ᠣᠯᠠᠨ ᠲᠦᠮᠡᠨᠴᠢ 《ᠭᠤᠷᠪᠠᠨ ᠲᠣᠮᠣ᠌ ᠪᠥᠮᠪᠥᠭᠡ》 ᠶ᠋ᠢᠨ ᠰᠢᠷᠢᠰ ᠤᠷᠤᠯᠳᠤᠭᠠᠨ᠎ᠤ ᠰᠠᠭᠰᠤᠨ ᠪᠥᠮᠪᠥᠭᠡ᠎ᠶᠢᠨ ᠤᠷᠤᠯᠳᠤᠭᠠᠨ ᠡᠬᠢᠯᠡᠪᠡ
2026-07-06 11:53:33
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 28᠎ᠤ᠋ ᠦᠳᠡ᠎ᠶᠢᠨ ᠬᠣᠢᠨ᠎ᠠ᠂ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠭᠰᠡᠨ 2026 ᠣᠨ᠎ᠤ ᠣᠯᠠᠨ ᠲᠦᠮᠡᠨᠴᠢ 《ᠭᠤᠷᠪᠠᠨ ᠲᠣᠮᠣ᠌ ᠪᠥᠮᠪᠥᠭᠡ》 ᠵᠢᠨ ᠰᠢᠷᠢᠰ ᠤᠷᠤᠯᠳᠤᠭᠠᠨ ᠬᠦᠬᠡᠬᠤᠲᠠ᠎ᠶᠢᠨ ᠰᠢᠨᠬᠤᠸᠠ MALL ᠰᠠᠭᠰᠤᠨ ᠪᠥᠮᠪᠥᠭᠡ᠎ᠶᠢᠨ ᠤᠷᠤᠯᠳᠤᠭᠠᠨ᠎ᠤ ᠲᠠᠯᠠᠪᠤᠷ᠎ᠲᠤ ᠡᠬᠢᠯᠡᠪᠡ᠃

ᠲᠣᠰ ᠤᠳᠠᠭᠠᠨ᠎ᠤ ᠤᠷᠤᠯᠳᠤᠭᠠᠨ᠎ᠨᠢ  ᠪᠥᠬᠥ ᠬᠣᠲᠠ᠎ᠶᠢᠨ ᠪᠦᠬᠦᠯᠢ 16 ︱ 45 ᠨᠠᠰᠤᠨ᠎ᠤ ᠰᠠᠭᠰᠤᠨ ᠪᠥᠮᠪᠥᠭᠡ᠎ᠶᠢᠨ ᠪᠠᠬᠠᠲᠠᠳ᠎ᠲᠤ  ᠬᠠᠨᠳᠤᠭᠤᠯᠤᠨ ᠰᠦᠢᠳᠬᠡᠯ ᠬᠤᠷᠢᠶᠠᠬᠤ ᠦᠭᠡᠢ᠎ᠪᠡᠷ ᠨᠡᠷ᠎ᠡ ᠮᠡᠳᠡᠭᠦᠯᠵᠦ᠂ ᠡᠴᠦᠰ᠎ᠲᠡᠬᠡᠨ ᠨᠡᠶ᠋ᠢᠲᠡ 24 ᠡᠩᠨᠡᠭᠡ᠎ᠶᠢ ᠰᠣᠩᠭᠣᠵᠤ ᠤᠷᠤᠯᠳᠤᠭᠠᠨ᠎ᠳᠤ ᠣᠷᠣᠯᠴᠠᠭᠤᠯᠪᠠ᠃ ᠤᠷᠤᠯᠳᠤᠭᠠᠨ ᠳ᠋ᠤ ᠭᠤᠷᠪᠠᠨ ᠬᠥᠮᠥᠨ᠎ᠦ ᠰᠠᠭᠰᠤᠨ ᠪᠥᠮᠪᠥᠭᠡ᠎ᠶᠢᠨ ᠪᠠᠷᠢᠮᠵᠢᠶᠠᠵᠢᠭ᠍ᠰᠠᠨ ᠤᠷᠤᠯᠳᠤᠭᠠᠨ᠎ᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠤᠰᠬᠠᠢ ᠮᠡᠷᠭᠡᠵᠢᠯ᠎ᠦᠨ ᠬᠢᠨᠠᠨ ᠰᠢᠭᠦᠬᠦ ᠪᠦᠯᠬᠦᠮ ᠪᠥᠬᠥ ᠶᠠᠪᠤᠴᠠ᠎ᠳᠤ ᠬᠢᠨᠠᠨ ᠲᠠᠰᠤᠯᠤᠯᠲᠠ ᠬᠢᠵᠦ᠂ ᠤᠷᠤᠯᠳᠤᠭᠠᠨ᠎ᠳᠤ ᠣᠷᠣᠯᠴᠠᠭᠰᠠᠳ᠎ᠲᠤ ᠵᠢᠷᠤᠮᠵᠢᠭ᠍ᠰᠠᠨ ᠠᠮᠤᠷ ᠲᠦᠪᠰᠢᠨ ᠤᠷᠤᠯᠳᠤᠭᠠᠨ᠎ᠤ ᠣᠷᠴᠢᠨ ᠲᠣᠭᠣᠷᠢᠨ᠎ᠢ ᠪᠣᠶ ᠪᠣᠯᠭᠠᠵᠤ ᠦᠭᠴᠠᠢ᠃

