠬᠥᠯ ᠪᠥᠮᠪᠥᠭᠡ᠎ᠶᠢᠨ ᠦᠢᠯᠡᠰ᠎ᠦᠨ ᠬᠥᠭᠵᠢᠯᠲᠡ᠎ᠵᠢ ᠲᠠᠢᠴᠢᠯᠠᠨᠠᠮ᠃


2.png


ᠲᠣᠰ ᠬᠤᠭᠤᠴᠠᠭᠠᠨ᠎ᠤ ᠤᠷᠤᠯᠳᠤᠭᠠᠨ᠎ᠳᠤ ᠨᠡᠶ᠋ᠢᠲᠡ 12 ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ ᠣᠷᠣᠯᠴᠠᠵᠤ᠂ 527 ᠲᠠᠮᠢᠷᠴᠢᠨ ᠤᠷᠤᠯᠳᠤᠭᠠᠨ᠎ᠳᠤ ᠣᠷᠣᠯᠴᠠᠬᠤ᠎ᠪᠠᠷ ᠨᠡᠷ᠎ᠡ ᠮᠡᠳᠡᠭᠦᠯᠵᠦ᠂ ᠣᠷᠣᠨ ᠨᠤᠲᠤᠭ᠎ᠤᠨ ᠣᠨᠴᠠᠯᠢᠭ᠋ ᠪᠠ ᠣᠯᠠᠨ ᠡᠰᠢᠲᠦ ᠴᠢᠨᠠᠷ᠎ᠢᠶᠠᠷ ᠲᠤᠢᠯ᠎ᠤᠨ ᠴᠢᠨᠭᠭ᠎ᠠ ᠤᠷᠤᠯᠳᠤᠭᠠᠨ ᠪᠣᠯᠤᠭᠰᠠᠨ ᠪᠠᠢᠨ᠎ᠠ᠃ ᠡᠭᠦᠨ᠎ᠦ ᠳᠣᠲᠣᠷ᠎ᠠ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠂ ᠶᠡᠬᠡ ᠰᠤᠷᠭᠠᠭᠤᠯᠢ᠎ᠶᠢᠨ ᠰᠤᠷᠭᠠᠭᠤᠯᠢ᠎ᠳᠤ ᠪᠠᠢᠭ᠎ᠠ ᠰᠣᠷᠣᠭ᠍ᠴᠢ 286 ᠪᠠᠢᠵᠤ᠂ ᠤᠷᠤᠯᠳᠤᠭᠠᠨ᠎ᠳᠤ ᠣᠷᠣᠯᠴᠠᠭᠰᠠᠨ ᠪᠥᠬᠥ ᠬᠥᠮᠥᠨ᠎ᠦ ᠲᠣᠭᠠᠨ᠎ᠤ 54% ᠶ᠋ᠢ ᠡᠵᠡᠯᠡᠵᠦ᠂ ᠵᠠᠯᠠᠭᠤᠴᠤᠳ ᠤᠷᠤᠯᠳᠤᠭᠠᠨ᠎ᠤ ᠲᠠᠯᠠᠪᠤᠷ᠎ᠤᠨ ᠭᠣᠣᠯ ᠬᠦᠴᠦᠨ ᠪᠣᠯᠤᠭᠰᠠᠨ ᠪᠠᠢᠨ᠎ᠠ᠃ ᠡᠭᠦᠨ᠎ᠦ ᠬᠠᠮᠲᠤ᠂ ᠤᠷᠤᠯᠳᠤᠭᠠᠨ᠎ᠳᠤ ᠣᠷᠣᠯᠴᠠᠬᠤ ᠡᠩᠨᠡᠭᠡ᠎ᠳᠦ ᠲᠠᠯ᠎ᠠ ᠨᠤᠲᠤᠭ᠎ᠤᠨ ᠮᠠᠯᠴᠢᠨ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠂ ᠪᠡᠶ᠎ᠡ᠎ᠶᠢᠨ ᠲᠠᠮᠢᠷ᠎ᠤᠨ ᠳᠠᠰᠬᠠᠯᠵᠢᠭᠤᠯᠤᠭ᠍ᠴᠢ ᠵᠡᠷᠭᠡ ᠡᠯ᠎ᠡ ᠠᠵᠢᠯ ᠲᠥᠷᠥᠯ᠎ᠦᠨ ᠬᠥᠯ ᠪᠥᠮᠪᠥᠭᠡᠨ ᠪᠠᠬᠠᠲᠠᠳ᠎ᠢ ᠪᠠᠭᠲᠠᠭᠠᠵᠦ᠂ ᠪᠥᠬᠥ ᠠᠷᠠᠳ᠎ᠢᠶᠠᠷ᠎ᠢᠶᠠᠨ ᠣᠷᠣᠯᠴᠠᠬᠤ᠎ᠵᠢ ᠦᠨᠡᠨᠬᠦ ᠪᠡᠶᠡᠯᠡᠭᠦᠯᠵᠦ᠂ ᠬᠥᠯ ᠪᠥᠮᠪᠥᠭᠡ᠎ᠶᠢᠨ ᠬᠥᠳᠡᠯᠭᠡᠭᠡᠨ᠎ᠢ ᠲᠠᠯ᠎ᠠ ᠨᠤᠲᠤᠭ᠎ᠤᠨ ᠡᠬᠡ ᠭᠠᠵᠠᠷ᠎ᠲᠤ ᠭᠦᠨ ᠦᠨᠳᠦᠰᠦᠯᠡᠭᠦᠯᠪᠡ᠃


3.png


ᠲᠤᠯᠤᠭᠠᠨ ᠡᠭᠡᠯᠵᠢ᠎ᠶᠢᠨ ᠪᠠᠢᠩᠭᠤ᠎ᠶᠢᠨ ᠤᠷᠤᠯᠳᠤᠭᠠᠨ᠎ᠤ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ ᠬᠣᠯᠪᠣᠭᠠᠲᠤ ᠤᠷᠤᠯᠳᠤᠭᠠᠨ᠎ᠤ ᠬᠤᠪᠢ ᠬᠤᠷᠠᠮᠳᠤᠭᠤᠯᠬᠤ ᠪᠠᠢᠷᠢᠰᠢᠯ ᠤᠯᠠᠮ᠎ᠢᠶᠠᠷ ᠲᠣᠳᠣᠷᠬᠠᠢ ᠪᠣᠯᠵᠤ᠂ ᠤᠷᠤᠯᠳᠤᠭᠠᠨ᠎ᠤ ᠲᠠᠯᠠᠪᠤᠷ᠎ᠤᠨ ᠥᠷᠢᠰᠦᠯᠳᠦᠭᠡᠨ ᠤᠯᠠᠮ᠎ᠢᠶᠠᠷ ᠬᠤᠷᠴᠠᠳᠤᠭᠰᠠᠨ ᠪᠠᠢᠨ᠎ᠠ᠃ ᠤᠯᠠᠭᠠᠨᠬᠠᠳᠠ᠎ᠶᠢᠨ ᠠᠩᠭᠢ ᠦᠷᠭᠦᠯᠵᠢᠯᠡᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠤ ᠲᠡᠷᠢᠭᠦᠨ᠎ᠪᠠᠢᠷᠢ᠎ᠪᠠᠨ ᠪᠠᠳᠤᠯᠠᠪᠠ᠃ 6 ᠰᠠᠷ᠎ᠠ᠎ᠶᠢᠨ 27᠎ᠤ᠋ ᠡᠳᠦᠷ᠂ ᠤᠯᠠᠭᠠᠨᠬᠠᠳᠠ᠎ᠶᠢᠨ ᠠᠩᠭᠢ ᠠᠯᠠᠱᠠ ᠠᠢᠮᠠᠭ᠎ᠤᠨ ᠠᠩᠭᠢ᠎ᠲᠠᠢ ᠤᠷᠤᠯᠳᠤᠵᠦ᠂ ᠳᠠᠭᠡᠳᠦ ᠬᠠᠭᠠᠰ ᠲᠠᠯᠠᠪᠤᠷ ᠤᠷᠤᠯᠳᠤᠭᠠᠨ ᠡᠬᠢᠯᠡᠭᠰᠡᠨ᠎ᠤ 7 ᠮᠢᠨᠦ᠋ᠲ᠎ᠦᠨ ᠲᠤᠳᠤᠷ᠎ᠠ ᠨᠢᠭᠡ ᠪᠦᠮᠪᠦᠭᠡ ᠤᠷᠤᠭᠤᠯᠵᠦ᠂ ᠠᠯᠠᠱᠠ ᠠᠢᠮᠠᠭ᠎ᠤᠨ ᠠᠩᠭᠢ᠎ᠵᠢ 1᠄ 0 ᠬᠤᠪᠢ ᠪᠡᠷ ᠢᠯᠡᠵᠦ᠂ ᠬᠦᠴᠦᠷᠬᠡᠭ ᠶᠡᠬᠡ ᠪᠣᠳᠠᠲᠤ ᠬᠦᠴᠦᠨ ᠪᠠ ᠤᠷᠤᠯᠳᠤᠭᠠᠨ᠎ᠤ ᠲᠤᠮᠳᠠᠬᠢ ᠲᠣᠭᠲᠠᠭᠤᠨ ᠪᠠᠢᠳᠠᠯ᠎ᠵᠢᠡᠨ ᠢᠯᠡᠷᠡᠭᠦᠯᠪᠡ᠃ ᠲᠤᠰ ᠡᠳᠦᠷ᠂ ᠣᠷᠳᠣᠰ᠎ᠤᠨ ᠡᠵᠡᠨ ᠲᠠᠯᠠᠪᠠᠢ ᠤᠷᠤᠯᠳᠤᠭᠠᠨ᠎ᠳᠦ ᠤᠷᠳᠤᠰ ᠪᠠ ᠰᠢᠯᠢ᠎ᠶᠢᠨ ᠭᠣᠣᠯ᠎ᠤᠨ ᠠᠩᠭᠢ ᠬᠤᠷᠴᠠ ᠰᠢᠷᠦᠭᠦᠨ ᠦᠷᠢᠰᠦᠯᠳᠦᠵᠦ᠂ ᠰᠢᠯᠢ᠎ᠶᠢᠨ ᠭᠤᠤᠯ᠎ᠤᠨ ᠠᠩᠭᠢ 3᠄1 ᠬᠤᠪᠢ ᠪᠡᠷ ᠣᠷᠳᠣᠰ᠎ᠤᠨ ᠠᠩᠭᠢ᠎ᠶᠢ ᠢᠯᠠᠵᠤ᠂ ᠬᠣᠯᠪᠣᠭᠠᠲᠤ ᠤᠷᠤᠯᠳᠤᠭᠠᠨ᠎ᠤ ᠱᠠᠲᠤᠯᠢᠭ ᠥᠷᠢᠰᠦᠯᠳᠦᠭᠡᠨ᠎ᠦ ᠪᠠᠢᠳᠠᠯ᠎ᠢ ᠤᠯᠠᠮ ᠲᠣᠳᠣᠷᠬᠠᠢ ᠪᠣᠯᠭᠠᠵᠠᠢ᠃


