6 ᠰᠠᠷ᠎ᠠ᠎ᠶ᠋ᠢᠨ 27᠎ᠤ᠋ ᠡᠳᠦᠷ᠂ 2026 ᠣᠨ᠎ᠤ ᠵᠡᠭᠦᠨ ᠬᠤᠶ᠋ᠢᠲᠤ᠌ ᠣᠷᠤᠨ᠎ᠤ ᠬᠤᠲᠠ᠎ᠶ᠋ᠢᠨ ᠬᠥᠯ ᠪᠥᠮᠪᠦᠭᠡ᠎ᠶ᠋ᠢᠨ ᠬᠡᠳᠦ ᠲᠡᠰ᠎ᠤᠨ ᠬᠤᠯᠪᠤᠭᠠᠲᠤ᠌ ᠤᠷᠤᠯᠳᠤᠭᠠᠨ᠎ᠤ᠋ ᠪᠠᠢᠩᠭᠤ ᠵᠢᠨ ᠤᠷᠤᠯᠳᠤᠭᠠᠨ᠎ᠤ ᠭᠤᠷᠪᠠᠳᠤᠭᠠᠷ ᠡᠭᠡᠯᠵᠢ᠎ᠶ᠋ᠢᠨ ᠤᠷᠤᠯᠳᠤᠭᠠᠨ ᠬᠥᠬᠡᠬᠤᠲᠠ᠎ᠳᠤ ᠶᠠᠪᠤᠭᠳᠠᠪᠠ᠃ ᠬᠥᠬᠡᠬᠤᠲᠠ᠎ᠶ᠋ᠢᠨ ᠠᠩᠭᠢ ᠡᠵᠡᠨ ᠲᠠᠯᠠᠪᠠᠢ ᠳ᠋ᠦ ᠲᠦᠩᠯᠢᠶᠤᠤ᠎ᠶ᠋ᠢᠨ ᠠᠩᠭᠢ᠎ᠶ᠋ᠢ ᠤᠭᠲᠤᠨ ᠤᠷᠤᠯᠳᠤᠵᠤ᠂ ᠡᠴᠦᠰ᠎ᠲᠦ᠍ 0 ᠄ 0 ᠬᠤᠪᠢ ᠪᠡᠷ ᠬᠠᠢᠨᠴᠠᠪᠠ᠃
ᠲᠤᠰ ᠤᠳᠠᠭ᠎ᠠ᠎ᠶ᠋ᠢᠨ ᠤᠷᠤᠯᠳᠤᠭᠠᠨ ᠤᠨᠴᠠ ᠵᠢᠨ ᠬᠦᠷ ᠬᠦᠭᠵᠢᠶᠡᠨᠲᠡᠢ ᠶᠠᠪᠤᠭᠳᠠᠵᠤ᠂ ᠬᠥᠬᠡᠬᠤᠲᠠ᠎ᠶ᠋ᠢᠨ ᠪᠥᠮᠪᠦᠭᠡᠨ ᠪᠠᠬᠠᠳᠠᠳ᠎ᠤᠨ ᠨᠡᠢᠭᠡᠮᠯᠢᠭ᠎ᠦᠨ ᠲᠣᠭᠲᠠᠮᠠᠯ ᠤᠷᠤᠯᠳᠤᠭᠠᠨᠰᠤᠨᠢᠷᠬᠠᠬᠤ ᠡᠩᠨᠡᠭᠡ ᠡᠴᠠ ᠭᠠᠳᠠᠨ᠎ᠠ ᠪᠠᠰᠠ ᠲᠤᠬᠠᠢ ᠵᠢᠨ ᠭᠠᠵᠠᠷ᠎ᠤᠨ ᠶᠡᠬᠡ ᠬᠡᠮᠵᠢᠶᠡᠨ᠎ᠦ ᠪᠥᠮᠪᠦᠭᠡᠨ ᠪᠠᠬᠠᠳᠠᠳ ᠤᠷᠤᠯᠳᠤᠭᠠᠨ᠎ᠤ ᠲᠠᠯᠠᠪᠤᠷ᠎ᠲᠤ᠌ ᠬᠦᠷᠴᠦ᠍ ᠰᠦᠷ ᠬᠦᠴᠦᠨ ᠨᠡᠮᠡᠷᠢᠯᠡᠵᠡᠢ᠃ ᠳᠡᠭᠡᠷ᠎ᠡ ᠬᠠᠭᠠᠰ ᠲᠠᠯᠠᠪᠠᠢ ᠳ᠋ᠦ ᠬᠤᠶᠠᠷ ᠠᠩᠭᠢ ᠵᠢᠨ ᠬᠢᠨ ᠪᠦᠷ ᠡᠷᠴᠢᠮ ᠲᠡᠢ ᠳᠠᠭᠠᠷᠢᠯᠲᠠ ᠬᠢᠵᠦ᠍᠂ ᠬᠦᠴᠦᠨ ᠲᠡᠩᠴᠡᠬᠦᠦ ᠪᠠᠢᠯ᠎ᠠ᠃ ᠬᠤᠶᠠᠷ ᠲᠠᠯ᠎ᠠ᠎ᠪᠡᠷ ᠵᠢᠡᠨ ᠵᠣᠬᠢᠶᠠᠨ ᠪᠠᠶ᠋ᠢᠭᠤᠯᠤᠯᠲᠠ ᠲᠠᠢ ᠪᠡᠷ ᠤᠯᠠᠨ ᠤᠳᠠᠭ᠎ᠠ ᠬᠠᠷᠢᠯᠴᠠᠨ ᠲᠠᠭᠠᠷᠢᠯᠲᠠ ᠬᠢᠭᠰᠡᠨ ᠪᠤᠯᠪᠠᠴᠤ ᠪᠦᠷ ᠪᠦᠲᠦᠮᠵᠢ᠎ᠲᠠᠢ ᠬᠠᠮᠠᠭᠠᠯᠠᠯᠲᠠ ᠭᠢᠵᠦ᠂ ᠤᠯᠠᠨ ᠤᠳᠠᠭ᠎ᠠ ᠵᠢᠨ ᠵᠠᠩᠭᠢᠯᠠᠭ᠎ᠠ᠎ᠶ᠋ᠢᠨ ᠪᠦᠮᠪᠦᠭᠡ ᠵᠢ ᠬᠤᠷᠢᠬᠯᠠᠵᠤ᠂ ᠡᠴᠦᠰ᠎ᠲᠡᠭᠡᠨ 0 ᠄ 0 ᠪᠡᠷ ᠬᠠᠢᠨᠴᠠᠪᠠ᠃
ᠲᠤᠤᠷ᠎ᠠ ᠬᠠᠭᠠᠰ ᠲᠠᠯᠠᠪᠠᠢ ᠳ᠋ᠦ ᠬᠤᠶᠠᠷ ᠠᠩᠬᠢ ᠵᠢᠨ ᠬᠢᠨ᠎ᠤ ᠬᠦᠴᠦᠨ ᠨᠢ ᠤᠬᠳᠤᠬᠠᠨ ᠪᠠᠭᠤᠷᠠᠬᠰᠠᠨ᠎ᠦᠭᠡᠢ᠂ ᠬᠣᠶᠠᠷ ᠲᠠᠯ᠎ᠠ᠎ᠪᠠᠷ ᠵᠢᠡᠨ ᠣᠯᠠᠨ ᠤᠳᠠᠭ᠎ᠠ ᠬᠠᠷᠢᠯᠴᠠᠨ ᠲᠠᠭᠠᠷᠢᠯᠲᠠ ᠬᠢᠵᠦ᠂ ᠬᠣᠶᠠᠷ ᠠᠩᠭᠢ᠎ᠶ᠋ᠢᠨ ᠪᠥᠮᠪᠦᠭᠡᠨ ᠬᠣᠷᠤᠬᠠᠢᠳᠠᠳᠤᠨ ᠤᠷᠮ᠎ᠠ ᠰᠡᠳᠭᠢᠯᠭᠡ ᠪᠤᠴᠠᠯᠵᠤ᠂ ᠲᠠᠰᠤᠷᠠᠯᠲᠠ᠎ᠦᠭᠡᠢ ᠲᠤᠭ ᠳᠠᠯᠪᠠᠭ᠎ᠠ ᠬᠡᠢᠰᠭᠡᠨ᠂ ᠥᠨᠳᠦᠷ ᠳᠠᠭᠤᠨ᠎ᠢᠶᠠᠷ ᠤᠤᠬᠠᠢᠯᠠᠨ᠂ ᠥᠪᠡᠷ ᠥᠪᠡᠷ᠎ᠦᠨ ᠲᠡᠮᠵᠢᠵᠦ ᠪᠠᠢᠭ᠎ᠠ ᠪᠥᠮᠪᠦᠭᠡᠨ ᠠᠩᠭᠢᠳ᠋ᠠᠭᠠᠨ ᠤᠷᠮ᠎ᠠ ᠵᠤᠷᠢᠬ ᠬᠠᠢᠷᠠᠯᠠᠪᠠ᠃ ᠤᠷᠤᠯᠳᠤᠭᠠᠨ᠎ᠤ ᠬᠠᠮᠤᠭ᠎ᠤᠨ ᠰᠡᠭᠦᠯ᠎ᠦᠨ ᠨᠢᠭᠡ ᠮᠢᠨᠦ᠋ᠲ᠎ᠲᠦ᠍ ᠤᠨᠴᠠ ᠰᠢᠷᠦᠭᠦᠨ ᠦᠷᠢᠰᠦᠯᠳᠦᠭᠰᠡᠨ ᠪᠤᠯᠪᠠᠴᠤ ᠬᠣᠶᠠᠷ ᠠᠩᠭᠢ ᠵᠢᠨ ᠬᠢᠨ ᠮᠥᠨᠬᠦ ᠬᠠᠷᠢᠯᠴᠠᠨ ᠡᠭᠦᠳᠡ ᠡᠪᠳᠡᠵᠦ ᠪᠥᠮᠪᠦᠭᠡ ᠤᠷᠤᠭᠤᠯᠵᠤ ᠳᠡᠢᠯᠦᠭᠰᠡᠨ᠎ᠦᠭᠡᠢ᠂ ᠪᠦᠬᠦ᠌ ᠲᠠᠯᠠᠪᠠᠢ᠎ᠶ᠋ᠢᠨ ᠤᠷᠤᠯᠳᠤᠭᠠᠨ᠎ᠨᠢ ᠡᠴᠦᠰ᠎ᠲᠡᠬᠡᠨ 0 ᠄ 0 ᠪᠡᠷ ᠬᠠᠢᠨᠴᠠᠪᠠ᠃