ᠤᠷᠤᠯᠳᠤᠭᠠᠨ᠎ᠤ ᠵᠠᠪᠰᠠᠷ᠎ᠲᠤ᠂ ᠪᠦᠬᠦ ᠠᠷᠠᠳ᠎ᠤᠨ ᠭᠤᠷᠪᠠᠨ ᠬᠤᠪᠢ᠎ᠶᠢᠨ ᠪᠥᠮᠪᠥᠭᠡ᠎ᠶᠢᠨ ᠰᠣᠨᠢᠷᠬᠠᠯᠳᠦ ᠥᠷᠢᠰᠦᠯᠳᠦᠭᠡᠨᠳᠦ ᠤᠷᠤᠯᠳᠤᠭᠠᠨ ᠵᠡᠷᠭᠡ ᠪᠡᠷ ᠶᠠᠪᠤᠭᠳᠠᠵᠤ᠂ ᠲᠤᠬᠠᠢ᠎ᠶᠢᠨ ᠲᠠᠯᠠᠪᠠᠢ᠎ᠶᠢᠨ ᠤᠷᠤᠯᠳᠤᠭᠠᠨ᠎ᠢ ᠰᠣᠨᠢᠷᠬᠠᠭ᠍ᠴᠢ ᠬᠤᠳᠠ᠎ᠶᠢᠨ ᠠᠷᠠᠳ᠂ ᠰᠠᠭᠰᠤᠨ ᠪᠥᠮᠪᠥᠭᠡ᠎ᠳᠦ ᠪᠠᠬᠠᠲᠠᠢ ᠬᠥᠮᠥᠰ ᠡᠭᠡᠯᠵᠢᠯᠡᠨ ᠲᠠᠯᠠᠪᠠᠢ᠎ᠳᠤ ᠣᠷᠣᠵᠤ ᠰᠠᠭᠰᠤᠯᠠᠨ ᠮᠥᠷᠥᠢᠴᠡᠵᠦ᠂ ᠨᠠᠰᠤᠨ᠎ᠤ ᠢᠯᠭᠠᠯ ᠦᠭᠡᠢ᠂ ᠬᠢᠷᠢ ᠲᠦᠪᠰᠢᠨ᠎ᠦ ᠬᠢᠵᠠᠭᠠᠷᠯᠠᠯ ᠦᠭᠡᠢ᠎ᠪᠡᠷ ᠬᠥᠮᠥᠨ ᠪᠣᠯᠭᠠᠨ ᠰᠠᠭᠰᠤᠨ ᠪᠥᠮᠪᠥᠭᠡ᠎ᠶᠢᠨ ᠬᠠᠪᠤ ᠴᠡᠩᠭᠡᠯ᠎ᠢ ᠡᠳ᠋ᠯᠡᠪᠡ᠃ ᠲᠣᠮᠣ᠌ ᠳᠡᠯᠭᠡᠴᠡ᠎ᠪᠡᠷ ᠤᠷᠤᠯᠳᠤᠭᠠᠨ᠎ᠤ ᠬᠢᠷᠢ ᠪᠦᠲᠦᠮᠵᠢ ᠪᠣᠯᠣᠨ ᠤᠬᠠᠭᠤᠯᠭ᠎ᠠ᠎ᠶᠢᠨ ᠠᠭᠤᠯᠭ᠎ᠠ᠎ᠶᠢ ᠡᠭᠡᠯᠵᠢᠯᠡᠨ ᠨᠠᠪᠲᠠᠷᠡᠭᠦᠯᠵᠦ᠂ ᠤᠷᠤᠯᠳᠤᠭᠠᠨ᠎ᠤ ᠲᠠᠯᠠᠪᠤᠷ ᠬᠦᠷ ᠬᠦᠭᠵᠢᠶᠡᠨ᠎ᠶ᠋ᠢᠡᠷ ᠪᠢᠯᠬᠠᠵᠤ ᠪᠠᠢᠯ᠎ᠠ᠃ ᠲᠤᠰ ᠤᠳᠠᠭᠠᠨ᠎ᠤ ᠰᠠᠭᠰᠤᠨ ᠪᠥᠮᠪᠥᠭᠡ ᠶ᠋ᠢᠨ ᠤᠷᠤᠯᠳᠤᠭᠠᠨ ᠨᠢ 7 ᠰᠠᠷ᠎ᠠ ᠶ᠋ᠢᠨ 5᠎ᠤ᠋ ᠡᠳᠦᠷ ᠪᠣᠯᠲᠠᠯ᠎ᠠ ᠦᠷᠭᠦᠯᠵᠢᠯᠡᠵᠦ᠂ ᠨᠤᠭᠤᠯᠤᠭ᠎ᠠ ᠤᠷᠤᠯᠳᠤᠭᠠᠨ᠂ ᠬᠠᠭᠠᠰ ᠰᠢᠢᠳᠪᠦᠷᠢᠲᠦ ᠤᠷᠤᠯᠳᠤᠭᠠᠨ᠂ ᠶᠡᠷᠦᠩᠬᠡᠢ ᠰᠢᠢᠳᠪᠦᠷᠢᠲᠦ ᠤᠷᠤᠯᠳᠤᠭᠠᠨ ᠵᠢᠡᠷ ᠲᠠᠮᠵᠢᠨ ᠡᠷᠡᠭᠲᠡᠢ ᠡᠮᠡᠭᠲᠡᠢ ᠶ᠋ᠢᠨ ᠳᠤᠭᠤᠢᠯᠠᠩ᠎ᠤᠨ ᠮᠠᠩᠯᠠᠢ ᠳᠡᠳ᠋ ᠭᠤᠷᠪᠠᠳᠤᠭᠠᠷ ᠲᠡᠰ᠎ᠢ ᠰᠢᠯᠭᠠᠷᠠᠭᠤᠯᠬᠤ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号