4.png


ᠤᠷᠤᠯᠳᠤᠭᠠᠨ ᠡᠬᠢᠯᠡᠭᠰᠡᠨ᠎ᠡᠴᠡ ᠨᠠᠭᠠᠰᠢ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠪᠥᠬᠥ ᠠᠷᠠᠳ᠎ᠢᠶᠠᠷ᠎ᠢᠶᠠᠨ ᠤᠷᠤᠯᠳᠤᠭᠠᠨ ᠦᠵᠡᠬᠦ ᠬᠠᠯᠠᠭᠤᠨ ᠥᠷᠨᠢᠯᠲᠡ ᠵᠢ ᠪᠤᠢ ᠪᠤᠯᠭᠠᠪᠠ᠃ ᠲᠦᠷᠦᠭᠦᠦ ᠲᠤᠯᠤᠭᠠᠨ ᠡᠭᠡᠯᠵᠢ᠎ᠶᠢᠨ ᠤᠷᠤᠯᠳᠤᠭᠠᠨ᠎ᠤ ᠰᠦᠯᠵᠢᠶᠡᠨ ᠲᠡᠭᠡᠷᠡᠬᠢ ᠰᠢᠭᠤᠳ ᠨᠡᠪᠲᠡᠷᠡᠭᠦᠯᠭᠡ᠎ᠶᠢ ᠨᠡᠶ᠋ᠢᠲᠡ 1020.2 ᠲᠦᠮᠡᠨ ᠬᠥᠮᠥᠨ ᠤᠳᠠᠭ᠎ᠠ ᠬᠦᠯᠢᠶᠡᠨ ᠠᠪᠴᠤ ᠦᠵᠡᠵᠦ᠂ ᠵᠢᠷᠭᠤᠭᠠᠨ ᠶᠡᠬᠡ ᠤᠷᠤᠯᠳᠤᠭᠠᠨ᠎ᠤ ᠲᠣᠭᠣᠷᠢᠭ᠋᠎ᠲᠤ ᠨᠡᠶ᠋ᠢᠲᠡ 13 ᠲᠦᠮᠡ ᠭᠠᠷᠤᠢ ᠪᠥᠮᠪᠥᠭᠡᠨ ᠪᠠᠬᠠᠳᠠᠳ ᠲᠸ᠋ ᠲᠤᠬᠠᠢ᠎ᠶᠢᠨ ᠲᠠᠯᠠᠪᠤᠷ᠎ᠲᠤ ᠰᠠᠭᠠᠳᠠᠵᠤ ᠤᠷᠤᠯᠳᠤᠭᠠᠨ ᠰᠤᠨᠢᠷᠬᠠᠨ᠂ ᠵᠠᠭᠤᠨ ᠲᠦᠮᠡ ᠭᠠᠷᠤᠢ ᠰᠦᠯᠵᠢᠶᠡᠨ ᠠᠨᠳᠠ ᠨᠠᠷ ᠰᠦᠯᠵᠢᠶᠡᠨ᠎ᠤ ᠶᠠᠷᠢᠯᠴᠠᠭᠠᠨ᠎ᠤ ᠲᠠᠪᠴᠠᠨᠭ᠌᠎ᠳᠤ ᠣᠷᠣᠯᠴᠠᠵᠤ᠂ ᠥᠪᠥᠷ ᠮᠣᠩᠭᠣᠯ᠎ᠤᠨ ᠵᠣᠨ᠎ᠤ ᠤᠯᠠᠷᠢᠯ᠎ᠤᠨ ᠬᠠᠮᠤᠭ᠎ᠤᠨ ᠬᠦᠭᠵᠢᠶᠡᠨ ᠲᠠᠢ ᠪᠡᠶ᠎ᠡ᠎ᠶᠢᠨ ᠲᠠᠮᠢᠷ᠎ᠤᠨ IP ᠪᠣᠯᠤᠭᠰᠠᠨ ᠪᠠᠢᠨ᠎ᠠ᠃

ᠣᠳᠣᠬᠠᠨ᠎ᠳᠤ᠂ ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ ᠨᠢ ᠥᠪᠥᠷ ᠮᠣᠩᠭᠣᠯ᠎ᠤᠨ ᠲᠣᠰ ᠭᠠᠵᠠᠷ ᠣᠷᠣᠨ᠎ᠤ ᠬᠥᠯ ᠪᠥᠮᠪᠥᠭᠡ᠎ᠶᠢᠨ ᠤᠷᠤᠯᠳᠤᠭᠠᠨ᠎ᠤ ᠬᠢᠷᠢ ᠲᠦᠪᠰᠢᠨ᠎ᠢ ᠰᠢᠯᠭᠠᠬᠤ ᠴᠢᠬᠤᠯᠠ ᠲᠠᠪᠴᠠᠩ ᠪᠤᠯᠤᠭᠰᠠᠨ ᠵᠢᠡᠷ ᠪᠠᠷᠠᠬᠤ ᠦᠭᠡᠢ᠂ ᠨᠠᠩ ᠴᠤ᠌ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠂ ᠰᠣᠶᠣᠯ ᠪᠣᠯᠪᠠᠰᠤᠷᠠᠯ ᠪᠠ  ᠪᠡᠶ᠎ᠡ᠎ᠶᠢᠨ ᠲᠠᠮᠢᠷ᠎ᠤᠨ ᠠᠭᠤᠰᠤᠯᠴᠠᠯ᠎ᠢ ᠠᠬᠢᠭᠤᠯᠬᠤ ᠴᠢᠬᠤᠯᠠ ᠠᠴᠢᠶᠠᠯᠠᠪᠤᠷᠢ ᠪᠤᠯᠵᠤ᠂ ᠵᠠᠯᠠᠭᠤᠴᠤᠳ ᠪᠠᠭᠠᠴᠤᠳ ᠲᠠᠮᠢᠷᠴᠢᠳ᠎ᠤᠨ ᠤᠷᠤᠯᠳᠤᠭᠠᠨ᠎ᠳᠤ ᠣᠷᠣᠯᠴᠠᠬᠤ᠂ ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠨᠥᠭᠡᠴᠡᠯᠡᠵᠦ᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲᠧᠮ᠎ᠦᠨ ᠲᠠᠰᠤᠷᠠᠯᠲᠠ ᠦᠭᠡᠢ ᠲᠡᠭᠦᠯᠳᠡᠷᠵᠢᠬᠦ᠎ᠳᠦ ᠬᠦᠴᠦᠨ ᠨᠡᠮᠡᠷᠢᠯᠡᠪᠡ᠃ ᠪᠥᠬᠥ ᠠᠷᠠᠳ᠎ᠢᠶᠠᠷ᠎ᠢᠶᠠᠨ ᠣᠷᠣᠯᠴᠠᠭᠰᠠᠨ ᠤᠷᠤᠯᠳᠤᠭᠠᠨ᠎ᠤ ᠠᠭᠤᠷ ᠠᠮᠢᠰᠬᠤᠯ᠂ ᠪᠥᠬᠥ ᠣᠷᠣᠨ᠎ᠢ ᠬᠠᠮᠤᠷᠤᠭᠰᠠᠨ ᠤᠷᠤᠯᠳᠤᠭᠠᠨ᠎ᠤ ᠪᠠᠢᠷᠢᠯᠠᠭᠤᠯᠤᠯᠲᠠ ᠨᠢ ᠬᠥᠯ ᠪᠥᠮᠪᠥᠭᠡ᠎ᠶᠢᠨ ᠬᠥᠳᠡᠯᠭᠡᠭᠡᠨ᠎ᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ ᠲᠦᠮᠡᠨ᠎ᠦ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭᠰᠠᠨ ᠪᠠᠢᠨ᠎ᠠ᠃


5.png


ᠣᠢᠯᠠᠭᠠᠭᠰᠠᠨ᠎ᠢᠶᠠᠷ ᠪᠠᠢᠩᠭᠤ᠎ᠶᠢᠨ ᠤᠷᠤᠯᠳᠤᠭᠠᠨ᠎ᠤ ᠶᠠᠪᠤᠴᠠ᠎ᠶᠢᠨ ᠦᠷᠭᠦᠯᠵᠢᠯᠡᠨ ᠠᠬᠢᠬᠤ᠎ᠶᠢ ᠳᠠᠭᠠᠯᠳᠤᠨ᠂ ᠲᠠᠷᠠᠭᠠᠴᠢ᠎ᠶᠢᠨ ᠤᠷᠤᠯᠳᠤᠭᠠᠨ᠎ᠤ ᠥᠷᠢᠰᠦᠯᠳᠦᠭᠡᠨ ᠨᠠᠩ ᠬᠤᠷᠴᠠ ᠰᠢᠷᠦᠭᠦᠨ ᠪᠣᠯᠵᠤ᠂ ᠡᠯ᠎ᠡ ᠡᠩᠨᠡᠭᠡ ᠲᠠᠰᠤᠷᠠᠯᠲᠠ ᠦᠭᠡᠢ ᠪᠠᠢᠳᠠᠯ᠎ᠳᠠᠭᠠᠨ ᠲᠣᠬᠢᠷᠠᠭᠤᠯᠤᠯᠲᠠ ᠬᠢᠵᠦ᠂ ᠪᠥᠬᠥ ᠬᠦᠴᠦᠨ᠎ᠢᠶᠡᠷ᠎ᠢᠶᠡᠨ ᠰᠢᠪᠲᠤᠯᠤᠯᠲᠠ ᠬᠢᠬᠦ ᠪᠣᠯᠣᠨ᠎ᠠ᠃ ᠥᠪᠥᠷ ᠮᠣᠩᠭᠣᠯ᠎ᠤᠨ ᠬᠡᠲᠦ ᠲᠠᠰ᠎ᠤᠨ ᠬᠣᠯᠪᠣᠭᠠᠲᠤ ᠤᠷᠤᠯᠳᠤᠭᠠᠨ ᠨᠢ ᠤᠷᠤᠯᠳᠤᠭᠠᠨ᠎ᠢᠶᠠᠷ ᠬᠣᠯᠪᠣᠭᠠᠰᠤ ᠪᠣᠯᠭᠠᠨ ᠣᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠵᠢ ᠠᠬᠢᠭᠤᠯᠤᠨ᠎ᠠ᠃

(ᠭᠡᠷᠡᠯ ᠵᠢᠷᠤᠭ᠎ᠤᠳ᠎ᠢ ᠰᠢᠨᠬᠤᠸᠠ ᠰᠦᠯᠵᠢᠶ᠎ᠡ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号